ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-27 13:23:16

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

2 ᠰᠠᠷ᠎ᠠ ᠎ᠶ᠋ᠢᠨ 25 ᠎ᠤ ᠡᠳᠦᠷ᠂ ᠰᠤᠷᠪᠤᠯᠵᠢᠯᠠᠭ᠍ᠴᠢ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ ᠎ᠶ᠋ᠢᠨ ᠲᠣᠪᠴᠢᠶ᠎ᠠ ᠡᠴᠡ ᠣᠢᠯᠠᠭᠠᠭ᠍ᠰᠠᠨ᠎ᠢᠶᠠᠷ᠂ ᠬᠥᠬᠡᠬᠣᠲᠠ ᠣᠷᠣᠨ᠎ᠤ ᠬᠢᠵᠢᠭ᠎ᠦᠨ ᠪᠠᠢᠳᠠᠯ ᠬᠦᠨᠳᠦ ᠬᠡᠴᠡᠭᠦᠦ᠍᠎ᠡᠴᠡ ᠪᠣᠯᠵᠣ᠂ ᠮᠠᠰᠢ ᠣᠯᠠᠨ ᠠᠶᠠᠨᠴᠢᠳ ᠭᠠᠯᠲᠤ ᠲᠡᠷᠭᠡᠨ᠎ᠳᠦ ᠰᠠᠭᠤᠵᠤ ᠠᠶᠠᠯᠠᠬᠤ ᠬᠣᠯᠪᠣᠭ᠍ᠳᠠᠯ ᠪᠥᠬᠥᠶ ᠠᠰᠠᠭᠤᠳᠠᠯ᠎ᠢ ᠠᠰᠠᠭᠤᠨ ᠯᠠᠪᠯᠠᠵᠤ ᠪᠠᠢᠭ᠎ᠠ ᠪᠠᠢᠳᠠᠯ᠎ᠳᠦ ᠵᠤᠷᠢᠭᠤᠯᠤᠨ ᠳᠤᠮᠳᠠᠳᠤ᠎ᠤᠯᠤᠰ᠎ᠤᠨ᠎ᠲᠡᠮᠦᠷ᠎ᠵᠠᠮ᠎ᠤᠨ᠎ᠬᠥᠬᠡᠬᠣᠲᠠ᠎ᠶ᠋ᠢᠨ᠎ᠲᠣᠪᠴᠢᠶ᠎ᠠ ᠠᠶᠠᠨᠴᠢᠳ᠎ᠤᠨ ᠠᠩᠬᠠᠷᠴᠤ᠌ ᠪᠠᠢᠭ᠎ᠠ ᠬᠠᠯᠠᠮᠱᠢᠯ ᠠᠰᠠᠭᠤᠯᠳᠠ᠎ᠳᠦ ᠲᠤᠪᠴᠢ ᠬᠠᠷᠢᠭᠤᠯᠲᠠ ᠥᠭ᠌ᠪᠡ᠃

1᠂ ᠬᠥᠬᠡᠬᠣᠲᠠ ᠥᠷᠲᠡᠭᠡ᠂ ᠬᠥᠬᠡᠬᠣᠲᠠ ᠵᠡᠭᠦᠨ ᠥᠷᠲᠡᠭᠡ ᠣᠲᠣ ᠬᠡᠪ ᠎ᠤᠨ ᠪᠠᠢᠳᠠᠯ ᠵᠢᠡᠷ ᠲᠡᠷᠭᠡᠨ᠎ᠳᠦ ᠰᠠᠭᠤᠵᠤ ᠪᠣᠯᠤᠨ᠎ᠠ ᠦᠦ?

ᠬᠠᠷᠢᠭᠤᠯᠲᠠ᠄ ᠣᠳᠣᠬᠠᠨ ᠪᠣᠯᠲᠠᠯ᠎ᠠ᠂ ᠬᠥᠬᠡᠬᠣᠲᠠ ᠎ᠶ᠋ᠢᠨ ᠬᠠᠷᠢᠶ᠎ᠠ ᠬᠥᠬᠡᠬᠣᠲᠠ ᠥᠷᠲᠡᠭᠡ᠂ ᠬᠥᠬᠡᠬᠣᠲᠠ᠎ᠶ᠋ᠢᠨ ᠵᠡᠭᠦᠨ ᠥᠷᠲᠡᠭᠡ᠂ ᠴᠠᠭᠠᠰᠤᠴᠢ ᠥᠷᠲᠡᠭᠡ᠂ ᠲᠣᠭ᠍ᠲᠠᠬᠤ ᠵᠡᠭᠦᠨ ᠥᠷᠲᠡᠭᠡ ᠵᠡᠷᠭᠡ 4 ᠠᠶᠠᠨᠴᠢᠳ ᠎ᠤᠨ ᠲᠡᠭᠡᠭᠡᠪᠦᠷᠢ᠎ᠶ᠋ᠢᠨ ᠥᠷᠲᠡᠭᠡ ᠴᠥᠮ ᠬᠡᠪ ᠎ᠦᠨ ᠶᠣᠰᠣᠭᠠᠷ ᠡᠵᠡᠩᠨᠡᠵᠦ᠍ ᠪᠣᠶ᠃

2᠂ ᠬᠥᠬᠡᠬᠣᠲᠠ᠎ᠶ᠋ᠢᠨ ᠭᠠᠯᠲᠤ ᠲᠡᠷᠭᠡᠨ ᠥᠷᠲᠡᠭᠡ ᠎ᠪᠡᠷ ᠣᠷᠣᠵᠤ ᠭᠠᠷᠬᠤ ᠳ᠋ᠤ ᠶᠠᠮᠠᠷ ᠱᠠᠭᠠᠷᠳᠠᠯᠭ᠎ᠠ᠎ᠲᠠᠶ ᠪᠣᠶ?

ᠬᠠᠷᠢᠭᠤᠯᠲᠠ᠄ ᠬᠥᠬᠡᠬᠣᠲᠠ ᠥᠷᠲᠡᠭᠡ᠂ ᠬᠥᠬᠡᠬᠣᠲᠠ᠎ᠶ᠋ᠢᠨ ᠵᠡᠭᠦᠨ ᠥᠷᠲᠡᠭᠡ᠂ ᠲᠣᠭ᠍ᠲᠠᠬᠤ ᠵᠡᠭᠦᠨ ᠥᠷᠲᠡᠭᠡ᠂ ᠴᠠᠭᠠᠰᠤᠴᠢ ᠥᠷᠲᠡᠭᠡ᠎ᠡᠴᠡ ᠭᠠᠳᠠᠭ᠍ᠰᠢ ᠭᠠᠷᠬᠤ ᠠᠶᠠᠨᠴᠢᠳ ᠡᠷᠬᠡᠪᠰᠢ ᠪᠡᠶ᠎ᠡ᠎ᠶ᠋ᠢᠨ ᠳᠤᠯᠠᠭᠠᠨ᠎ᠨᠢ ᠬᠡᠪ᠎ᠦᠨ ᠪᠠᠢᠵᠤ᠂ ᠡᠷᠡᠭᠦᠯ ᠮᠡᠨᠳᠦ᠍᠎ᠶ᠋ᠢᠨ ᠨᠤᠭᠤᠭᠠᠨ ᠺᠣᠳ᠋ ᠪᠠ 48 ᠴᠠᠭ᠎ᠤᠨ ᠳᠣᠲᠣᠷᠠᠬᠢ ᠪᠥᠭᠡᠮ ᠬᠦᠴᠢᠯ᠎ᠦᠨ ᠪᠠᠢᠴᠠᠭᠠᠯᠲᠡ᠎ᠶ᠋ᠢᠨ ᠪᠢᠯᠢᠭ ᠴᠢᠨᠠᠷ᠎ᠤᠨ ᠭᠡᠷᠡᠴᠢ ᠪᠡᠨ ᠦᠵᠡᠭᠦᠯᠬᠦ᠌ ᠬᠡᠷᠡᠭ᠌ᠲᠡᠶ᠃ ᠬᠥᠬᠡᠬᠣᠲᠠ ᠥᠷᠲᠡᠭᠡ᠂ ᠬᠥᠬᠡᠬᠣᠲᠠ ᠎ᠶ᠋ᠢᠨ ᠵᠡᠭᠦᠨ ᠥᠷᠲᠡᠭᠡ᠂ ᠲᠣᠭ᠍ᠲᠠᠬᠤ ᠵᠡᠭᠦᠨ ᠥᠷᠲᠡᠭᠡ᠂ ᠴᠠᠭᠠᠰᠤᠴᠢ ᠥᠷᠲᠡᠭᠡ᠎ᠳᠦ ᠪᠤᠴᠠᠬᠤ ᠠᠶᠠᠨᠴᠢᠳ ᠡᠷᠬᠡᠪᠰᠢ ᠪᠡᠶ᠎ᠡ ᠎ᠶ᠋ᠢᠨ ᠳᠤᠯᠠᠭᠠᠨ ᠎ᠨᠢ ᠬᠡᠪ ᠎ᠦᠨ ᠪᠠᠢᠵᠤ᠂ ᠬᠥᠬᠡᠬᠣᠲᠠ᠎ᠶ᠋ᠢᠨ ᠴᠠᠭᠳᠠᠭᠠᠨ ᠎ᠤ ᠺᠣᠳ᠋᠂ ᠠᠶᠠᠯᠠᠯ᠎ᠤᠨ ᠨᠤᠭᠤᠭᠠᠨ ᠺᠣᠳ᠋ ᠎ᠢᠶᠠᠨ ᠭᠠᠷᠭᠠᠨ ᠦᠵᠡᠭᠦᠯᠵᠦ᠍᠂ ᠬᠢᠵᠢᠭ ᠎ᠦᠨ ᠪᠠᠢᠳᠠᠯ ᠳᠤᠮᠳᠠ ᠥᠨᠳᠥᠷ ᠲᠦᠭ᠌ᠰᠢᠭᠦᠷᠢᠲᠡᠶ ᠭᠠᠵᠠᠷ ᠣᠷᠣᠨ᠎ᠠᠴᠠ ᠢᠷᠡᠭ᠌ᠰᠡᠨ ᠠᠶᠠᠨᠴᠢᠳ ᠡᠷᠬᠡᠪᠰᠢ 48 ᠴᠠᠭ᠎ᠤᠨ ᠳᠣᠲᠣᠷᠠᠬᠢ ᠪᠥᠭᠡᠮ ᠬᠦᠴᠢᠯ᠎ᠦᠨ ᠪᠠᠢᠴᠠᠭᠠᠯᠲᠡ ᠎ᠵᠢᠨ ᠪᠢᠯᠢᠭ ᠴᠢᠨᠠᠷ᠎ᠤᠨ ᠭᠡᠷᠡᠴᠢ᠎ᠪᠡᠨ ᠭᠠᠷᠭᠠᠨ ᠦᠵᠡᠭᠦᠯᠬᠦ᠌ ᠬᠡᠷᠡᠭ᠌ᠲᠡᠶ᠃

3᠂ ᠬᠥᠬᠡᠬᠣᠲᠠ ᠥᠷᠲᠡᠭᠡ ᠎ᠳᠦ ᠣᠳᠣ ᠬᠡᠳᠦᠶ ᠭᠠᠯᠲᠤ ᠲᠡᠷᠭᠡᠨ ᠎ᠤ ᠠᠶᠠᠯᠠᠯ ᠵᠤᠭᠰᠤᠭᠰᠠᠨ ᠪᠤᠶ?

ᠬᠠᠷᠢᠭᠤᠯᠲᠠ᠄ ᠬᠢᠵᠢᠭ ᠎ᠦᠨ ᠨᠥᠯᠥᠭᠡ ᠎ᠡᠴᠡ ᠪᠣᠯᠵᠣ᠂ ᠬᠥᠬᠡᠬᠣᠲᠠ ᠡᠴᠡ ᠮᠤᠷᠳᠠᠬᠤ ᠬᠡᠰᠡᠭ ᠠᠶᠠᠨᠴᠢᠳ᠎ᠤᠨ ᠭᠠᠯᠲᠤ ᠲᠡᠷᠭᠡ ᠠᠶᠠᠯᠠᠯ ᠵᠢᠡᠨ ᠵᠤᠭᠰᠤᠵᠤ (ᠥᠩᠭᠡᠷᠡᠵᠦ᠍ ᠭᠠᠷᠬᠤ᠂ ᠡᠴᠦᠰ᠎ᠤᠨ ᠦᠷᠲᠡᠭᠡ) ᠂ ᠥᠷᠭᠡᠨ ᠣᠯᠠᠨ ᠠᠶᠠᠨᠴᠢᠳ ᠲᠡᠮᠦᠷ ᠵᠠᠮ ᠎ᠤᠨ ᠰᠠᠯᠠᠭ᠎ᠠ ᠮᠥᠴᠢᠷ᠎ᠦᠨ 12306 ᠰᠦᠯᠵᠢᠶᠡᠨ ᠥᠷᠲᠡᠭᠡ ( App ᠰᠢᠯᠵᠢᠶ᠎ᠡ ) ᠎ᠳ᠋ᠤ ᠭᠠᠷᠴᠤ᠌ ᠬᠠᠮᠤᠭ᠎ᠤᠨ ᠱᠢᠨ᠎ᠡ ᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠪᠠᠢᠴᠠᠭᠠᠨ ᠯᠠᠪᠯᠠᠭᠠᠷᠠᠢ᠃

4᠂ ᠭᠠᠯᠲᠤ ᠲᠡᠷᠭᠡᠨ᠎ᠦ ᠪᠢᠯᠧᠲ ᠬᠤᠳᠠᠯᠳᠤᠨ ᠠᠪᠤᠭ᠍ᠰᠠᠨ ᠡᠭᠡᠯᠵᠢ ᠵᠢᠨ ᠭᠠᠯᠲᠤ ᠲᠡᠷᠭᠡ ᠨᠢ ᠲᠡᠭᠡᠭᠡᠪᠦᠷᠢ᠎ᠪᠡᠨ ᠵᠣᠭ᠍ᠰᠣᠪᠠᠯ ᠶᠠᠭᠠᠬᠢᠬᠤ ᠪᠤᠶ?

ᠬᠠᠷᠢᠭᠤᠯᠲᠠ᠄ ᠬᠡᠷᠪᠡ ᠲᠠᠨ᠎ᠤ ᠲᠡᠷᠭᠡᠨ᠎ᠦ ᠡᠭᠡᠯᠵᠢ ᠴᠢᠨᠢ ᠠᠯᠪᠠᠨ᠎ᠤ ᠲᠠᠯ᠎ᠠ᠎ᠶ᠋ᠢᠨ ᠵᠠᠷᠯᠠᠯ ᠨᠡᠢᠲᠡᠯᠡᠵᠤ ᠠᠶᠠᠯᠠᠯ ᠵᠢᠡᠨ ᠵᠣᠭ᠍ᠰᠣᠭ᠍ᠰᠠᠨ ᠪᠠᠢᠪᠠᠯ᠂ ᠲᠠ ᠴᠠᠭ ᠲᠤᠬᠠᠶ᠎ᠳᠤᠨᠢ ᠠᠶᠠᠯᠠᠯ᠎ᠢᠶᠠᠨ ᠰᠣᠯᠢᠬᠤ ᠬᠡᠷᠡᠭ᠌ᠲᠡᠶ ᠪᠥᠭᠡᠳ ᠪᠢᠯᠧᠲ ᠳᠡᠭᠡᠷᠡᠬᠢ ᠡᠳᠦᠷ ᠬᠤᠭᠤᠴᠠᠭ᠎ᠠ ᠎ᠶ᠋ᠢ ᠲᠡᠷᠭᠡᠨ᠎ᠳᠦ ᠰᠠᠭᠤᠭ᠍ᠰᠠᠨ ᠡᠳᠦᠷ᠎ᠡᠴᠡ ᠡᠬᠢᠯᠡᠨ 30 ᠡᠳᠦᠷ᠎ᠦᠨ ᠳᠣᠲᠣᠷ᠎ᠠ ᠪᠢᠯᠧᠲ ᠪᠤᠴᠠᠭᠠᠬᠤ ᠭᠠᠷ ᠭᠦᠶ᠋ᠴᠡᠳᠭᠡᠯ ᠬᠢᠬᠦ᠌ ᠬᠡᠷᠡᠭ᠌ᠲᠡᠶ᠃

5᠂᠎ᠬᠥᠬᠡᠬᠣᠲᠠ᠎ᠠᠴᠠ᠎ᠭᠠᠯᠲᠤ᠎ᠲᠡᠷᠭᠡᠨ᠎ᠳᠦ᠎ᠰᠠᠭᠤᠵᠤ᠎ᠵᠣᠷᠢᠭ᠍ᠰᠠᠨ ᠭᠠᠵᠠᠷ᠎ᠲᠠᠭᠠᠨ ᠬᠦᠷᠦᠭ᠌ᠰᠡᠨ᠎ᠦ ᠳᠠᠷᠠᠭ᠎ᠠ ᠲᠤᠰᠠᠭᠠᠷᠯᠠᠭ᠍ᠳᠠᠬᠤ ᠦᠦ?

ᠬᠠᠷᠢᠭᠤᠯᠲᠠ᠄ ᠥᠷᠭᠡᠨ ᠣᠯᠠᠨ ᠠᠶᠠᠨᠴᠢᠳ ᠭᠠᠳᠠᠭ᠍ᠰᠢ ᠭᠠᠷᠬᠤ᠎ᠠᠴᠠ ᠡᠮᠦᠨ᠎ᠡ᠂ ᠵᠣᠷᠢᠭ᠍ᠰᠠᠨ ᠭᠠᠵᠠᠷ᠎ᠤᠨ᠎ᠢᠶᠠᠨ ᠬᠢᠵᠢᠭ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠲᠥᠷᠥ ᠎ᠶ᠋ᠢᠨ ᠪᠣᠳᠣᠯᠭ᠎ᠠ ᠎ᠶ᠋ᠢᠨ ᠱᠠᠭᠠᠷᠳᠠᠯᠭ᠎ᠠ᠎ᠶ᠋ᠢ ᠤᠷᠢᠳᠴᠢᠯᠠᠨ ᠤᠢᠯᠠᠭᠠᠨ ᠡᠵᠡᠮᠱᠢᠵᠦ᠍᠂ ᠠᠶᠠᠨ ᠵᠠᠮ᠎ᠢᠶᠠᠨ ᠰᠠᠭᠠᠲᠠᠭᠠᠬᠤ᠎ᠠᠴᠠ ᠵᠠᠢᠯᠠᠰᠭᠢᠬᠦ᠌ ᠬᠡᠷᠡᠭ᠌ᠲᠡᠶ᠃

ᠣᠳᠣᠬᠠᠨ᠎ᠳᠤ ᠬᠢᠵᠢᠭ᠎ᠦᠨ ᠪᠠᠢᠳᠠᠯ ᠨᠠᠷᠢᠨ ᠪᠤᠳᠤᠯᠢᠶᠠᠨᠲᠠᠶ ᠪᠠᠢᠨ᠎ᠠ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ᠎ᠶ᠋ᠢᠨ ᠲᠣᠪᠴᠢᠶ᠎ᠠ ᠴᠢᠬᠤᠯᠠ ᠱᠠᠭᠠᠷᠳᠠᠯᠭ᠎ᠠ ᠥᠬᠡᠶ ᠪᠣᠯ ᠭᠠᠳᠠᠭ᠍ᠰᠢ ᠭᠠᠷᠬᠤ ᠥᠬᠡᠶ ᠪᠠᠢᠵᠤ᠂ ᠭᠠᠳᠠᠭ᠍ᠰᠢ ᠭᠠᠷᠬᠤ ᠴᠢᠬᠤᠯᠠᠲᠠᠶ ᠠᠶᠠᠨᠴᠢᠳ ᠎ᠢ ᠬᠤᠪᠢ ᠬᠥᠮᠦᠨ ᠎ᠦ ᠰᠡᠷᠭᠡᠢᠯᠡᠯᠲᠡ ᠬᠠᠮᠠᠭᠠᠯᠠᠯᠲᠠ ᠎ᠪᠠᠨ ᠰᠠᠢᠲᠤᠷ ᠬᠢᠭᠡᠷᠡᠶ ᠭᠡᠵᠦ᠍ ᠰᠠᠨᠠᠭᠤᠯᠵᠤ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面