2022-02-27 11:34:56
2 ᠰᠠᠷ᠎ᠠ᠎ᠶ᠋ᠢᠨ 26᠎ᠤ᠋ ᠡᠳᠦᠷ᠎ᠦᠨ 16 ᠴᠠᠭ᠎ᠲᠤ᠂ ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ᠂ 2022 ᠣᠨ᠎ᠤ 2 ᠰᠠᠷ᠎ᠠ᠎ᠶ᠋ᠢᠨ 26 ᠤ᠋ ᠡᠳᠦᠷ᠎ᠦᠨ 14 ᠴᠠᠭ ᠪᠣᠯᠲᠠᠯ᠎ᠠ᠂ ᠲᠤᠰ ᠡᠭᠡᠯᠵᠢ᠎ᠵᠢᠨ ᠬᠢᠵᠢᠭ᠎ᠦᠨ ᠪᠠᠢᠳᠠᠯ᠎ᠳ᠋ᠤ ᠬᠦᠬᠡᠬᠤᠳᠠ ᠲᠤᠬᠠᠢ᠎ᠵᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠣᠨᠣᠱᠢᠯᠠᠭ᠍ᠳᠠᠭᠰᠠᠨ ᠡᠪᠡᠳᠴᠢᠨ᠎ᠦ ᠵᠢᠱ᠌ᠢᠶ᠎ᠡ᠎ᠵᠢ ᠨᠡᠢᠳᠡ 335 ᠮᠡᠳᠡᠬᠦᠯᠵᠤ᠂ 2 ᠰᠠᠷ᠎ᠠ᠎ᠶ᠋ᠢᠨ 25 ᠤ᠋ ᠡᠳᠦᠷ ᠪᠠᠰᠠ 7 ᠡᠪᠡᠳᠴᠢᠲᠡᠨ ᠡᠳᠡᠭᠡᠷᠡᠨ ᠡᠮᠨᠡᠯᠭᠡ᠎ᠡᠴᠡ ᠭᠠᠷᠴᠤ᠌᠂16 ᠡᠪᠡᠳᠴᠢᠲᠡᠨ ᠵᠠᠯᠭᠠᠭ᠎ᠠ ᠪᠡᠷ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠡᠪᠡᠳᠴᠢᠲᠡᠨ᠎ᠤ ᠡᠮᠨᠡᠯᠭᠡ᠎ᠡᠴᠡ ᠭᠠᠷᠬᠤ ᠪᠠᠷᠢᠮᠵᠢᠶ᠎ᠠ᠎ᠳᠤ ᠨᠡᠢᠴᠡᠵᠦ᠂ ᠤᠳᠤᠪᠦᠬᠦ ᠬᠤᠳᠠ᠎ᠳᠦ ᠲᠤᠬᠠᠢ᠎ᠵᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠣᠨᠣᠱᠢᠯᠠᠭ᠍ᠳᠠᠭᠰᠠᠨ ᠡᠪᠡᠳᠴᠢᠨ᠎ᠦ ᠵᠢᠱ᠌ᠢᠶ᠎ᠡ 319 ᠪᠠᠢᠨ᠎ᠠ ᠭᠡᠵᠦ ᠨᠡᠢᠳᠡᠯᠡᠪᠡ᠃
2 ᠰᠠᠷ᠎ᠠ᠎ᠶ᠋ᠢᠨ 17 ᠤ᠋ ᠡᠳᠦᠷ᠎ᠡᠴᠡ 2 ᠰᠠᠷ᠎ᠠ᠎ᠶ᠋ᠢᠨ 26 ᠤ᠋ ᠡᠳᠦᠷ ᠪᠣᠯᠲᠠᠯ᠎ᠠ᠂ ᠬᠥᠬᠡᠬᠣᠲᠠ ᠨᠢᠭᠡᠨᠲᠡ ᠨᠠᠶ᠋ᠮᠠᠨ ᠡᠭᠡᠯᠵᠢ᠎ᠶ᠋ᠢᠨ ᠪᠥᠭᠡᠮ ᠬᠦᠴᠢᠯ᠎ᠦᠨ ᠪᠠᠢᠴᠠᠭᠠᠯᠲᠠ ᠬᠢᠪᠠ᠃ ᠪᠥᠬᠥ᠌ ᠬᠣᠲᠠ᠎ᠶ᠋ᠢᠨ ᠪᠥᠭᠡᠮ ᠬᠦᠴᠢᠯ᠎ᠦᠨ ᠪᠠᠢᠴᠠᠭᠠᠯᠲᠠ᠎ᠵᠢᠨ ᠠᠵᠢᠯ ᠲᠠᠰᠤᠷᠠᠯᠲᠠ ᠥᠬᠡᠶ ᠰᠠᠢᠵᠢᠷᠠᠵᠤ᠂ ᠵᠣᠬᠢᠶᠠᠨ ᠪᠠᠢᠭᠤᠯᠤᠯᠲᠠ ᠨᠢ ᠤᠯᠠᠮ᠎ᠠᠴᠠ ᠤᠯᠠᠮ ᠥᠨᠳᠥᠷ ᠪᠦᠲᠦᠮᠵᠢᠲᠡᠶ ᠂ ᠠᠷᠭ᠎ᠠ ᠭᠡᠮᠵᠢᠢᠠ ᠨᠢ ᠤᠯᠠᠮ᠎ᠠᠴᠠ ᠤᠯᠠᠮ ᠨᠢᠭ᠍ᠲᠠ ᠴᠢᠩᠭ᠎ᠠ ᠪᠤᠯᠵᠤ᠂ ᠡᠮᠬᠢ ᠲᠠᠷᠠᠭᠠᠯᠠᠯ ᠨᠢ ᠤᠯᠠᠮ᠎ᠠᠴᠠ ᠤᠯᠠᠮ ᠵᠢᠷᠤᠮᠵᠢᠵᠤ᠂ ᠪᠠᠢᠴᠠᠭᠠᠯᠲᠠ ᠨᠢ ᠤᠯᠠᠮ᠎ᠠᠴᠠ ᠤᠯᠠᠮ ᠲᠦᠷᠭᠡᠳᠴᠦ᠍᠂ ᠠᠷᠭ᠎ᠠ ᠠᠪᠴᠠᠯ ᠨᠢ ᠤᠯᠠᠮ᠎ᠠᠴᠠ ᠤᠯᠠᠮ ᠲᠤᠬᠢᠳᠠᠢ ᠪᠤᠯᠵᠤ ᠢᠷᠠᠵᠠᠢ᠃ ᠣᠳᠣᠬᠠᠨ᠎ᠳᠤ᠂ ᠨᠡᠢᠭᠡᠮ ᠳᠡᠭᠡᠷᠡᠬᠢ ᠲᠠᠷᠠᠬᠠᠢ ᠪᠤᠳᠠᠷᠬᠠᠢ ᠡᠪᠡᠳᠴᠢᠨ᠎ᠤ ᠵᠢᠱ᠌ᠢᠶ᠎ᠡ᠎ᠵᠢ ᠮᠥᠨ ᠬᠦ᠌ ᠪᠦᠬᠦᠨ᠎ᠢ ᠪᠠᠢᠴᠠᠭᠠᠵᠦ ᠭᠠᠷᠤᠭᠠᠳᠤᠢ ᠪᠥᠭᠡᠳ ᠪᠠᠰᠠ ᠨᠢᠭᠤᠭ᠍ᠳᠠᠮᠠᠯ ᠴᠢᠨᠠᠷᠲᠠᠢ ᠬᠠᠯᠳᠠᠪᠤᠷᠢᠯᠠᠯ᠎ᠤᠨ ᠲᠦᠭ᠌ᠰᠢᠭᠦᠷᠢ ᠣᠷᠣᠱᠢᠵᠤ ᠪᠠᠢᠨ᠎ᠠ᠂ ᠨᠡᠩ ᠣᠨᠣᠴᠠᠲᠠᠢ᠎ᠪᠠᠷ ᠰᠡᠷᠭᠡᠢᠯᠡᠨ ᠡᠵᠡᠮᠳᠡᠵᠦ᠂ ᠬᠠᠯᠳᠠᠪᠤᠷᠢᠯᠠᠭ᠍ᠳᠠᠭ᠍ᠰᠠᠳᠢ ᠡᠷᠲᠡᠬᠡᠨ ᠢᠯᠡᠷᠡᠭᠦᠯᠵᠦ᠍᠂ ᠸᠢᠷᠦ᠋ᠰ ᠬᠠᠯᠳᠠᠪᠤᠷᠢᠯᠠᠬᠤ ᠬᠡᠯᠬᠢᠶ᠎ᠡ᠎ᠶ᠋ᠢ ᠬᠤᠷᠢᠭᠯᠠᠨ ᠲᠠᠰᠤᠯᠬᠤ᠎ᠶ᠋ᠢᠨ ᠲᠥᠯᠥᠭᠡ᠂ 2 ᠰᠠᠷ᠎ᠠ᠎ᠶ᠋ᠢᠨ 27 ᠤ ᠡᠳᠦᠷ᠎ᠦᠨ 7 ᠴᠠᠭ᠎ᠠᠴᠠ ᠡᠬᠢᠯᠡᠨ᠂ ᠬᠥᠬᠡᠬᠣᠲᠠ ᠦᠷᠭᠦᠯᠵᠢᠯᠡᠨ ᠲᠦᠮᠡᠳ ᠵᠡᠭᠦᠨ ᠬᠣᠱᠢᠭᠤ᠂ ᠬᠣᠷᠢᠨᠭᠡᠷ ᠱᠢᠶᠠᠨ᠂ ᠦᠴᠦᠸᠠᠨ ᠱᠢᠶᠠᠨ᠂ ᠱᠢᠨ᠎ᠡ ᠬᠤᠳᠠ ᠲᠣᠭᠣᠷᠢᠭ᠂ ᠬᠣᠲᠣᠩ ᠠᠷᠠᠳ᠎ᠤᠨ ᠲᠣᠭᠣᠷᠢᠭ᠂ ᠢᠦᠢᠴᠢᠤᠸᠠᠨ ᠲᠣᠭᠣᠷᠢᠭ᠂ ᠰᠠᠢᠬᠠᠨ ᠲᠣᠭᠣᠷᠢᠭ᠂ ᠠᠵᠤ ᠠᠬᠤᠢ ᠮᠡᠷᠭᠡᠵᠢᠯ᠎ᠦᠨ ᠨᠡᠬᠡᠬᠡᠯᠳᠡ᠎ᠶ᠋ᠢᠨ ᠲᠤᠭᠤᠷᠢᠭ᠎ᠤᠨ ᠬᠡᠪᠴᠢᠶᠡᠨ᠎ᠳᠦ ᠶᠢᠰᠦᠳᠦᠭᠡᠷ ᠡᠭᠡᠯᠵᠢ᠎ᠶ᠋ᠢᠨ ᠪᠥᠭᠡᠮ ᠬᠦᠴᠢᠯ᠎ᠦᠨ ᠪᠠᠢᠴᠠᠭᠠᠯᠲᠠ ᠬᠢᠵᠦ᠍᠂ ᠲᠥᠪᠯᠡᠷᠡᠭᠦᠯᠦᠨ ᠦᠯᠢᠭᠡᠷ ᠠᠪᠬᠤ ᠴᠠᠭ᠎ᠢ 27 ᠤ᠋ ᠡᠳᠦᠷ᠎ᠦᠨ 14 ᠴᠠᠭ ᠪᠣᠯᠲᠠᠯ᠎ᠠ ᠬᠢᠵᠠᠭᠠᠷᠯᠠᠨ᠎ᠠ᠃ ᠲᠤᠭᠳᠠᠬᠤ ᠱᠢᠶᠠᠨ ᠪᠣᠯᠤᠨ ᠴᠢᠩ ᠱᠦᠶ ᠾᠧ ᠱᠢᠶᠠᠨ᠎ᠳᠤ ᠵᠠᠯᠭᠠᠭ᠎ᠠ ᠪᠡᠷ ᠬᠢᠭᠰᠡᠨ ᠨᠠᠶ᠋ᠮᠠᠨ ᠡᠭᠡᠯᠵᠢ᠎ᠵᠢᠨ ᠪᠥᠭᠡᠮ ᠬᠦᠴᠢᠯ᠎ᠦᠨ ᠪᠠᠢᠴᠠᠭᠠᠯᠳᠠ᠎ᠳᠦ ᠠᠷᠭ᠎ᠠ ᠴᠢᠨᠠᠷ ᠲᠠᠶ ᠦᠯᠢᠭᠡᠷ ᠬᠡᠪ ᠢᠯᠡᠷᠡᠭ᠌ᠰᠡᠨ ᠥᠬᠡᠶ ᠪᠣᠯᠬᠣᠷ ᠶᠢᠰᠦᠳᠦᠭᠡᠷ ᠡᠭᠡᠯᠵᠢ᠎ᠶ᠋ᠢᠨ ᠪᠥᠭᠡᠮ ᠬᠦᠴᠢᠯ᠎ᠦᠨ ᠪᠠᠢᠴᠠᠭᠠᠯᠳᠠ᠎ᠳᠦ ᠲᠦᠷ ᠣᠷᠣᠯᠴᠠᠬᠤ ᠥᠬᠡᠶ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃