ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-27 11:36:16

ᠵᠣᠬᠢᠶᠠᠭ᠍ᠴᠢ᠄ ᠸᠠᠩ ᠶᠠ ᠵᠢᠩ ᠱᠢᠤᠢ ᠶᠤᠸᠠᠢ ᠣᠩᠱᠢᠭ᠍ᠰᠠᠨ ᠣᠳᠠᠭ᠎ᠠ᠄ 3

ᠰᠤᠷᠪᠤᠯᠵᠢᠯᠠᠭ᠍ᠴᠢ 2 ᠰᠠᠷ᠎ᠠ᠎ᠶ᠋ᠢᠨ 25 ᠎ᠤ ᠡᠳᠦᠷ ᠶᠠᠪᠤᠭ᠍ᠳᠠᠭ᠍ᠰᠠᠨ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ ᠤᠢ᠍ᠢᠯᠠᠭᠠᠭ᠍ᠰᠠᠨ ᠵᠢᠡᠷ᠂ ᠰᠤᠷᠭᠠᠭᠤᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠢ ᠬᠠᠮᠠᠭᠠᠯᠠᠵᠤ᠂ ᠥᠷᠭᠡᠨ ᠤᠯᠠᠨ ᠪᠠᠭ᠍ᠰᠢ ᠰᠤᠷᠤᠭ᠍ᠴᠢ᠎ᠵᠢᠨ ᠪᠡᠶ᠎ᠡ ᠰᠡᠳᠭᠢᠴᠡ᠎ᠵᠢᠨ ᠡᠷᠡᠭᠦᠯ ᠮᠡᠨᠳᠦ᠍᠎ᠶ᠋ᠢ ᠪᠠᠲᠤᠯᠠᠬᠤ᠎ᠶ᠋ᠢᠨ ᠲᠥᠯᠥᠭᠡ᠂ ᠬᠥᠬᠡᠬᠣᠲᠠ᠎ᠶ᠋ᠢᠨ ᠳᠤᠮᠳᠠᠳᠤ ᠪᠠᠭ᠎ᠠ ᠰᠤᠷᠭᠠᠭᠤᠯᠢ 3 ᠰᠠᠷ᠎ᠠ᠎ᠶ᠋ᠢᠨ 1᠎ᠤ᠋ ᠡᠳᠦᠷ ᠲᠣᠭ᠍ᠲᠠᠭ᠍ᠰᠠᠨ ᠬᠤᠭᠤᠴᠠᠭᠠᠨ᠎ᠳᠠᠭᠠᠨ ᠰᠤᠷᠭᠠᠭᠤᠯᠢ ᠡᠬᠢᠯᠡᠵᠦ᠍᠂ ᠰᠦᠯᠵᠢᠶᠡᠨ ᠳᠡᠭᠡᠷᠡᠬᠢ ᠵᠢᠭᠠᠨ ᠰᠤᠷᠭᠠᠯᠳᠠ᠎ᠵᠢᠨ ᠵᠬᠠᠪᠤᠷ᠎ᠵᠢᠡᠷ ᠬᠢᠴᠢᠶᠠᠯᠯᠡᠨ᠎ᠠ᠃

ᠬᠥᠬᠡᠬᠣᠲᠠ᠎ᠶ᠋ᠢᠨ ᠰᠤᠷᠭᠠᠨ ᠬᠥᠮᠦᠵᠢᠯ᠎ᠤᠨ ᠲᠤᠪᠴᠢᠶ᠎ᠠ᠎ᠵᠢᠨ ᠬᠢᠨ ᠲᠦᠷᠦᠭᠦᠬᠡᠨ 《ᠪᠥᠬᠥ᠌ ᠬᠣᠲᠠ᠎ᠶ᠋ᠢᠨ ᠪᠠᠭ᠍ᠰᠢ ᠰᠤᠷᠤᠭ᠍ᠴᠢ ᠭᠡᠷ᠎ᠤᠨ᠎ᠠᠬᠠᠮᠠᠳ᠎ᠲᠤ᠎ᠢᠯᠡᠭᠡᠭ᠌ᠰᠡᠨ᠎ᠨᠢᠭᠡ᠎ᠬᠤᠪᠢ᠎ᠵᠠᠬᠢᠳᠠᠯ》᠎ᠢ᠋᠎ᠳᠠᠷᠤᠮᠠᠯᠯᠠᠨ᠎ᠲᠠᠷᠬᠠᠭᠠᠵᠤ᠂ ᠡᠯ᠎ᠡ ᠭᠠᠵᠠᠷ ᠡᠯ᠎ᠡ ᠰᠤᠷᠭᠠᠭᠤᠯᠢ᠎ᠶ᠋ᠢᠨ᠎ᠬᠢᠨ ᠲᠥᠷᠥ᠎ᠶ᠋ᠢᠨ ᠪᠣᠳᠣᠯᠭ᠎ᠠ᠎ᠶ᠋ᠢ ᠲᠠᠢᠯᠪᠤᠷᠢᠯᠠᠬᠤ ᠠᠵᠢᠯ᠎ᠢ ᠰᠠᠢᠲᠤᠷ ᠬᠢᠵᠤ᠂ ᠪᠠᠭ᠍ᠰᠢ ᠰᠤᠷᠤᠭ᠍ᠴᠢᠳ᠎ᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠯ᠎ᠡ ᠵᠦᠶ᠋ᠯ᠎ᠦᠨ ᠱᠠᠭᠠᠷᠳᠠᠯᠭ᠎ᠠ᠎ᠶ᠋ᠢ ᠤᠬᠠᠮᠰᠠᠷ᠎ᠠᠴᠠ᠎ᠪᠠᠨ ᠵᠢᠷᠤᠮᠯᠠᠵᠤ᠂ ᠰᠠᠨᠠᠭᠠᠴᠢᠯᠠᠭ᠎ᠠ᠎ᠠᠴᠠ᠎ᠪᠠᠨ ᠬᠢᠵᠢᠭ᠎ᠲᠡᠶ ᠲᠡᠮᠡᠴᠡᠬᠦ᠌ ᠬᠡᠷᠡᠭ᠌ᠲᠡᠶ᠃ ᠪᠥᠬᠥ᠌ ᠬᠣᠲᠠ᠎ᠶ᠋ᠢᠨ ᠰᠤᠷᠭᠠᠨ ᠬᠥᠮᠦᠵᠢᠯ᠎ᠦᠨ ᠱᠢᠰᠲ᠋ᠧᠮ᠎ᠤᠨ ᠬᠢᠨ ᠪᠠᠭ᠍ᠰᠢ ᠰᠣᠷᠣᠭ᠍ᠴᠢᠳ᠎ᠤᠨ 14 ᠡᠳᠦᠷ᠎ᠦᠨ ᠡᠷᠡᠭᠦᠯ ᠮᠡᠨᠳᠦ᠍᠎ᠶ᠋ᠢᠨ᠎ᠪᠠᠢᠳᠠᠯ᠎ᠢ᠎ᠣᠢᠯᠠᠭᠠᠬᠤ᠎ᠪᠠ᠎ᠨᠠᠭᠠᠰᠢ᠎ᠴᠠᠭᠠᠰᠢ᠎ᠶᠠᠪᠤᠵᠤ᠎ᠰᠠᠭᠤᠬᠤ᠎ᠬᠠᠮᠢᠶᠠᠷᠤᠯᠲᠠ᠎ᠡᠵᠡᠮᠳᠡᠯ᠎ᠢ᠎ᠴᠢᠩᠭ᠎ᠠ ᠨᠠᠢᠳᠠᠪᠤᠷᠢᠵᠢᠭᠤᠯᠵᠤ᠂ ᠪᠠᠭ᠍ᠰᠢ ᠰᠣᠷᠣᠭ᠍ᠴᠢ ᠠᠵᠢᠯᠲᠠᠨ᠎ᠤ ᠪᠥᠭᠡᠮ ᠬᠦᠴᠢᠯ᠎ᠦᠨ ᠪᠠᠢᠴᠠᠭᠠᠯᠳᠠ ᠶ᠋ᠢ 《ᠪᠠᠢᠴᠠᠭᠠᠬᠤ ᠶᠣᠰᠣᠲᠠᠶ᠎ᠵᠢ ᠨᠢ ᠵᠠᠪᠠᠯ ᠪᠠᠢᠴᠠᠭᠠᠬᠤ 》 ᠎ᠶ᠋ᠢ ᠪᠡᠶᠡᠯᠡᠭᠦᠯᠬᠦ᠌᠎ᠶ᠋ᠢᠨ ᠬᠠᠮᠲᠤ ᠬᠡᠷ ᠪᠦᠯᠢ ᠵᠢᠨ ᠬᠢᠨ ᠪᠠ ᠰᠤᠷᠭᠠᠭᠤᠯᠢ᠎ᠶ᠋ᠢᠨ ᠬᠠᠷᠢᠯᠴᠠᠨ ᠦᠶ᠋ᠯᠡᠳᠦᠯᠴᠡᠬᠦ᠌᠎ᠶ᠋ᠢ ᠢᠳᠡᠪᠬᠢᠲᠡᠶ ᠥᠷᠨᠢᠭᠦᠯᠵᠦ᠍᠂ ᠰᠦᠯᠵᠢᠶᠡᠨ ᠳᠡᠭᠡᠷ᠎ᠠ ᠦᠵᠡᠯ ᠰᠠᠨᠠᠭ᠎ᠠ ᠤᠯᠤᠰ ᠲᠥᠷᠥ᠎ᠶ᠋ᠢᠨ ᠬᠥᠮᠦᠵᠢᠯ ᠪᠠ ᠬᠥᠮᠦᠯᠢᠭ ᠬᠠᠯᠠᠮᠵᠢᠯᠠᠯ᠎ᠤᠨ ᠠᠵᠢᠯ᠎ᠢ ᠶᠠᠪᠤᠭᠳᠠᠭᠤᠯᠬᠤ ᠭᠡᠷᠡᠭᠳᠡᠢ᠃ ᠪᠦᠬᠦ᠌ ᠬᠤᠳᠠ᠎ᠶ᠋ᠢᠨ ᠳᠤᠮᠳᠠᠳᠤ ᠪᠠᠭ᠎ᠠ ᠰᠤᠷᠭᠠᠭᠤᠯᠢ᠎ᠵᠢᠨ ᠬᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠥᠰᠦᠯ ᠪᠣᠯᠤᠨ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ᠎ᠢᠶᠡᠨ ᠱᠢᠯᠢᠳᠡᠭ᠌ᠵᠢᠭᠦᠯᠦᠨ ᠲᠡᠭᠦᠯᠳᠡᠷᠵᠢᠭᠦᠯᠵᠦ᠍᠂ ᠬᠢᠵᠢᠭ᠎ᠢ ᠰᠡᠷᠭᠡᠢᠯᠡᠬᠦ᠌ ᠡᠳ᠋ ᠪᠣᠳᠠᠰ᠎ᠤᠨ᠎ᠨᠥᠭᠡᠴᠡ᠎ᠪᠡᠨ ᠴᠢᠩᠭᠠᠳᠭᠠᠵᠤ᠂ ᠡᠳᠦᠷ ᠳᠤᠳᠤᠮ᠎ᠤᠨ ᠠᠷᠢᠭᠤᠳᠭᠠᠨ ᠴᠡᠪᠡᠷᠯᠡᠬᠦ᠌ ᠠᠵᠢᠯ᠎ᠤᠨ ᠡᠷᠴᠢᠮ᠎ᠢᠶᠡᠨ ᠴᠢᠩᠭᠠᠷᠠᠭᠤᠯᠵᠤ᠂ ᠪᠠᠭ᠍ᠰᠢ ᠰᠤᠷᠤᠭ᠍ᠴᠢᠳ᠎ᠲᠤ ᠠᠮᠤᠷ ᠲᠦᠪᠱᠢᠨ᠂ ᠡᠷᠡᠭᠦᠯ ᠰᠠᠷᠠᠭᠤᠯ ᠠᠵᠢᠯᠯᠠᠵᠦ ᠰᠤᠷᠤᠯᠴᠠᠬᠤ ᠣᠷᠴᠢᠨ ᠨᠦᠬᠦᠴᠡᠯ᠎ᠢ ᠪᠦᠷᠢᠯᠳᠤᠬᠦᠯᠵᠤ ᠦᠭᠭᠦ ᠭᠡᠷᠡᠭᠳᠡᠢ ᠭᠡᠵᠤ ᠱᠠᠭᠠᠷᠳᠠᠪᠠ᠃

ᠰᠦᠯᠵᠢᠶᠡᠨ ᠳᠡᠭᠡᠷᠡᠬᠢ ᠵᠢᠭᠠᠨ ᠰᠤᠷᠭᠠᠯᠲᠠ᠎ᠶ᠋ᠢᠨ ᠡᠯ᠎ᠡ ᠵᠦᠢᠯ᠎ᠤᠨ ᠪᠡᠯᠡᠳᠭᠡᠯ ᠠᠵᠢᠯ᠎ᠢ ᠰᠠᠢᠲᠤᠷ ᠭᠢᠬᠥ ᠭᠡᠷᠡᠭᠳᠠᠢ᠃ ᠣᠳᠣ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠥᠬᠡᠬᠣᠲᠠ᠎ᠶ᠋ᠢᠨ ᠰᠤᠷᠭᠠᠨ ᠬᠥᠮᠦᠵᠢᠯ᠎ᠦᠨ ᠡᠬᠢ ᠪᠠᠶᠠᠯᠢᠭ᠎ᠤᠨ ᠰᠦᠯᠵᠢᠶᠡᠨ᠎ᠦ ᠦᠶ᠋ᠯᠡᠴᠢᠯᠡᠭᠡᠨ᠎ᠦ ᠲᠠᠪᠴᠠᠩ ᠨᠢᠭᠡᠨᠲᠡ ᠬᠥᠬᠡᠬᠣᠲᠠ᠎ᠶ᠋ᠢᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠲᠤ ᠰᠦᠶ᠋ᠳᠭᠡᠯ ᠬᠤᠷᠢᠶᠠᠬᠤ᠎ᠥᠬᠡᠶ᠎ᠪᠡᠷ᠎ᠨᠡᠭᠡᠭᠡᠵᠦ᠍᠂᠎ᠬᠦᠬᠡᠬᠣᠲᠠ᠎ᠶ᠋ᠢᠨ᠎ᠰᠤᠷᠭᠠᠨ ᠬᠥᠮᠦᠵᠢᠯ᠎ᠦᠨ ᠲᠣᠪᠴᠢᠶ᠎ᠠ᠎ᠵᠢᠨ ᠬᠢᠨ ᠡᠯ᠎ᠡ ᠱᠠᠲᠤᠨ᠎ᠤ 《ᠱᠢᠨᠵᠢᠯᠡᠭᠡᠨ᠎ᠦ ᠳᠠᠭᠠᠭᠤᠯᠤᠭ᠍ᠴᠢ》᠂ 《ᠵᠢᠭᠠᠨ ᠰᠤᠷᠭᠠᠯᠲᠠ᠎ᠶ᠋ᠢᠨ ᠴᠢᠳᠠᠪᠤᠷᠢᠲᠠᠨ》 ᠵᠡᠷᠭᠡ ᠱᠢᠯᠢᠳᠡᠭ ᠭᠤᠤᠯᠯᠠᠭ᠍ᠴᠢ ᠪᠠᠭ᠍ᠰᠢ᠎ᠨᠠᠷ᠎ᠤᠨ ᠰᠢᠡᠭᠭᠡᠭᠡᠨ ᠦᠢᠯᠡᠳᠦᠭᠰᠡᠨ5356ᠬᠢᠴᠢᠶᠡᠯ᠎ᠢ ᠲᠠᠪᠴᠠᠡᠭ᠎ᠳᠤ ᠤᠷᠤᠭᠤᠯᠤᠬᠰᠡᠨ ᠪᠠᠢᠨ᠎ᠠ᠃ ᠲᠠᠪᠴᠠᠩ᠎ᠳ᠋ᠡᠬᠢ ᠬᠢᠴᠢᠶᠠᠯ ᠨᠢ ᠡᠯ᠎ᠡ ᠰᠤᠷᠤᠯᠭ᠎ᠠ᠎ᠶ᠋ᠢᠨ ᠱᠠᠲᠤ᠂ ᠡᠯ᠎ᠡ ᠬᠢᠴᠢᠶᠡᠯ ᠲᠥᠷᠥᠯ᠎ᠦᠨ ᠰᠤᠷᠤᠯᠴᠠᠬᠤ ᠠᠭᠤᠯᠭ᠎ᠠ᠎ᠶ᠋ᠢ ᠬᠠᠮᠤᠷᠴᠤ᠌ ᠂ ᠪᠥᠬᠥ᠌ ᠬᠣᠲᠠ᠎ᠶ᠋ᠢᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠤᠨ ᠰᠦᠯᠵᠢᠶᠡᠨ ᠳᠡᠭᠡᠷ᠎ᠡ ᠰᠤᠷᠤᠯᠴᠠᠵᠤ ᠬᠡᠷᠡᠭ᠌ᠯᠡᠬᠦ᠌᠎ᠶ᠋ᠢ ᠬᠠᠩᠭᠠᠵᠤ ᠲᠠᠢᠯᠤᠨ᠎ᠠ᠃ ᠡᠯ᠎ᠡ ᠱᠠᠲᠤᠨ᠎ᠤ ᠡᠯ᠎ᠡ ᠲᠥᠷᠥᠯ᠎ᠦᠨ ᠰᠤᠷᠭᠠᠭᠤᠯᠢ ᠨᠢᠭᠡᠨᠲᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢᠭᠠᠨ ᠰᠤᠷᠭᠠᠯᠲᠠ᠎ᠶ᠋ᠢᠨ ᠲᠥᠰᠦᠯ᠂ ᠪᠡᠯᠡᠳᠭᠡᠯ ᠲᠥᠰᠦᠯ᠎ᠢ ᠲᠤᠭᠤᠷᠪᠢᠨ ᠲᠣᠭ᠍ᠲᠠᠭᠠᠵᠤ᠂ ᠪᠣᠳᠠᠲᠠᠶ ᠬᠡᠷᠡᠭ᠌ᠴᠡᠭᠡ᠎ᠪᠡᠨ ᠦᠨᠳᠦᠰᠦᠯᠡᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ᠎ᠶ᠋ᠢ ᠴᠠᠭ ᠲᠤᠬᠠᠶ᠎ᠳᠤᠨᠢ ᠰᠣᠯᠢᠵᠤ ᠪᠣᠯᠤᠨ᠎ᠠ᠃

ᠪᠦᠬᠦ᠌ ᠬᠣᠲᠠ᠎ᠶ᠋ᠢᠨ ᠬᠡᠦᠬᠡᠳ᠎ᠦᠨ ᠴᠡᠴᠡᠷᠯᠢᠭ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ᠎ᠶ᠋ᠢᠨ ᠠᠵᠢᠯᠯᠠᠭ᠎ᠠ ᠥᠷᠨᠢᠭᠦᠯᠬᠦ᠌᠎ᠶ᠋ᠢ ᠴᠢᠩᠭ᠎ᠠ ᠴᠠᠭᠠᠵᠠᠯᠠᠵᠤ᠂ ᠡᠬᠢ ᠪᠠᠶᠠᠯᠢᠭ᠎ᠢ ᠬᠦᠷᠭᠡᠬᠦ᠌ ᠵᠡᠷᠭᠡ ᠬᠡᠯᠪᠡᠷᠢ᠎ᠪᠡᠷ ᠳᠠᠮᠵᠢᠭᠤᠯᠤᠨ ᠭᠡᠷ᠎ᠦᠨ ᠠᠬᠠᠮᠠᠳ᠎ᠢ ᠵᠢᠯᠤᠭᠤᠳᠤᠨ ᠭᠡᠷ ᠳᠡᠭᠡᠨ ᠭᠡᠷ ᠪᠦᠯᠢ ᠪᠡᠷ ᠎ᠵᠢᠡᠨ ᠤᠷᠤᠯᠴᠠᠬᠤ ᠠᠵᠢᠯᠯᠠᠭ᠎ᠠ᠎ᠦᠷᠨᠢᠬᠦᠯᠦᠨ᠎ᠡ᠃ ᠳᠤᠮᠳᠠᠳᠤ ᠪᠠᠭ᠎ᠠ ᠰᠤᠷᠭᠠᠭᠤᠯᠢ ᠎ᠵᠢᠨ ᠬᠢᠨ ᠨᠢᠭᠡᠨᠲᠡ ᠰᠦᠯᠵᠢᠶᠡᠨ ᠳᠡᠭᠡᠷᠡᠬᠢ ᠵᠢᠭᠠᠨ ᠰᠤᠷᠭᠠᠯᠳᠠ᠎ᠵᠢᠨ ᠪᠡᠯᠡᠳᠭᠡᠯ ᠠᠵᠢᠯ᠎ᠢ ᠰᠠᠢᠲᠤᠷ ᠬᠢᠪᠠ᠃ ᠪᠠᠭ᠎ᠠ ᠰᠤᠷᠭᠠᠭᠤᠯᠢ᠎ᠶ᠋ᠢᠨ 1—2᠎ᠳ᠋ᠤᠭᠠᠷ ᠣᠨ᠎ᠳ᠋ᠤ ᠰᠦᠯᠵᠢᠶᠡᠨ ᠳᠡᠭᠡᠷᠡᠬᠢ ᠱᠢᠨ᠎ᠡ ᠬᠢᠴᠢᠶᠡᠯ᠎ᠦᠨ ᠵᠢᠭᠠᠨ ᠰᠤᠷᠭᠠᠯᠲᠠ᠎ᠶ᠋ᠢ ᠥᠷᠨᠢᠭᠦᠯᠬᠦ᠌ ᠥᠬᠡᠶ ᠂ ᠰᠤᠷᠤᠯᠴᠠᠬᠤ ᠡᠬᠢ ᠪᠠᠶᠠᠯᠢᠭ ᠪᠠ ᠠᠵᠢᠯᠯᠠᠭᠠᠨ᠎ᠤ ᠲᠥᠰᠦᠯ᠎ᠢ ᠬᠦᠷᠭᠡᠬᠦ᠌ ᠵᠡᠷᠭᠡ ᠠᠷᠭ᠎ᠠ ᠬᠡᠯᠪᠡᠷᠢ ᠪᠡᠷ ᠳᠠᠮᠵᠢᠭᠤᠯᠵᠦ᠂ ᠬᠡᠷ᠎ᠦᠨ ᠠᠬᠠᠮᠠᠳ᠎ᠢ ᠵᠢᠯᠣᠭᠣᠳᠤᠨ ᠰᠤᠷᠤᠭ᠍ᠴᠢᠳ᠎ᠤᠨ ᠬᠡᠷ᠎ᠲᠡᠬᠡᠨ ᠰᠤᠷᠤᠯᠴᠠᠵᠤ ᠠᠮᠢᠳᠤᠷᠠᠬᠤ᠎ᠶ᠋ᠢ ᠰᠠᠢᠲᠤᠷ ᠲᠣᠬᠢᠷᠠᠭᠤᠯᠤᠨ᠎ᠠ᠃ ᠪᠠᠭ᠎ᠠ ᠰᠤᠷᠭᠠᠭᠤᠯᠢ᠎ᠶ᠋ᠢᠨ 3 — 6 ᠳ᠋ᠤᠭᠠᠷ ᠣᠨ᠎ᠳ᠋ᠤ ᠳᠠᠪᠲᠠᠵᠤ ᠪᠠᠲᠤᠳᠬᠠᠬᠤ ᠠᠵᠢᠯ᠎ᠢ ᠰᠠᠢᠲᠤᠷ ᠬᠢᠯᠭᠡᠬᠦ᠎ᠶ᠋ᠢᠨ ᠬᠠᠮᠲᠤ ᠂ 《 ᠵᠠᠬᠢᠶᠠᠯᠠᠨ ᠨᠡᠪᠲᠡᠷᠡᠭᠦᠯᠬᠦ᠌ 》 ᠬᠡᠯᠪᠡᠷᠢ᠎ᠪᠡᠷ ᠭᠤᠤᠯ ᠪᠣᠯᠭᠠᠵᠤ᠂ ᠬᠢᠴᠢᠶᠡᠯ ᠲᠦᠷᠦᠯ᠎ᠤᠨ ᠵᠢᠭᠠᠨ ᠰᠤᠷᠭᠠᠯᠲᠠ᠎ᠶᠢ ᠶᠠᠪᠤᠭᠳᠠᠭᠤᠯᠤᠨ᠎ᠠ᠃ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠡᠯ᠎ᠡ ᠤᠨ᠎ᠤ ᠰᠤᠷᠤᠯᠭ᠎ᠠ᠎ᠶ᠋ᠢᠨ ᠪᠠᠢᠳᠠᠯ᠎ᠲᠠᠶ ᠤᠶᠠᠯᠳᠤᠭᠤᠯᠵᠦ ᠂ 《 ᠵᠠᠬᠢᠶᠠᠯᠠᠨ ᠨᠡᠪᠲᠡᠷᠡᠭᠦᠯᠬᠦ᠌ 》᠂ 《 ᠱᠢᠭᠤᠳ ᠨᠡᠪᠲᠡᠷᠡᠭᠦᠯᠬᠦ᠌》 ᠎ᠶ᠋ᠢ ᠤᠶᠠᠯᠳᠤᠭᠤᠯᠬᠤ ᠬᠡᠯᠪᠡᠷᠢ᠎ᠪᠡᠷ ᠵᠢᠭᠠᠨ ᠰᠤᠷᠭᠠᠯᠲᠠ᠎ᠵᠢ ᠦᠷᠨᠢᠬᠦᠯᠤᠨ᠎ᠠ᠃ ᠥᠨᠳᠥᠷ ᠳᠤᠮᠳᠠᠳᠤ᠎ᠶ᠋ᠢᠨ ᠡᠯ᠎ᠡ ᠎ᠤᠡ ᠎ᠳᠤ《ᠱᠢᠭᠤᠳ ᠨᠡᠪᠲᠡᠷᠡᠭᠦᠯᠬᠦ᠌ 》ᠬᠡᠯᠪᠡᠷᠢ᠎ᠪᠡᠷ ᠰᠤᠷᠭᠠᠨ ᠬᠦᠮᠦᠵᠢᠯ ᠵᠢᠭᠠᠨ ᠰᠤᠷᠭᠠᠯᠲᠠ ᠎ᠵᠢ ᠶᠠᠪᠤᠭᠳᠠᠭᠤᠯᠤᠨ᠎ᠠ᠃ ᠰᠤᠷᠤᠭ᠍ᠴᠢᠳ ᠭᠠᠷ ᠤᠲᠠᠰᠤ ᠂ ᠺᠣᠮᠫᠢᠦ᠋ᠲ᠋ᠧᠷ ᠂ ᠤᠶᠤᠨᠲᠤ ᠲᠧᠯᠸᠢᠰ ᠵᠡᠷᠭᠡ ᠲᠥᠬᠥᠭᠡᠷᠦᠮᠵᠢ᠎ᠪᠡᠷ ᠬᠡᠷ᠎ᠲᠡᠬᠡᠨ ᠰᠦᠯᠵᠢᠶᠡᠨ ᠳᠡᠭᠡᠷ᠎ᠡ ᠰᠤᠷᠤᠯᠴᠠᠨ᠎ᠠ᠃

ᠪᠠᠭ᠍ᠰᠢ ᠰᠤᠷᠤᠭ᠍ᠴᠢᠳ᠎ᠤᠨ ᠡᠷᠡᠭᠦᠯ ᠠᠮᠢᠳᠤᠷᠠᠯ᠂ ᠥᠨᠳᠥᠷ ᠪᠦᠲᠦᠮᠵᠢᠲᠡᠶ ᠰᠤᠷᠤᠯᠴᠠᠯᠭ᠎ᠠ᠎ᠶ᠋ᠢ ᠪᠠᠲᠤᠯᠠᠬᠤ᠎ᠶ᠋ᠢᠨ ᠲᠥᠯᠥᠭᠡ᠂ ᠬᠦᠬᠡᠬᠣᠲᠠ᠎ᠶ᠋ᠢᠨ ᠰᠤᠷᠭᠠᠨ ᠬᠥᠮᠦᠵᠢᠯ᠎ᠦᠨ ᠲᠣᠪᠴᠢᠶ᠎ᠠ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ᠎ᠶ᠋ᠢᠨ ᠴᠠᠭ᠎ᠤᠨ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ᠃ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ᠎ᠶ᠋ᠢ ᠥᠷᠨᠢᠭᠦᠯᠬᠦ᠌᠎ᠳᠦ᠂ ᠦᠳᠡ᠎ᠶ᠋ᠢᠨ ᠡᠮᠦᠨ᠎ᠡ 8᠄ 30 ᠡᠴᠡ ᠡᠷᠳᠡ ᠪᠠᠢᠵᠦ ᠪᠤᠯᠬᠤ ᠦᠭᠡᠢ᠂ ᠦᠳᠡ᠎ᠶ᠋ᠢᠨ ᠬᠣᠢᠨ᠎ᠠ 17 ᠄ 00 ᠡᠴᠡ ᠤᠷᠤᠢ ᠪᠠᠢᠵᠦ ᠪᠤᠯᠬᠤ ᠦᠭᠡᠢ᠂ ᠪᠠᠭ᠎ᠠ ᠰᠤᠷᠭᠠᠭᠤᠯᠢ᠎ᠶ᠋ᠢᠨ ᠬᠢᠴᠢᠶᠡᠯᠯᠡᠬᠦ ᠴᠠᠭ᠎ᠢ 25 ᠮᠢᠨᠦ᠋ᠲ᠎ᠡᠴᠡ ᠬᠡᠲᠦᠷᠡᠬᠦᠯᠵᠦ᠍ ᠪᠣᠯᠬᠤ ᠥᠬᠡᠶ᠂ ᠡᠳᠦᠷ ᠪᠦᠷᠢ᠎ᠶ᠋ᠢᠨ ᠶᠡᠷᠦᠩᠬᠡᠶ ᠬᠢᠴᠢᠶᠡᠯᠯᠡᠬᠦ ᠴᠠᠭ᠎ᠢ 2 ᠴᠠᠭ᠎ᠠᠴᠠ ᠬᠡᠲᠦᠷᠡᠬᠦᠯᠵᠦ᠍ ᠪᠣᠯᠬᠤ ᠥᠬᠡᠶ; ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠬᠢᠴᠢᠶᠡᠯᠯᠡᠬᠦ᠌ ᠴᠠᠭ᠎ᠢ 30 ᠮᠢᠨᠦ᠋ᠲ᠎ᠡᠴᠡ ᠬᠡᠲᠦᠷᠡᠭᠦᠯᠵᠦ᠍ ᠪᠣᠯᠬᠤ ᠦᠭᠡᠶ ᠂ ᠡᠳᠦᠷ ᠪᠦᠷᠢ᠎ᠶ᠋ᠢᠨ ᠶᠡᠷᠦᠩᠬᠡᠶ ᠬᠢᠴᠢᠶᠡᠯᠯᠡᠬᠦ᠌ ᠴᠠᠭ᠎ᠢ 3 ᠴᠠᠭ᠎ᠠᠴᠠ ᠬᠡᠲᠦᠷᠡᠭᠦᠯᠵᠦ᠍ ᠪᠣᠯᠬᠤ ᠦᠭᠡᠶ; ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠬᠢᠴᠢᠶᠡᠯᠯᠡᠬᠦ ᠴᠠᠭ᠎ᠢ 30 ᠮᠢᠨᠦ᠋ᠲ᠎ᠡᠴᠡ ᠬᠡᠲᠦᠷᠡᠬᠦᠯᠵᠦ᠍ ᠪᠣᠯᠬᠤ ᠦᠭᠡᠢ᠂ ᠡᠳᠦᠷ ᠪᠦᠷᠢ᠎ᠶ᠋ᠢᠨ ᠶᠡᠷᠦᠩᠬᠡᠢ ᠬᠢᠴᠢᠶᠡᠯᠯᠡᠬᠦ ᠴᠠᠭ᠎ᠢ 3.5 ᠴᠠᠭ᠎ᠠᠴᠠ ᠬᠡᠲᠦᠷᠡᠬᠦᠯᠵᠦ᠍ ᠪᠣᠯᠬᠤ ᠦᠭᠡᠢ; ᠠᠩᠬ᠎ᠠ ᠳᠤᠮᠳᠠᠳᠤ᠎ᠶ᠋ᠢᠨ ᠭᠤᠷᠪᠠᠳᠤᠭᠠᠷ ᠤᠨ᠂ ᠥᠨᠳᠥᠷ ᠳᠤᠮᠳᠠᠳᠤ᠎ᠶ᠋ᠢᠨ ᠭᠤᠷᠪᠠᠳᠤᠭᠠᠷ ᠣᠨ᠎ᠳᠤ ᠰᠤᠷᠤᠯᠭ᠎ᠠ᠎ᠶ᠋ᠢᠨ ᠪᠠᠢᠳᠠᠯ᠎ᠢ ᠦᠨᠳᠦᠰᠦᠯᠡᠨ ᠶᠡᠷᠦᠩᠬᠡᠶ ᠰᠤᠷᠤᠯᠭ᠎ᠠ᠎ᠶ᠋ᠢᠨ ᠴᠠᠭ᠎ᠢ ᠵᠣᠬᠢᠰᠲᠠᠶ ᠤᠷᠲᠤᠳᠭᠠᠵᠤ ᠪᠣᠯᠤᠨ᠎ᠠ᠃ ᠣᠨᠴᠠᠭᠠᠶ ᠰᠤᠷᠭᠠᠨ ᠬᠥᠮᠦᠵᠢᠯ᠎ᠦᠨ ᠰᠤᠷᠤᠭ᠍ᠴᠢᠳ᠎ᠲᠤ᠂ ᠰᠤᠷᠭᠠᠭᠤᠯᠢ᠎ᠠᠴᠠ ᠪᠠᠭ᠍ᠰᠢ ᠨᠠᠷ᠎ᠢ ᠵᠣᠬᠢᠶᠠᠨ ᠪᠠᠢᠭᠤᠯᠵᠤ ᠰᠦᠯᠵᠢᠶᠡᠨ ᠳᠡᠭᠡᠷ᠎ᠠ ᠰᠤᠷᠭᠠᠨ ᠬᠥᠮᠦᠵᠢᠯ᠎ᠦᠨ ᠡᠷᠡᠭᠦᠯᠵᠢᠯ᠎ᠦᠨ ᠲᠥᠰᠦᠯ ᠵᠡᠷᠭᠡ᠎ᠶ᠋ᠢ ᠲᠠᠨᠢᠯᠴᠠᠭᠤᠯᠵᠦ᠂ ᠬᠡᠷ᠎ᠦᠨ ᠠᠬᠠᠮᠠᠳ ᠎ᠢ ᠵᠢᠯᠤᠭᠤᠳᠤᠨ ᠬᠡᠷ᠎ᠲᠡᠬᠡᠨ ᠰᠠᠭᠤᠵᠤ ᠬᠡᠦᠬᠡᠳ ᠲᠡᠭᠡᠨ ᠬᠠᠨᠳᠤᠯᠭᠠᠲᠤ ᠴᠢᠨᠠᠷᠲᠠᠶ ᠬᠥᠮᠦᠵᠢᠯ ᠂ ᠡᠷᠡᠭᠦᠯᠵᠢᠯ᠎ᠦᠨ ᠪᠣᠯᠪᠠᠰᠤᠷᠠᠯ ᠵᠡᠷᠭᠡ ᠠᠵᠢᠯᠯᠠᠭ᠎ᠠ ᠎ᠵᠢ ᠥᠷᠨᠢᠭᠦᠯᠤᠨ᠎ᠠ᠃

ᠡᠯ᠎ᠡ ᠳᠤᠮᠳᠠᠳᠤ ᠪᠠᠭ᠎ᠠ ᠰᠤᠷᠭᠠᠭᠤᠯᠢ᠎ᠵᠢᠨ ᠬᠢᠨ ᠡᠯ᠎ᠡ ᠣᠨ᠎ᠤ ᠡᠯ᠎ᠡ ᠬᠢᠴᠢᠶᠡᠯ ᠲᠥᠷᠥᠯ᠎ᠦᠨ ᠵᠢᠭᠠᠨ ᠰᠤᠷᠭᠠᠯᠳᠠ᠎ᠵᠢᠨ ᠠᠵᠢᠯ᠎ᠳᠤ ᠴᠢᠭ᠌ᠯᠡᠭᠦᠯᠵᠦ᠂ ᠰᠤᠷᠤᠯᠭ᠎ᠠ᠎ᠶ᠋ᠢᠨ ᠪᠠᠢᠳᠠᠯ᠎ᠤᠨ ᠵᠠᠳᠠᠯᠤᠯᠲᠠ᠎ᠶ᠋ᠢ ᠡᠳᠦᠷ ᠪᠦᠷᠢ ᠵᠣᠬᠢᠶᠠᠨ ᠪᠠᠢᠭᠤᠯᠵᠤ ᠂ ᠭᠠᠷᠠᠭ ᠪᠦᠷᠢ ᠵᠢᠭᠠᠨ ᠰᠤᠷᠭᠠᠯᠳᠠ᠎ᠶ᠋ᠢᠨ᠎ᠳ᠋ᠦᠩᠨᠡᠯᠳᠡ ᠬᠢᠵᠦ᠍ ᠂ ᠵᠢᠭᠠᠨ ᠰᠤᠷᠭᠠᠯᠳᠠ᠎ᠵᠢᠨ ᠠᠬᠢᠴᠠ᠎ᠳᠤ ᠢᠯᠡᠷᠡᠭᠰᠡᠨ ᠱᠢᠨ᠎ᠡ ᠪᠠᠢᠳᠠᠯ᠎ᠳᠤ ᠴᠠᠭ ᠲᠤᠬᠠᠶ᠎ᠳᠤᠨᠢ ᠵᠠᠳᠠᠯᠤᠯᠳᠠ ᠬᠢᠵᠤ᠂ ᠲᠤᠯᠭᠠᠷᠠᠭ᠍ᠰᠠᠨ ᠱᠢᠨ᠎ᠡ ᠠᠰᠠᠭᠤᠳᠠᠯ᠎ᠢ ᠱᠢᠶ᠋ᠳᠪᠦᠷᠢᠯᠡᠵᠦ᠂ ᠰᠤᠷᠭᠠᠨ ᠬᠥᠮᠦᠵᠢᠯ ᠵᠢᠭᠠᠨ ᠰᠤᠷᠭᠠᠯᠳᠠ᠎ᠵᠢᠨ ᠴᠢᠨᠠᠷ ᠴᠢᠨᠰᠠᠭ᠎ᠠ᠎ᠵᠢ ᠪᠠᠲᠤᠯᠠᠬᠤ ᠪᠤᠯᠤᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面