2022-02-28 09:14:14
ᠬᠥᠬᠡᠬᠣᠲᠠᠶ᠋ᠢᠨᠱᠢᠨᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ (13 ᠳ᠋ᠤᠭᠠᠷ ᠲᠠᠯᠠᠪᠤᠷ ) ᠡᠴᠡ ᠤᠢᠯᠠᠭᠠᠬᠰᠠᠨ ᠵᠢᠨᠷ᠂ 26᠎ᠤ ᠡᠳᠦᠷ ᠶᠠᠪᠤᠭ᠍ᠳᠠᠭ᠍ᠰᠠᠨ ᠨᠠᠶ᠋ᠮᠠᠳᠤᠭᠠᠷ ᠡᠭᠡᠯᠵᠢ᠎ᠶ᠋ᠢᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠦᠷ᠎ᠡ ᠳ᠋ᠦᠩ᠎ᠡᠴᠡ ᠦᠵᠡᠪᠡᠯ᠂ ᠨᠡᠢᠲᠡ 2995084 ᠬᠥᠮᠦᠨ᠎ᠦ ᠥᠯᠢᠭᠡᠷ ᠢ ᠠᠪᠴᠤ᠂ ᠪᠦᠬᠦᠨ ᠢ᠋ ᠦᠷ᠎ᠡ ᠳ᠋ᠦᠩ ᠭᠠᠷᠭᠠᠪᠠ᠃ 16 ᠡᠪᠡᠳᠴᠢᠨ᠎ᠤ ᠵᠢᠱ᠌ᠢᠶ᠎ᠡ ( ᠱᠢᠨ᠎ᠡ ᠬᠣᠲᠠ ᠲᠣᠭᠣᠷᠢᠭ ᠲᠤ᠌ 5 ᠂ ᠬᠣᠲᠣᠩ ᠠᠷᠠᠳ᠎ᠤᠨ ᠲᠣᠭᠣᠷᠢᠭ ᠲᠤ᠌ 4 ᠂ ᠰᠠᠢᠬᠠᠨ ᠲᠣᠭᠣᠷᠢᠭ ᠲᠤ᠌ 2 ᠂ ᠲᠦᠮᠡᠳ ᠵᠡᠭᠦᠨ ᠬᠣᠱᠢᠭᠤᠨ ᠳ᠋ᠤ 5 ) ᠠᠷᠭ᠎ᠠ ᠴᠢᠨᠠᠷ ᠢᠯᠡᠷᠡᠵᠦ᠂ ᠪᠦᠬᠦᠨ᠎ᠢ ᠲᠤᠰᠠᠭᠠᠷᠯᠠᠭ᠍ᠰᠠᠨ ᠪᠠᠭᠤᠳᠠᠯ ᠪᠠ ᠪᠢᠲᠡᠭᠦᠮᠵᠢᠯᠡᠵᠦ᠍ ᠬᠠᠮᠢᠶᠠᠷᠤᠨ ᠡᠵᠡᠮᠳᠡᠭ᠌ᠰᠡᠨ ᠵᠡᠷᠭᠡ ᠭᠤᠤᠯᠳᠠᠯᠭ᠎ᠠ᠎ᠲᠠᠶ ᠰᠡᠷᠭᠡᠢᠯᠡᠨ ᠡᠵᠡᠮᠳᠡᠭᠰᠡᠨ ᠣᠷᠣᠨ᠎ᠠᠴᠠ ᠪᠠᠢᠴᠠᠭᠠᠨ ᠢᠯᠡᠷᠡᠭᠦᠯᠪᠡ᠂ ᠡᠭᠦᠨ᠎ᠳᠦ 11 ᠡᠪᠡᠳᠴᠢᠨ ᠤ ᠵᠢᠱ᠌ᠢᠶ᠎ᠡ ᠵᠢ ᠲᠤᠰᠠᠭᠠᠷᠯᠠᠭ᠍ᠰᠠᠨ ᠪᠠᠭᠤᠳᠠᠯ᠎ᠠᠴᠠ ᠪᠠᠢᠴᠠᠭᠠᠨ ᠢᠯᠡᠷᠡᠭᠦᠯᠵᠦ᠂ 4 ᠡᠪᠡᠳᠴᠢᠨ᠎ᠤ ᠵᠢᠱ᠌ᠢᠶ᠎ᠡ ᠵᠢ ᠪᠢᠲᠡᠭᠦᠮᠵᠢᠯᠡᠨ ᠡᠵᠡᠮᠳᠡᠭᠰᠡᠨ ᠣᠷᠣᠨ᠎ᠠᠴᠠ ᠪᠠᠢᠴᠠᠭᠠᠨ ᠢᠯᠡᠷᠡᠭᠦᠯᠵᠦ᠂ 1 ᠡᠪᠡᠳᠴᠢᠨ ᠤ ᠵᠢᠱ᠌ᠢᠶ᠎ᠡ ᠵᠢ ᠬᠡᠷ᠎ᠲᠡᠭᠡᠨ ᠲᠤᠰᠠᠭᠠᠷᠯᠠᠬᠰᠠᠳ ᠡᠴᠡ ᠢᠯᠡᠷᠡᠭᠦᠯᠪᠡ᠃ ᠱᠢᠨ᠎ᠡ᠎ᠪᠡᠷ ᠨᠡᠮᠡᠭ᠌ᠳᠡᠭ᠌ᠰᠡᠨ ᠡᠪᠡᠳᠴᠢᠨ᠎ᠦ ᠵᠢᠱ᠌ᠢᠶ᠎ᠡ᠎ᠶ᠋ᠢᠨ ᠪᠠᠢᠳᠠᠯ᠎ᠠᠴᠠ ᠦᠵᠡᠪᠡᠯ᠂ ᠬᠥᠬᠡᠬᠣᠲᠠ᠎ᠶ᠋ᠢᠨ ᠬᠢᠵᠢᠭ᠎ᠦᠨ ᠪᠠᠢᠳᠠᠯ ᠡᠪᠡᠳᠴᠢᠨ ᠤ᠋ ᠵᠢᠱ᠌ᠢᠶ᠎ᠠ ᠨᠡᠮᠡᠭᠳᠡᠬᠦ ᠤᠷᠬᠢᠯ ᠤ᠋ᠨ ᠬᠤᠭᠤᠴᠠᠭᠠᠨ᠎ᠳᠤ ᠣᠷᠣᠱᠢᠵᠤ ᠪᠠᠢᠬᠤ ᠮᠦᠷᠲᠡᠭᠡᠨ ᠸᠢᠷᠦ᠋ᠰ᠎ᠦᠨ ᠨᠢᠭᠤᠭ᠍ᠳᠠᠮᠠᠯ ᠴᠢᠨᠠᠷ ᠡᠴᠡ ᠪᠤᠯᠵᠤ᠂ ᠨᠡᠢᠭᠡᠮ ᠲᠣᠭᠣᠷᠢᠭ ᠲᠤ ᠬᠠᠯᠳᠠᠪᠤᠷᠢᠯᠠᠬᠤ ᠲᠦᠭ᠌ᠰᠢᠭᠦᠷᠢ᠎ᠶ᠋ᠢ ᠮᠦᠨ ᠬᠦ᠌ ᠬᠥᠩᠭᠡᠪᠴᠢᠯᠡᠵᠦ᠍ ᠪᠣᠯᠬᠤ ᠥᠬᠡᠶ᠂ ᠥᠷᠭᠡᠨ ᠣᠯᠠᠨ ᠬᠣᠲᠠ᠎ᠶ᠋ᠢᠨ ᠠᠷᠠᠳ ᠦᠷᠭᠦᠯᠵᠢᠯᠡᠨ ᠳᠡᠭᠡᠳᠦ ᠬᠡᠮᠵᠢᠶᠡᠨ᠎ᠦ ᠰᠣᠨᠣᠷ ᠰᠡᠷᠡᠮᠵᠢ᠎ᠲᠡᠶ ᠪᠠᠢᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠣᠭ᠍ᠲᠠᠭᠠᠯ ᠢ ᠴᠢᠩᠭ᠎ᠠ ᠵᠢᠷᠤᠮᠯᠠᠭᠠᠷᠠᠢ᠃ ᠬᠥᠬᠡᠬᠣᠲᠠ ᠵᠢᠨ ᠬᠢᠨ ᠶᠠᠭ ᠭᠤᠤᠯᠳᠠᠯᠭ᠎ᠠ᠎ᠲᠠᠶ ᠣᠷᠣᠨ ᠪᠦᠰᠡ᠎ᠶ᠋ᠢᠨ ᠭᠤᠤᠯᠳᠠᠯᠭ᠎ᠠ᠎ᠲᠠᠶ ᠬᠥᠮᠦᠰ᠎ᠢ ᠳᠠᠷᠠᠭᠠᠯᠠᠨ ᠪᠠᠢᠴᠠᠭᠠᠬᠤ ᠪᠠ ᠬᠠᠮᠢᠶᠠᠷᠤᠨ ᠡᠵᠡᠮᠳᠡᠬᠦ᠌᠎ᠶ᠋ᠢ ᠪᠥᠬᠥ᠌ ᠬᠦᠴᠦᠨ᠎ᠢᠶᠡᠷ᠎ᠢᠶᠡᠨ ᠴᠢᠩᠭᠠᠳᠭᠠᠵᠤ᠂ ᠴᠠᠭ ᠮᠥᠴᠡ᠎ᠲᠡᠶ ᠤᠷᠤᠯᠳᠤᠨ ᠡᠯ᠎ᠡ ᠵᠦᠶ᠋ᠯ᠎ᠦᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠨᠠᠷᠢᠯᠢᠭ ᠪᠣᠳᠠᠲᠠᠶ ᠪᠡᠶᠡᠯᠡᠭᠦᠯᠵᠦ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃