ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-27 13:26:05

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

《ᠡᠭᠦᠳᠡ ᠲᠣᠭ᠍ᠰᠢᠬᠤ ᠠᠵᠢᠯᠯᠠᠭ᠎ᠠ》 《ᠭᠠᠵᠠᠷ ᠱᠦᠭᠦᠷᠳᠡᠬᠦ᠌ ᠠᠵᠢᠯᠯᠠᠭ᠎ᠠ》—《ᠪᠠᠢᠴᠠᠭᠠᠬᠤ ᠶᠣᠰᠣᠲᠠᠶ᠎ᠶ᠋ᠢ ᠨᠢ ᠪᠦᠬᠦᠨ᠎ᠢ ᠪᠠᠢᠴᠠᠭᠠᠵᠤ᠂ ᠨᠢᠭᠡ ᠬᠥᠮᠦᠨ᠎ᠢ ᠴᠦ᠍ ᠣᠷᠬᠢᠭ᠍ᠳᠠᠭᠤᠯᠬᠤ ᠥᠬᠡᠶ》᠃


QQ图片20220227132600.jpg


ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠬᠣᠷᠢᠭ᠍ᠯᠠᠯᠲᠠ᠎ᠶ᠋ᠢᠨ ᠳᠠᠢᠯᠠᠯᠳᠤᠭᠠᠨ ᠡᠬᠢᠯᠡᠭ᠌ᠰᠡᠨ᠎ᠡᠴᠡ ᠨᠠᠭᠠᠰᠢ ᠬᠥᠬᠡᠬᠣᠲᠠ᠎ᠶ᠋ᠢᠨ 7000 ᠭᠠᠷᠤᠢ ᠲᠣᠣᠷ ᠴᠡᠭ᠎ᠤᠨ ᠬᠠᠮᠢᠶᠠᠷᠤᠯᠲᠠ᠎ᠶ᠋ᠢᠨ ᠠᠵᠢᠯᠳᠠᠨ ᠳᠤᠮᠳᠠᠴᠢ᠎ᠪᠠᠷ ᠡᠳᠦᠷ ᠪᠦᠷᠢ 9 ᠲᠦᠮᠡ ᠭᠠᠷᠤᠢ ᠤᠳᠠᠭ᠎ᠠ ᠡᠷᠤᠬᠡ᠎ᠳᠦ ᠣᠷᠣᠵᠤ 50 ᠲᠦᠮᠡ ᠱᠢᠬᠠᠮ ᠪᠥᠭᠡᠮ ᠬᠦᠴᠢᠯ᠎ᠦᠨ ᠪᠠᠢᠴᠠᠭᠠᠯᠲᠠ ᠬᠢᠵᠤ ᠪᠤᠢ᠂ ᠳᠡᠳᠡ ᠵᠥᠪᠬᠡᠨ《ᠲᠣᠣᠷ ᠴᠡᠭ᠎ᠤᠨ ᠬᠠᠮᠢᠶᠠᠷᠤᠯᠲᠠ᠎ᠶ᠋ᠢᠨ ᠠᠵᠢᠯᠳᠠᠨ》 ᠲᠡᠳᠦᠢ ᠯᠠ ᠪᠢᠰᠢ᠂ ᠲᠡᠳᠡ ᠮᠦᠨ 《ᠮᠡᠳᠡᠭᠡ ᠵᠠᠩᠭᠢᠴᠢᠨ》᠂ ᠠᠷᠤ ᠲᠠᠯ᠎ᠠ᠎ᠶ᠋ᠢᠨ ᠪᠠᠲᠤᠯᠠᠭ᠎ᠠ᠎ᠶ᠋ᠢᠨ《ᠦᠢᠯᠡᠴᠢᠯᠡᠭ᠌ᠴᠢ》᠂ ᠵᠥᠷᠢᠴᠡᠯ ᠵᠢᠭᠤᠷᠠᠯᠳᠤᠭᠠᠨ᠎ᠢ《ᠡᠶᠡᠳᠡᠭᠦᠯᠦᠭ᠌ᠴᠢ》 ᠂ ᠤᠯᠠᠨ᠎ᠢᠶᠠᠷ᠎ᠢᠶᠠᠨ ᠰᠡᠷᠭᠡᠢᠯᠡᠨ ᠵᠠᠰᠠᠬᠤ 《ᠬᠣᠯᠪᠣᠭᠠᠯᠠᠨ ᠰᠡᠷᠭᠡᠢᠯᠡᠭ᠌ᠴᠢ》᠂ ᠱᠢᠨᠵᠢᠯᠡᠬᠦ᠌ ᠤᠬᠠᠭᠠᠨᠴᠢ᠎ᠪᠠᠷ ᠬᠢᠵᠢᠭ ᠎ᠢ ᠰᠡᠷᠭᠡᠢᠯᠡᠬᠦ᠌《ᠤᠬᠠᠭᠤᠯᠤᠭ᠍ᠴᠢ》᠂ ᠰᠡᠷᠭᠡᠢᠯᠡᠨ ᠡᠵᠡᠮᠳᠡᠬᠦ᠌ ᠪᠠᠢᠴᠠᠭᠠᠯᠲᠠ᠎ᠶ᠋ᠢᠨ 《ᠠᠮᠤᠷ ᠲᠦᠪᠱᠢᠨ ᠎ᠦ ᠠᠵᠢᠯᠳᠠᠨ》 ᠪᠣᠯᠤᠨ᠎ᠠ; ᠳᠡᠳᠡ ᠬᠠᠬᠢᠷ ᠬᠦᠢᠳᠡᠨ᠎ᠡᠴᠡ ᠬᠠᠯᠠᠰᠢᠷᠠᠯ ᠦᠬᠡᠢ᠂ ᠶᠠᠳᠠᠷᠠᠯ ᠵᠦᠳᠡᠷᠡᠯ ᠎ᠢ ᠬᠠᠢᠬᠤᠷᠤᠯ ᠦᠬᠡᠢ ᠣᠷᠣᠨ᠎ᠤ ᠲᠥᠪ ᠬᠤᠳᠠ᠎ᠳᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠨᠢᠭ᠍ᠲᠠ ᠴᠢᠩᠭ᠎ᠠ ᠰᠡᠷᠭᠡᠢᠯᠡᠯᠲᠡ᠎ᠶ᠋ᠢᠨ ᠱᠤᠭᠤᠮ ᠎ᠢ ᠪᠠᠲᠤ ᠴᠣᠭ᠍ᠴᠠᠯᠠᠵᠤ ᠪᠠᠢᠨ᠎ᠠ᠃

ᠬᠦᠴᠢᠷ ᠪᠡᠷᠬᠡᠰᠢᠶᠡᠯ ᠎ᠢ ᠬᠠᠮᠲᠤ ᠪᠡᠷ ᠢᠯᠠᠵᠤ

ᠰᠠᠯᠬᠢ ᠪᠣᠷᠣᠭᠠᠨ ᠎ᠢ ᠬᠠᠮᠲᠤ᠎ᠪᠠᠷ ᠲᠤᠭᠤᠯᠵᠤ

ᠬᠠᠪᠤᠷ᠎ᠤᠨ ᠴᠡᠴᠡᠭ᠎ᠢ ᠬᠠᠮᠲᠤ᠎ᠪᠠᠷ ᠰᠣᠨᠢᠷᠬᠠᠶ᠎ᠠ!

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面