2022-02-27 12:18:09
ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠢ ᠠᠷᠭᠠᠴᠠᠭᠠᠬᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ᠎ᠤᠨ ᠪᠥᠭᠡᠮ ᠬᠦᠴᠢᠯ᠎ᠦᠨ ᠪᠠᠢᠴᠠᠭᠠᠯᠲᠠ ᠬᠢᠭ᠌ᠰᠡᠨ ᠥᠬᠡᠶᠬᠥᠮᠦᠰᠲᠦ ᠺᠣᠳ᠋ ᠣᠯᠭᠣᠬᠤ ᠲᠤᠬᠠᠶ ᠠᠯᠪᠠᠨ ᠵᠠᠷᠯᠠᠯ
( 2022 ᠣᠨ᠎ᠤ 25 ᠳ᠋ᠤᠭᠠᠷ ᠲᠣᠭᠠᠲᠤ )
2 ᠰᠠᠷ᠎ᠠ᠎ᠶ᠋ᠢᠨ 25 ᠤ ᠡᠳᠦᠷ ᠪᠣᠯᠲᠠᠯ᠎ᠠ᠂ ᠮᠠᠨ᠎ᠤ ᠬᠣᠲᠠ ᠤᠷᠢᠳ ᠬᠣᠵᠢᠳ7 ᠤᠳᠠᠭ᠎ᠠ ᠪᠥᠭᠡᠮ ᠬᠦᠴᠢᠯ᠎ᠦᠨ ᠪᠠᠢᠴᠠᠭᠠᠯᠲᠠ ᠥᠷᠨᠢᠭᠦᠯᠦᠭᠰᠡᠨ ᠪᠤᠯᠪᠠᠴᠤ 《ᠡᠭᠦᠳᠡ ᠲᠣᠭ᠍ᠰᠢᠬᠤ ᠠᠵᠢᠯᠯᠠᠭ᠎ᠠ》 ᠪᠡᠷ ᠭᠡᠷ ᠲᠤᠨᠢ ᠬᠦᠷᠴᠦ᠍ ᠤᠲᠠᠰᠤ ᠠᠪᠴᠤ ᠳᠠᠷᠠᠭᠠᠯᠠᠨ ᠪᠠᠢᠴᠠᠭᠠᠬᠤ᠎ᠪᠠᠷ ᠳᠡᠮᠵᠢᠨ᠂ ᠵᠠᠷᠢᠮ ᠬᠦᠮᠦᠰ ᠪᠠᠰᠠ ᠴᠤ᠌ ᠪᠥᠭᠡᠮ ᠬᠦᠴᠢᠯ᠎ᠦᠨ ᠪᠠᠢᠴᠠᠭᠠᠯᠲᠠ ᠬᠢᠭ᠌ᠰᠡᠨ ᠥᠬᠡᠶ ᠪᠠᠢᠬᠤ ᠵᠢ ᠠᠵᠢᠯᠲᠠᠳ ᠤᠯᠵᠤ ᠮᠡᠳᠡᠵᠡᠢ᠂ ᠡᠨᠡ ᠨᠢ ᠨᠢᠭᠡᠨᠲᠡ ᠣᠳᠣᠬᠠᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠦᠨᠳᠦ ᠶᠡᠬᠡ ᠬᠡᠮ ᠰᠣᠭᠣᠭ ᠪᠣᠯᠵᠣ᠂ ᠮᠠᠨ᠎ᠤ ᠬᠣᠲᠠ᠎ᠶ᠋ᠢᠨ ᠬᠢᠵᠢᠭ᠎ᠦᠨ ᠪᠠᠢᠳᠠᠯ᠎ᠢ ᠦᠭᠡᠢᠰᠬᠡᠬᠦ ᠠᠬᠢᠴᠠ᠎ᠶ᠋ᠢ ᠬᠦᠨᠳᠦ ᠨᠣᠴᠢᠲᠠᠶ ᠨᠥᠯᠥᠭᠡᠯᠡᠵᠦ᠍ ᠪᠠᠢᠨ᠎ᠠ᠃ ᠮᠠᠨ᠎ᠤ ᠬᠣᠲᠠ᠎ᠶ᠋ᠢᠨ ᠪᠥᠭᠡᠮ ᠬᠦᠴᠢᠯ᠎ᠦᠨ ᠪᠠᠢᠴᠠᠭᠠᠯᠲᠠ ᠬᠢᠬᠦ᠌ ᠴᠢᠬᠤᠯᠠᠲᠠᠶ ᠪᠣᠯ ᠪᠦᠬᠦᠨ᠎ᠢ ᠪᠠᠢᠴᠠᠭᠠᠵᠤ᠂ ᠬᠢᠵᠢᠭ᠎ᠦᠨ ᠪᠠᠢᠳᠠᠯ᠎ᠤᠨ ᠢᠯᠡᠷᠡᠯ᠎ᠢ ᠴᠠᠭ ᠲᠤᠬᠠᠶ᠎ᠳᠤᠨᠢ ᠢᠯᠡᠷᠡᠭᠦᠯᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠯᠳᠠᠰᠢ ᠭᠠᠷᠬᠤ᠎ᠶ᠋ᠢ ᠡᠷᠡᠰ ᠬᠣᠷᠢᠭ᠍ᠯᠠᠬᠤ᠎ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠡᠳᠦᠭᠡ ᠬᠣᠯᠪᠣᠭ᠍ᠳᠠᠯ ᠪᠥᠬᠥᠶ ᠵᠦᠢᠯᠡᠰ᠎ᠢ ᠳᠤᠤᠷᠠᠬᠢ ᠮᠡᠲᠦ ᠵᠠᠷᠯᠠᠨ᠎ᠠ᠄
ᠨᠢᠭᠡ᠂ ᠲᠣᠰ ᠡᠳᠦᠷ᠎ᠡᠴᠡ ᠡᠬᠢᠯᠡᠨ᠂ ᠮᠠᠨ᠎ᠤ ᠬᠣᠲᠠ ᠪᠥᠭᠡᠮ ᠬᠦᠴᠢᠯ᠎ᠦᠨ ᠪᠠᠢᠴᠠᠭᠠᠯᠲᠠ ᠬᠢᠭ᠌ᠰᠡᠨ ᠥᠬᠡᠶ ᠬᠥᠮᠦᠰ᠎ᠦᠨ ᠡᠷᠡᠭᠦᠯ ᠮᠡᠨᠳᠦ᠍᠎ᠶ᠋ᠢᠨ ᠺᠣᠳ᠋᠎ᠢ ᠰᠢᠷ᠎ᠠ ᠦᠩᠭᠡᠲᠡᠢ ᠪᠤᠯᠭᠠᠨ ᠬᠠᠮᠢᠶᠠᠷᠴᠤ᠂ ᠠᠵᠢᠯᠲᠠᠳ ᠰᠠᠭᠤᠭᠠᠯᠢ ᠲᠣᠭᠣᠷᠢᠭ᠂ ᠣᠯᠠᠨ ᠨᠡᠢᠲᠡ᠎ᠶ᠋ᠢᠨ ᠲᠠᠯᠠᠪᠤᠷ ᠭᠠᠵᠠᠷ ᠪᠠ ᠠᠵᠤ ᠠᠬᠤᠢᠯᠠᠯ ᠠᠵᠢᠯ ᠦᠶ᠋ᠯᠡᠰ᠎ᠦᠨ ᠨᠢᠭᠡᠴᠢ᠎ᠶ᠋ᠢᠨ ᠬᠥᠮᠦᠰ᠎ᠦᠨ ᠡᠷᠡᠭᠦᠯ ᠮᠡᠨᠳᠦ᠍᠎ᠶ᠋ᠢᠨ ᠺᠣᠳ᠋᠎ᠢ ᠪᠠᠢᠴᠠᠭᠠᠬᠤ ᠡᠷᠴᠢᠮ᠎ᠢᠶᠡᠨ ᠴᠢᠩᠭᠠᠷᠠᠭᠤᠯᠵᠤ᠂ ᠡᠷᠡᠭᠦᠯ ᠮᠡᠨᠳᠦ᠍᠎ᠶ᠋ᠢᠨ ᠺᠣᠳ᠋᠎ᠨᠢ ᠱᠢᠷ᠎ᠠ ᠥᠩᠭᠡᠲᠡᠶ ᠬᠥᠮᠦᠰ᠎ᠤᠨ ᠳᠡᠭᠡᠷ᠎ᠡ ᠳᠤᠷᠠᠳᠤᠭ᠍ᠰᠠᠨ ᠲᠠᠯᠠᠪᠤᠷ ᠭᠠᠵᠠᠷ᠎ᠢᠶᠠᠷ ᠣᠷᠣᠵᠤ ᠭᠠᠷᠬᠤ᠎ᠶ᠋ᠢ ᠬᠢᠵᠠᠭᠠᠷᠯᠠᠵᠤ᠂ ᠪᠥᠭᠡᠮ ᠬᠦᠴᠢᠯ᠎ᠦᠨ ᠪᠠᠢᠴᠠᠭᠠᠯᠲᠠ ᠪᠡᠨ ᠳᠠᠭᠤᠰᠤᠭ᠍ᠰᠠᠨ᠎ᠤ ᠳᠠᠷᠠᠭ᠎ᠠ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠰᠠᠯᠠᠭ᠎ᠠ ᠮᠥᠴᠢᠷ᠎ᠡᠴᠡ ᠺᠣᠳ᠋᠎ᠢ ᠨᠢ ᠬᠤᠪᠢᠷᠠᠭᠤᠯᠤᠬᠰᠠᠨᠦ ᠳᠠᠷᠠᠭ᠎ᠠ ᠰᠠᠶᠢ ᠣᠷᠣᠵᠤ ᠭᠠᠷᠴᠤ᠌ ᠪᠣᠯᠤᠨ᠎ᠠ᠃
ᠬᠣᠶᠠᠷ᠂ ᠥᠷᠭᠡᠨ ᠣᠯᠠᠨ ᠰᠠᠭᠤᠭᠠᠯᠢ ᠠᠷᠠᠳ ᠥᠪᠡᠷ᠎ᠦᠨ ᠡᠷᠡᠭᠦᠯ ᠮᠡᠨᠳᠦ᠍᠎ᠶ᠋ᠢᠨ ᠺᠣᠳ᠋᠎ᠤᠨ ᠪᠠᠢᠳᠠᠯ᠎ᠢᠶᠠᠨ ᠪᠠᠢᠴᠠᠭᠠᠨ ᠦᠵᠡᠬᠦ᠌᠎ᠶ᠋ᠢ ᠠᠩᠬᠠᠷᠬᠤ ᠬᠡᠷᠡᠭ᠌ᠲᠡᠶ᠂ ᠬᠡᠷᠪᠡ ᠲᠣᠰ ᠬᠥᠮᠦᠨ᠎ᠦ ᠡᠷᠡᠭᠦᠯ ᠮᠡᠨᠳᠦ᠍᠎ᠶ᠋ᠢᠨ ᠺᠣᠳ᠋ ᠲᠤ᠌ ᠱᠢᠷ᠎ᠠ ᠦᠩᠭᠡᠲᠡᠢ ᠺᠣᠳ᠋ ᠣᠯᠭᠣᠬᠰᠠᠨ ᠨᠢ ᠣᠨᠣᠪᠴᠢ ᠥᠬᠡᠶ ᠪᠠᠢᠪᠡᠯ᠂ ᠴᠠᠭ ᠲᠤᠬᠠᠶ᠎ᠳᠤᠨᠢ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠰᠠᠯᠠᠭ᠎ᠠ ᠮᠥᠴᠢᠷ᠎ᠲᠦ ᠮᠡᠳᠡᠭᠦᠯᠵᠦ᠍᠂ ᠳᠡᠩᠰᠡᠯᠡᠭᠤᠯᠤᠨ᠂ ᠪᠥᠭᠡᠮ ᠬᠦᠴᠢᠯ᠎ᠦᠨ ᠪᠠᠢᠴᠠᠭᠠᠯᠲᠡ᠎ᠶ᠋ᠢᠨ ᠮᠡᠳᠡᠭᠦᠯᠦᠯᠲᠡ ᠵᠡᠷᠭᠡ ᠬᠦᠴᠦᠨ ᠪᠥᠬᠥᠶ ᠭᠡᠷᠡᠴᠢ ᠪᠠᠷᠢᠮᠲᠠ᠎ᠪᠠᠷ ᠺᠣᠳ᠋ ᠵᠢᠨᠨ ᠬᠤᠪᠢᠷᠠᠭᠤᠯᠬᠤ᠎ᠶ᠋ᠢ ᠬᠢᠨᠠᠨ ᠬᠠᠷᠭᠤᠭᠤᠯᠵᠤ ᠪᠣᠯᠤᠨ᠎ᠠ ( ᠬᠠᠯᠠᠮᠱᠢᠯ ᠤᠲᠠᠰᠤ᠄ 6627103 )᠃
ᠭᠤᠷᠪᠠ᠂ ᠪᠥᠭᠡᠮ ᠬᠦᠴᠢᠯ᠎ᠦᠨ ᠪᠠᠢᠴᠠᠭᠠᠯᠲᠡ᠎ᠶ᠋ᠢᠨ ᠮᠡᠳᠡᠭᠦᠯᠦᠯᠲᠡ᠎ᠶ᠋ᠢ ᠬᠠᠭᠤᠷᠮᠠᠭ᠍ᠯᠠᠨ ᠵᠣᠬᠢᠶᠠᠬᠤ᠂ ᠬᠤᠪᠢᠷᠠᠭᠤᠯᠤᠨ ᠵᠣᠬᠢᠶᠠᠬᠤ᠎ᠶ᠋ᠢ ᠴᠢᠩᠭ᠎ᠠ ᠴᠠᠭᠠᠵᠠᠯᠠᠵᠤ᠂ ᠪᠥᠭᠡᠮ ᠬᠦᠴᠢᠯ᠎ᠦᠨ ᠪᠠᠢᠴᠠᠭᠠᠯᠲᠡ᠎ᠶ᠋ᠢᠨ ᠮᠡᠳᠡᠭᠦᠯᠦᠯᠲᠡ᠎ᠶ᠋ᠢ ᠬᠠᠭᠤᠷᠮᠠᠭ᠍ᠯᠠᠨ ᠵᠣᠬᠢᠶᠠᠵᠤ᠂ ᠬᠤᠪᠢᠷᠠᠭᠤᠯᠤᠨ ᠵᠣᠬᠢᠶᠠᠬᠤ ᠪᠡᠷ ᠳᠠᠮᠵᠢᠭᠤᠯᠤᠨ ᠺᠣᠳ᠋ ᠵᠢᠨᠨ ᠬᠤᠪᠢᠷᠠᠭᠤᠯᠤᠬᠰᠠᠨ ᠪᠠᠢᠪᠠᠯ᠂ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠡᠴᠡ ᠬᠠᠤᠯᠢ ᠶᠣᠰᠣᠭᠠᠷ ᠬᠠᠤᠯᠢ᠎ᠶ᠋ᠢᠨ ᠬᠠᠷᠢᠭᠤᠴᠠᠯᠭ᠎ᠠ ᠨᠡᠬᠡᠮᠵᠢᠯᠡᠨ᠎ᠡ᠃
ᠳᠥᠷᠪᠡ᠂ ᠲᠠᠨ᠎ᠳᠤ ᠶᠠᠷᠱᠢᠭ ᠲᠦᠪᠡᠭ ᠤᠴᠠᠷᠠᠭᠤᠯᠬᠤ᠎ᠠᠴᠠ ᠵᠠᠢᠯᠠᠰᠭᠢᠬᠦ᠌᠎ᠶ᠋ᠢᠨ ᠲᠥᠯᠥᠭᠡ᠂ ᠥᠷᠭᠡᠨ ᠣᠯᠠᠨ ᠰᠠᠭᠤᠭᠠᠯᠢ ᠠᠷᠠᠳ ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢ ᠠᠷᠭᠠᠴᠠᠭᠠᠬᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ᠎ᠤᠨ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ᠂ ᠪᠥᠭᠡᠮ ᠬᠦᠴᠢᠯ᠎ᠦᠨ ᠪᠠᠢᠴᠠᠭᠠᠯᠲᠠ᠎ᠳᠤ ᠰᠠᠨᠠᠭᠠᠴᠢᠯᠠᠭ᠎ᠠ᠎ᠠᠴᠠ᠎ᠪᠠᠨ ᠣᠷᠣᠯᠴᠠᠭᠠᠷᠠᠢ᠃ ᠤᠴᠢᠷ ᠱᠢᠯᠲᠠᠭᠠᠨ ᠥᠬᠡᠶ᠎ᠪᠡᠷ ᠪᠥᠭᠡᠮ ᠬᠦᠴᠢᠯ᠎ᠦᠨ ᠪᠠᠢᠴᠠᠭᠠᠯᠲᠠ ᠬᠢᠭ᠌ᠰᠡᠨ ᠥᠬᠡᠶ᠎ᠡᠴᠡ ᠪᠣᠯᠵᠣ ᠬᠢᠵᠢᠭ ᠲᠠᠷᠬᠠᠬᠤ ᠲᠦᠭ᠌ᠰᠢᠭᠦᠷᠢ᠎ᠶ᠋ᠢ ᠡᠭᠦᠰᠬᠡᠵᠦ᠂ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠬᠣᠯᠪᠣᠭ᠍ᠳᠠᠭ᠍ᠰᠠᠨ ᠪᠠᠢᠪᠠᠯ᠂ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠡᠴᠡ ᠬᠠᠤᠯᠢ ᠶᠣᠰᠣᠭᠠᠷ ᠬᠠᠤᠯᠢ᠎ᠶ᠋ᠢᠨ ᠬᠠᠷᠢᠭᠤᠴᠠᠯᠭ᠎ᠠ ᠨᠡᠬᠡᠮᠵᠢᠯᠡᠨ᠎ᠡ᠃
ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠳᠦ ᠥᠷᠭᠡᠨ ᠤᠯᠠᠨ ᠰᠠᠭᠤᠭᠠᠯᠢ ᠠᠷᠠᠳ᠎ᠤᠨ ᠣᠷᠣᠯᠴᠠᠯᠭ᠎ᠠ᠎ᠠᠴᠠ ᠰᠠᠯᠵᠤ ᠴᠢᠳᠠᠬᠤ ᠦᠭᠡᠢ! ᠥᠷᠭᠡᠨ ᠤᠯᠠᠨ ᠰᠠᠭᠤᠭᠠᠯᠢ ᠠᠷᠠᠳ ᠮᠠᠨ᠎ᠤ ᠠᠵᠢᠯ᠎ᠢ ᠤᠢ᠍ᠢᠯᠠᠭᠠᠨ ᠳᠡᠮᠵᠢᠵᠦ᠍᠂ ᠪᠦᠬᠦ᠌ ᠬᠤᠳᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠣᠷᠢᠭ᠍ᠯᠠᠯᠲᠠ᠎ᠶ᠋ᠢᠨ ᠳᠠᠢᠯᠠᠯᠳᠤᠭᠠᠨ᠎ᠤ ᠢᠯᠠᠯᠲᠠ᠎ᠶ᠋ᠢ ᠲᠦᠷᠭᠡᠨ ᠤᠯᠬᠤ᠎ᠳᠤ ᠦᠵᠡᠭᠦᠯᠪᠡᠰᠦ ᠵᠣᠬᠢᠬᠤ ᠬᠦᠴᠦᠨ ᠴᠢᠳᠠᠯ ᠢᠶᠠᠨ ᠡᠷᠭᠦᠬᠦ᠌ ᠶ᠋ᠢ ᠬᠦᠰᠡᠵᠦ᠍ ᠪᠠᠢᠨ᠎ᠠ᠃
ᠬᠥᠬᠡᠬᠣᠲᠠ ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠢ ᠠᠷᠭᠠᠴᠠᠭᠠᠬᠤ ᠬᠢᠵᠢᠭ ᠦᠨ ᠪᠠᠢᠳᠠᠯ ᠢ ᠰᠡᠷᠭᠡᠢᠯᠡᠨ ᠡᠵᠡᠮᠳᠡᠬᠦ᠌ ᠠᠵᠢᠯ ᠤᠨ ᠵᠢᠯᠣᠭᠣᠳᠭᠤ ᠭᠠᠵᠠᠷ
2022 ᠣᠨ᠎ᠤ 2 ᠰᠠᠷ᠎ᠠ᠎ᠶ᠋ᠢᠨ 26 ᠤ ᠡᠳᠦᠷ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃