2022-02-27 12:48:23
2 ᠰᠠᠷ᠎ᠠ᠎ᠶ᠋ᠢᠨ 25 ᠤ ᠡᠳᠦᠷ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠨ᠂ ᠰᠤᠷᠭᠠᠭᠤᠯᠢ᠎ᠳᠤ ᠪᠠᠢᠭ᠎ᠠ ᠪᠠᠭ᠍ᠰᠢ ᠰᠤᠷᠤᠭ᠍ᠴᠢᠳ᠎ᠢ ᠵᠣᠬᠢᠶᠠᠨ ᠪᠠᠢᠭᠤᠯᠤᠨ 7 ᠳ᠋ᠤᠭᠠᠷ ᠡᠭᠡᠯᠵᠢ᠎ᠶ᠋ᠢᠨ ᠪᠥᠭᠡᠮ ᠬᠦᠴᠢᠯ᠎ᠦᠨ ᠪᠠᠢᠴᠠᠭᠠᠯᠲᠡ ᠬᠢᠪᠠ᠃ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠰᠤᠷᠭᠠᠭᠤᠯᠢ᠎ᠶ᠋ᠢᠨ ᠵᠠᠬᠢᠷᠤᠯ ᠵᠣᠣ ᠶᠦᠨ ᠱᠠᠨ᠎ᠤ ᠲᠠᠨᠢᠯᠴᠠᠭᠤᠯᠤᠭ᠍ᠰᠠᠨ᠎ᠢᠶᠠᠷ᠂ ᠠᠨᠠᠭᠠᠬᠤ ᠤᠬᠠᠭᠠᠨ᠎ᠤ ᠰᠤᠷᠭᠠᠨ ᠬᠥᠮᠦᠵᠢᠯ ᠨᠢ ᠵᠣᠬᠢᠬᠤ ᠣᠨᠴᠠᠭᠠᠶ ᠴᠢᠨᠠᠷ ᠪᠠ ᠪᠤᠳᠤᠯᠢᠶᠠᠨᠲᠤ ᠴᠢᠨᠠᠷᠲᠠᠶ᠂ ᠰᠤᠷᠭᠠᠭᠤᠯᠢ᠎ᠶ᠋ᠢᠨ ᠰᠣᠷᠣᠭ᠍ᠴᠢ᠎ᠶ᠋ᠢᠨ ᠰᠤᠷᠤᠯᠭ᠎ᠠ᠎ᠶ᠋ᠢᠨ ᠨᠠᠮᠲᠠᠷ᠎ᠤᠨ ᠲᠠᠰ ᠳᠠᠪᠬᠤᠷᠭ᠎ᠠ ᠨᠢ ᠪᠤᠳᠤᠯᠢᠶᠠᠨᠲᠠᠶ ᠪᠠᠢᠳᠠᠭ᠂ ᠡᠭᠦᠨ᠎ᠳᠦ ᠲᠤᠰᠭᠠᠶ ᠮᠡᠷᠭᠡᠵᠢᠯ᠎ᠦᠨ ᠰᠣᠷᠣᠭ᠍ᠴᠢ᠂ ᠵᠢᠩᠬᠢᠨᠢ ᠠᠩᠭᠢ᠎ᠶ᠋ᠢᠨ ᠰᠣᠷᠣᠭ᠍ᠴᠢ᠂ ᠠᠰᠫᠢᠷᠠᠨᠲ᠂ ᠳ᠋ᠣᠺᠲ᠋ᠣᠷᠠᠨᠲ᠂ ᠲᠦᠷᠢᠮᠵᠢᠭᠦᠯᠦᠭᠰᠡᠨ ᠪᠤᠯᠪᠠᠰᠤᠷᠠᠯ᠎ᠤᠨ ᠰᠣᠷᠣᠭ᠍ᠴᠢ᠂ ᠳᠠᠪᠲᠠᠨ ᠪᠣᠯᠪᠠᠰᠤᠷᠠᠬᠤ ᠰᠣᠷᠣᠭ᠍ᠴᠢ ᠵᠡᠷᠭᠡ ᠪᠠᠭ᠍ᠲᠠᠨ᠎ᠠ᠂ ᠳᠠᠳᠤᠯᠭ᠎ᠠ᠎ᠶ᠋ᠢᠨ ᠣᠷᠣᠨ ᠪᠦᠰᠡ᠎ᠶ᠋ᠢᠨ ᠲᠠᠷᠬᠠᠯᠲᠠ ᠥᠷᠭᠡᠨ᠂ ᠰᠤᠷᠤᠯᠭ᠎ᠠ ᠡᠬᠢᠯᠡᠬᠦ᠌ ᠴᠠᠭ ᠨᠢ ᠨᠢᠭᠡᠳᠦᠯ ᠥᠬᠡᠶ᠂ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠴᠡᠭ ᠨᠡᠯᠢᠶᠡᠳ ᠥᠨᠳᠥᠷ ᠵᠡᠷᠭᠡ ᠣᠨᠴᠠᠯᠢᠭ᠎ᠲᠠᠶ ᠪᠠᠢᠳᠠᠭ᠃ ᠲᠣᠰ ᠡᠭᠡᠯᠵᠢ᠎ᠶ᠋ᠢᠨ ᠬᠢᠵᠢᠭ᠎ᠦᠨ ᠪᠠᠢᠳᠠᠯ ᠡᠭᠦᠰᠦᠭ᠌ᠰᠡᠨ᠎ᠡᠴᠡ ᠨᠠᠭᠠᠰᠢ ᠰᠤᠷᠭᠠᠭᠤᠯᠢ᠎ᠳᠠᠭᠠᠨ ᠪᠤᠴᠠᠵᠤ ᠠᠵᠢᠯ᠎ᠤᠨ ᠪᠠᠢᠷᠢ᠎ᠳᠠᠭᠠᠨ ᠪᠤᠴᠠᠭ᠍ᠰᠠᠨ ᠰᠣᠷᠣᠭ᠍ᠴᠢ ᠨᠡᠢᠲᠡ 2500 ᠭᠠᠷᠤᠶ ᠬᠥᠮᠦᠨ ᠪᠠᠢᠨ᠎ᠠ᠃ ᠣᠳᠣᠬᠠᠨ᠎ᠤ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠳᠠᠯ᠎ᠳᠤ ᠴᠢᠭ᠌ᠯᠡᠭᠦᠯᠦᠨ᠂ ᠰᠤᠷᠭᠠᠭᠤᠯᠢ ᠨᠢ 2 ᠰᠠᠷ᠎ᠠ᠎ᠶ᠋ᠢᠨ 18 ᠤ ᠡᠳᠦᠷ᠎ᠡᠴᠡ ᠡᠬᠢᠯᠡᠨ ᠰᠤᠷᠭᠠᠭᠤᠯᠢ᠎ᠶ᠋ᠢᠨ ᠬᠦᠷᠢᠶᠡᠨ᠎ᠦ ᠪᠢᠲᠡᠭᠦᠮᠵᠢᠯᠡᠭ᠌ᠰᠡᠨ ᠮᠠᠶᠢᠭ᠎ᠤᠨ ᠬᠠᠮᠢᠶᠠᠷᠤᠯᠲᠠ᠎ᠶ᠋ᠢ ᠡᠬᠢᠯᠡᠭᠦᠯᠵᠦ᠍᠂ ᠰᠤᠷᠤᠭ᠍ᠴᠢᠳ᠎ᠤᠨ ᠰᠤᠷᠭᠠᠭᠤᠯᠢ᠎ᠳᠤ ᠪᠠᠢᠬᠤ ᠠᠮᠤᠷ ᠲᠦᠪᠱᠢᠨ᠎ᠢ ᠦᠨᠡᠨ ᠬᠦ᠌ ᠪᠠᠲᠤᠯᠠᠪᠠ᠃ ᠣᠳᠣᠬᠠᠨ᠎ᠳᠤ᠂ ᠲᠣᠰ ᠰᠤᠷᠭᠠᠭᠤᠯᠢ ᠰᠤᠷᠭᠠᠭᠤᠯᠢ᠎ᠶ᠋ᠢᠨ ᠬᠦᠷᠢᠶᠡᠨ᠎ᠦ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠶᠡᠷᠦᠩᠬᠡᠶ ᠲᠥᠰᠦᠯ᠎ᠢ ᠲᠣᠭ᠍ᠲᠠᠭᠠᠵᠤ᠂ ᠠᠵᠢᠯ᠎ᠤᠨ ᠤᠳᠤᠷᠢᠳᠭᠤ ᠳᠤᠭᠤᠢᠯᠠᠩ ᠪᠠ 11 ᠲᠤᠰᠭᠠᠶ ᠠᠵᠢᠯ᠎ᠤᠨ ᠳᠤᠭᠤᠢᠯᠠᠩ ᠪᠠᠢᠭᠤᠯᠵᠤ᠂ ᠬᠠᠮᠲᠤᠷᠠᠨ ᠰᠡᠷᠭᠡᠢᠯᠡᠵᠦ᠍ ᠬᠠᠮᠲᠤᠷᠠᠨ ᠬᠢᠵᠠᠭᠠᠷᠯᠠᠬᠤ᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ᠂ ᠦᠶ᠋ᠯᠡᠴᠢᠯᠡᠭᠡᠨ᠎ᠦ ᠪᠠᠲᠤᠯᠠᠭ᠎ᠠ᠂ ᠱᠠᠯᠠᠪᠳᠠᠭᠤᠯᠤᠨ ᠪᠠᠢᠴᠠᠭᠠᠬᠤ ᠵᠡᠷᠭᠡ ᠡᠯ᠎ᠡ ᠵᠦᠶ᠋ᠯ᠎ᠦᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠴᠢᠩᠭ᠎ᠠ ᠪᠣᠳᠠᠲᠠᠶ ᠠᠳᠭᠤᠵᠤ ᠪᠠᠢᠨ᠎ᠠ ᠃
ᠢᠷᠡᠯᠲᠡ᠄ ᠤᠮᠠᠷᠠᠲᠤ ᠵᠢᠨ ᠱᠢᠨ᠎ᠡ ᠰᠣᠨᠢᠨ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃