ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-28 09:12:20

ᠵᠣᠬᠢᠶᠠᠭ᠍ᠴᠢ᠄ ᠸᠠᠩ ᠶᠠ ᠵᠢᠩ ᠣᠩᠱᠢᠭ᠍ᠰᠠᠨ ᠣᠳᠠᠭ᠎ᠠ᠄ 3

ᠰᠤᠷᠪᠤᠯᠵᠢᠯᠠᠭ᠍ᠴᠢ ᠬᠥᠬᠡᠬᠣᠲᠠ᠎ᠶ᠋ᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠰᠤᠨᠢᠨ ᠮᠡᠳᠡᠭᠡ ᠨᠡᠢᠲᠡᠯᠡᠬᠦ ᠬᠤᠷᠠᠯ᠎ᠡᠴᠡ ᠣᠢᠯᠠᠭᠠᠭ᠍ᠰᠠᠨ᠎ᠢᠶᠠᠷ᠂ 2 ᠰᠠᠷ᠎ᠠ᠎ᠶ᠋ᠢᠨ 28 ᠎ᠦ ᠡᠳᠦᠷ᠎ᠦᠨ 7 ᠴᠠᠭ᠎ᠠᠴᠠ ᠡᠬᠢᠯᠡᠨ ᠬᠥᠬᠡᠬᠣᠲᠠ ᠦᠷᠭᠦᠯᠵᠢᠯᠡᠨ ᠠᠷᠪᠠᠳᠤᠭᠠᠷ ᠡᠭᠡᠯᠵᠢ᠎ᠶ᠋ᠢᠨ ᠪᠥᠭᠡᠮ ᠬᠦᠴᠢᠯ᠎ᠦᠨ ᠪᠠᠢᠴᠠᠭᠠᠯᠲᠠ ᠬᠢᠵᠦ᠂ ᠦᠳᠡ ᠵᠢᠨ ᠬᠤᠢᠨᠠᠬᠢ 14 ᠴᠠᠭ ᠪᠤᠯᠲᠠᠯ᠎ᠠ ᠲᠦᠪᠯᠡᠷᠡᠭᠦᠯᠦᠨ ᠦᠯᠢᠭᠡᠷ ᠠᠪᠬᠤ ᠪᠤᠯᠤᠨ᠎ᠠ᠃ ᠲᠦᠷᠦᠭᠦᠦ ᠬᠡᠳᠦᠨ ᠡᠭᠡᠯᠵᠢ᠎ᠶᠢᠨ ᠪᠦᠭᠡᠮ ᠬᠦᠴᠢᠯ᠎ᠤᠨ ᠪᠠᠢᠴᠠᠭᠠᠯᠲᠠ ᠵᠢᠨ ᠦᠷ᠎ᠡ ᠳ᠋ᠦᠩ ᠡᠴᠡ ᠮᠠᠭᠠᠳᠯᠠᠭᠰᠠᠨ ᠲᠦᠭᠰᠢᠭᠦᠷᠢ᠎ᠵᠢᠨ ᠳᠡᠰ᠎ᠢ ᠦᠨᠳᠦᠰᠦᠯᠡᠨ᠂ ᠲᠤᠭᠲᠠᠬᠤ ᠰᠢᠶᠠᠨ᠂ ᠬᠤᠷᠢᠨᠭᠡᠷ ᠰᠢᠶᠠᠨ᠂ ᠴᠢᠩ ᠱᠦᠢ ᠾᠧ ᠰᠢᠶᠠᠨ ᠳ᠋ᠤ ᠠᠷᠪᠠᠳᠤᠭᠠᠷ ᠡᠭᠡᠯᠵᠢ ᠵᠢᠨ ᠪᠦᠭᠡᠮ ᠬᠦᠴᠢᠯ᠎ᠤᠨ ᠪᠠᠢᠴᠠᠭᠠᠯᠲᠠ ᠶᠠᠪᠤᠭᠳᠠᠭᠤᠯᠬᠤ ᠦᠭᠡᠢ᠃ ᠭᠡᠪᠡᠴᠦ ᠲᠦᠷᠦ ᠵᠢᠨ ᠶᠠᠪᠤᠳᠠᠯ᠎ᠤᠨ ᠬᠤᠷᠢᠶᠠᠨ᠎ᠤ ᠬᠤᠯᠪᠤᠭᠠᠯᠠᠨ ᠰᠡᠷᠭᠡᠢᠯᠡᠵᠦ ᠬᠤᠯᠪᠤᠭᠠᠯᠠᠨ ᠡᠵᠡᠮᠳᠡᠬᠦ ᠲᠤᠭᠲᠠᠴᠠ᠎ᠶᠢᠨ ᠱᠠᠭᠠᠷᠳᠠᠯᠭ᠎ᠠ ᠶᠤᠰᠤᠭᠠᠷ ᠲᠦᠭᠰᠢᠭᠦᠷᠢ᠎ᠵᠢ ᠰᠢᠯᠭᠠᠨ ᠪᠠᠢᠴᠠᠭᠠᠬᠤ ᠪᠠ ᠬᠠᠮᠢᠶᠠᠷᠤᠨ ᠡᠵᠡᠮᠳᠡᠬᠦ ᠵᠢ ᠴᠢᠩᠭ᠎ᠠ ᠬᠡᠷᠡᠭᠵᠢᠭᠦᠯᠵᠦ᠂ ᠬᠢᠵᠢᠭ᠎ᠤᠨ ᠪᠠᠢᠳᠠᠯ ᠨᠡᠪᠲᠡᠷᠡᠨ ᠤᠷᠤᠵᠤ ᠢᠷᠡᠬᠦ ᠵᠢ ᠡᠷᠡᠰ ᠬᠤᠷᠢᠭᠯᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面