ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-02-27 12:29:52

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

·ᠱᠢᠨ᠎ᠡ ᠲᠢᠲᠢᠮᠯᠢᠭ ᠸᠢᠷᠦ᠋ᠰ᠎ᠨᠢ ᠵᠣᠬᠢᠬᠤ ᠨᠢᠭᠤᠭ᠍ᠳᠠᠮᠠᠯ ᠬᠤᠭᠤᠴᠠᠭ᠎ᠠ᠎ᠲᠠᠶ ᠪᠠᠢᠵᠤ᠂ ᠬᠡᠷᠪᠡ ᠥᠯᠢᠭᠡᠷ ᠠᠪᠬᠤ ᠦᠶ᠎ᠡ᠎ᠳᠦ ᠸᠢᠷᠦ᠋ᠰ᠎ᠢ᠎ᠭᠠᠳᠠᠭ᠍ᠰᠢᠯᠠᠭᠤᠯᠬᠤ᠎ᠥᠬᠡᠶ᠎ᠪᠤᠶᠤ᠎ᠲᠤᠬᠠᠶ᠎ᠶ᠋ᠢᠨ᠎ᠦᠶ᠎ᠡ᠎ᠳᠦ ᠸᠢᠷᠦ᠋ᠰ᠎ᠦᠨ ᠥᠳᠭᠡᠴᠡ᠎ᠨᠢ ᠬᠦᠷᠦᠯᠴᠡᠬᠦ᠌ ᠥᠬᠡᠶ᠂ ᠪᠠᠢᠴᠠᠭᠠᠯᠲᠠ ᠵᠢᠨ ᠬᠢᠵᠠᠭᠠᠷ᠎ᠠᠴᠠ ᠳᠤᠤᠷ᠎ᠠ ᠪᠠᠢᠪᠠᠯ ᠪᠠᠢᠴᠠᠭᠠᠵᠤ ᠤᠯᠬᠤ ᠥᠬᠡᠶ ᠪᠠᠢᠵᠤ ᠮᠡᠳᠡᠨ᠎ᠡ᠂ ᠤᠨᠴᠠᠭᠠᠢᠯᠠᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠭᠴᠢ᠎ᠵᠢᠨ ᠠᠩᠬᠠᠨ᠎ᠤ ᠬᠤᠭᠤᠴᠠᠭᠠᠨ᠎ᠳᠤ ᠬᠤᠤᠷ ᠭᠠᠳᠠᠭ᠍ᠰᠢᠯᠠᠭᠤᠯᠬᠤ ᠲᠦᠪᠱᠢᠨ᠎ᠨᠢ ᠲᠡᠢᠮᠦ᠍ ᠥᠨᠳᠥᠷ ᠪᠢᠰᠢ᠂ ᠪᠡᠶ᠎ᠡ ᠳᠣᠲᠣᠷᠠᠬᠢ ᠸᠢᠷᠦ᠋ᠰ᠎ᠦᠨ ᠥᠳᠭᠡᠴᠡ᠎ᠨᠢ ᠮᠠᠰᠢ ᠳᠤᠤᠷ᠎ᠠ ᠪᠠᠢᠳᠠᠭ᠃

• ᠠᠳᠠᠯᠢ ᠪᠤᠰᠤ ᠬᠥᠮᠦᠨ᠎ᠦ ᠦᠯᠢᠭᠡᠷ ᠠᠪᠬᠤ ᠠᠷᠭ᠎ᠠ ᠪᠠᠷᠢᠯ᠎ᠨᠢ ᠠᠳᠠᠯᠢ ᠥᠬᠡᠶ ᠪᠠᠢᠵᠤ ᠮᠡᠳᠡᠨ᠎ᠡ᠂ ᠲᠣᠬᠢᠷᠠᠮᠵᠢᠲᠠᠶ ᠣᠷᠣᠨ ᠪᠠᠢᠷᠢ᠎ᠡᠴᠡ ᠴᠤᠭ᠍ᠯᠠᠭᠤᠯᠵᠤ ᠳᠡᠢᠯᠦᠭ᠌ᠰᠡᠨ ᠥᠬᠡᠶ᠂ ᠥᠯᠢᠭᠡᠷ᠎ᠢ ᠬᠠᠳᠠᠭᠠᠯᠠᠬᠤ ᠪᠠ ᠲᠡᠭᠡᠭᠡᠪᠦᠷᠢᠯᠡᠬᠦ᠌ ᠨᠥᠬᠥᠴᠡᠯ᠎ᠨᠢ ᠵᠣᠬᠢᠰ ᠥᠬᠡᠶ ᠵᠢᠴᠢ ᠪᠠᠢᠴᠠᠭᠠᠯᠲᠠ ᠳ᠋ᠦ ᠬᠡᠷᠡᠭᠰᠡᠬᠦ ᠲᠤᠷᠱᠢᠯᠲᠠ᠎ᠶ᠋ᠢᠨ ᠡᠮ᠎ᠦᠨ ᠰᠡᠷᠭᠡᠭ ᠴᠢᠨᠠᠷ ᠵᠡᠷᠭᠡ᠎ᠨᠢ ᠴᠥᠮ ᠪᠠᠢᠴᠠᠭᠠᠯᠲᠠ ᠵᠢᠨ ᠦᠷ᠎ᠡ ᠳ᠋ᠦᠩ᠎ᠦᠨ ᠣᠨᠣᠪᠴᠢᠲᠤ ᠴᠢᠨᠠᠷ᠎ᠢ ᠨᠥᠯᠥᠭᠡᠯᠡᠵᠦ᠍᠂ ᠪᠠᠢᠴᠠᠭᠠᠯᠲᠠ᠎ᠠᠴᠠ ᠭᠣᠭᠣᠵᠢᠭᠤᠯᠵᠤ ᠮᠡᠳᠡᠨ᠎ᠡ᠃

• ᠴᠥᠭᠡᠨ ᠲᠣᠭᠠᠨ᠎ᠤ ᠬᠠᠯᠳᠠᠪᠤᠷᠢᠯᠠᠭᠳᠠᠭᠴᠢ᠎ᠳ᠋ᠦ ᠵᠠᠪᠰᠠᠷ᠎ᠢᠶᠠᠷ ᠬᠤᠤᠷ ᠭᠠᠳᠠᠭ᠍ᠰᠢᠯᠠᠭᠤᠯᠬᠤ ᠦᠵᠡᠭ᠌ᠳᠡᠯ ᠣᠷᠣᠱᠢᠵᠤ᠂ ᠥᠯᠢᠭᠡᠷ ᠠᠪᠬᠤ ᠨᠢ ᠵᠥᠪᠬᠡᠨ ᠨᠢᠭᠡ ᠴᠠᠭ ᠲᠡᠳᠦᠶ ᠪᠠᠢᠵᠤ᠂ ᠪᠠᠢᠴᠠᠭᠠᠯᠲᠠ᠎ᠠᠴᠠ ᠭᠣᠭᠣᠵᠢᠭᠤᠯᠵᠤ ᠮᠡᠳᠡᠨ᠎ᠡ᠃

ᠬᠡᠷᠪᠡ ᠮᠡᠳᠡᠭᠡ ᠵᠠᠩᠭᠢ᠎ᠪᠡᠨ ᠪᠤᠷᠤᠭᠤ ᠲᠠᠭ᠍ᠯᠠᠭ᠍ᠰᠠᠨ᠎ᠠᠴᠠ ᠪᠣᠯᠵᠤ 《ᠱᠢᠷ᠎ᠠ ᠺᠣᠳ᠋》 ᠪᠤᠶᠤ 《ᠤᠯᠠᠭᠠᠨ ᠺᠣᠳ᠋》 ᠭᠠᠷᠪᠠᠯ ᠶᠠᠭᠠᠬᠢᠬᠤ ᠪᠤᠢ?

ᠬᠥᠬᠡᠬᠣᠲᠠ᠎ᠶ᠋ᠢᠨ᠎ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ ( 12 ᠳ᠋ᠤᠭᠠᠷ ᠲᠠᠯᠠᠪᠤᠷ ) ᠳᠡᠭᠡᠷ᠎ᠡ᠂ ᠬᠥᠬᠡᠬᠣᠲᠠ᠎ᠶ᠋ᠢᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠎ᠦᠨ ᠳᠡᠳ᠋ ᠡᠷᠬᠢᠯᠡᠭ᠌ᠴᠢ ᠸᠠᠩ ᠳ᠋ᠠ ᠸᠧᠶ ᠲᠠᠨᠢᠯᠴᠠᠭᠤᠯᠬᠤ᠎ᠳᠠᠭᠠᠨ᠂ ᠬᠡᠷᠪᠡ ᠬᠣᠲᠠ᠎ᠶ᠋ᠢᠨ ᠠᠷᠠᠳ ᠡᠷᠡᠭᠦᠯ ᠮᠡᠨᠳᠦ᠍᠎ᠶ᠋ᠢᠨ ᠺᠣᠳ᠋᠎ᠢᠶᠠᠷ ᠡᠷᠡᠭᠦᠯ ᠮᠡᠨᠳᠦ᠍᠎ᠶ᠋ᠢᠨ ᠮᠡᠳᠡᠭᠡ ᠵᠠᠩᠭᠢ᠎ᠪᠠᠨ ᠮᠡᠳᠡᠭᠦᠯᠬᠦ᠌ ᠦᠶ᠎ᠡ᠎ᠳᠦ ᠪᠤᠷᠤᠭᠤ ᠠᠵᠢᠯᠯᠠᠵᠤ᠂ 14 ᠡᠳᠦᠷ᠎ᠦᠨ ᠳᠣᠲᠣᠷ᠎ᠠ ᠦᠨᠳᠦᠷ᠂ ᠳᠤᠮᠳᠠ ᠲᠦᠭᠰᠢᠭᠦᠷᠢᠳᠠᠢ ᠭᠠᠵᠠᠷ ᠣᠷᠣᠨ᠎ᠳ᠋ᠦ ᠤᠴᠢᠵᠤ ᠦᠡᠭᠭᠡᠷᠡᠭᠰᠡᠨ ᠰᠣᠩᠭᠣᠯᠲᠠ᠎ᠶ᠋ᠢ ᠡᠨᠳᠡᠬᠦᠷᠡᠵᠦ ᠰᠣᠩᠭᠣᠪᠡᠯ᠂ ᠡᠷᠡᠭᠦᠯ ᠮᠡᠨᠳᠦ᠍᠎ᠶ᠋ᠢᠨ ᠺᠣᠳ᠋᠎ᠢᠶᠠᠨ ᠲᠤᠱᠢᠶᠠᠭᠰᠠᠨ ᠤ᠋ ᠳᠠᠷᠠᠭ᠎ᠠ 《ᠱᠢᠷ᠎ᠠ》 ᠪᠣᠯᠬᠤ ᠪᠤᠶᠤ 《ᠤᠯᠠᠭᠠᠨ》 ᠪᠣᠯᠵᠣ ᠬᠤᠪᠢᠷᠠᠨ᠎ᠠ᠃

ᠡᠭᠦᠨ᠎ᠳᠦ ᠬᠣᠲᠠ᠎ᠶ᠋ᠢᠨ ᠠᠷᠠᠳ ᠶᠠᠭᠠᠷᠠᠵᠤ ᠰᠠᠨᠳᠤᠷᠤᠭᠰᠠᠨ᠎ᠤ ᠬᠡᠷᠡᠭ ᠥᠬᠡᠶ᠂ ᠳᠠᠷᠤᠢᠬᠠᠨ ᠳᠠᠬᠢᠨ ᠨᠢᠭᠡ ᠤᠳᠠᠭ᠎ᠠ ᠡᠷᠡᠭᠦᠯ ᠮᠡᠨᠳᠦ᠍᠎ᠶ᠋ᠢᠨ ᠮᠡᠳᠡᠭᠡ ᠵᠠᠩᠭᠢ᠎ᠪᠠᠨ ᠮᠡᠳᠡᠭᠦᠯᠵᠦ᠍ ᠪᠣᠯᠤᠨ᠎ᠠ᠂ 14 ᠡᠳᠦᠷ᠎ᠦᠨ ᠳᠣᠲᠣᠷ᠎ᠠ ᠬᠦᠷᠴᠦ᠍ ᠥᠩᠭᠡᠷᠡᠭ᠌ᠰᠡᠨ ᠭᠠᠵᠠᠷ ᠣᠷᠣᠨ᠎ᠢ᠎ᠪᠤᠰᠤᠳ ᠵᠦᠶ᠋ᠯ᠎ᠵᠢᠡᠷ ᠰᠣᠩᠭᠣᠵᠤ ᠳᠠᠬᠢᠨ ᠲᠤᠱᠢᠶᠠᠭ᠍ᠰᠠᠨ᠎ᠤ ᠳᠠᠷᠠᠭ᠎ᠠ ᠡᠷᠡᠭᠦᠯ ᠮᠡᠨᠳᠦ᠍᠎ᠶ᠋ᠢᠨ ᠺᠣᠳ᠋᠎ᠨᠢ ᠳᠠᠷᠤᠶ 《ᠨᠣᠭᠣᠭᠠᠨ》ᠪᠣᠯᠵᠣ ᠬᠤᠪᠢᠷᠠᠨ᠎ᠠ᠃ ᠡᠨᠳᠡ ᠬᠣᠲᠠ᠎ᠶ᠋ᠢᠨ ᠠᠷᠠᠳ᠎ᠲᠤ ᠰᠠᠨᠠᠭᠤᠯᠬᠤ ᠨᠢ᠂ ᠮᠡᠳᠡᠭᠡ ᠵᠠᠩᠭᠢ᠎ᠪᠠᠨ ᠪᠤᠷᠤᠭᠤ ᠲᠤᠱᠢᠶᠠᠭ᠍ᠰᠠᠨ᠎ᠤ ᠳᠠᠷᠠᠭ᠎ᠠ ᠳᠠᠷᠤᠶ ᠲᠦᠷᠭᠡᠨ ᠳᠠᠭᠢᠵᠤ ᠮᠡᠳᠡᠭᠦᠯᠬᠦ᠌ ᠬᠡᠷᠡᠭ᠌ᠲᠡᠶ᠂ ᠡᠰᠡᠪᠡᠯ ᠥᠩᠭᠡᠷᠡᠭ᠌ᠰᠡᠨ ᠴᠠᠭ ᠨᠢ ᠣᠷᠳᠣ ᠪᠤᠯᠤᠭᠰᠠᠨ᠎ᠠᠴᠠ ᠪᠣᠯᠵᠣ 《ᠨᠣᠭᠣᠭᠠᠨ ᠺᠣᠳ᠋》᠎ᠢ ᠠᠶᠠᠨᠳᠠᠭᠠᠨ ᠬᠤᠪᠢᠷᠠᠭᠤᠯᠵᠤ ᠴᠢᠳᠠᠬᠤ ᠥᠬᠡᠶ ᠪᠣᠯᠤᠨ᠎ᠠ᠃

ᠢᠷᠡᠯᠳᠡ᠄ ᠦᠪᠦᠷ ᠮᠤᠡᠭᠭᠤᠯ᠎ᠤᠨ ᠡᠳᠦᠷ᠎ᠤᠨ ᠰᠤᠨᠢᠨ

ᠤᠮᠠᠷᠠᠳᠦ ᠵᠢᠨ ᠰᠢᠨ᠎ᠠ ᠰᠤᠨᠢᠨ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面