2022-03-01 10:24:29
ᠭᠦᠭᠡᠬᠤᠳᠠ《ᠲᠦᠷᠪᠡᠨ ᠪᠤᠯᠬᠤ ᠦᠭᠡᠢ》 ᠳᠦᠷ ᠴᠠᠭ᠎ᠤᠨ ᠬᠠᠮᠢᠶᠠᠷᠴᠦ ᠡᠵᠡᠮᠳᠡᠭᠦ ᠠᠷᠭ᠎ᠠ ᠵᠢ ᠭᠡᠷᠡᠭᠵᠢᠭᠦᠯᠵᠤ ᠪᠠᠢᠨ᠎ᠠ
ᠭᠠᠳᠠᠨᠠᠭᠢ ᠭᠦᠮᠦᠨ᠎ᠢ ᠰᠠᠭᠤᠭᠠᠯᠢ ᠠᠷᠠᠳ᠎ᠤᠨ ᠳᠤᠭᠤᠷᠢᠭ ᠲᠦ᠍ ᠤᠷᠤᠭᠤᠯᠬᠤ ᠦᠭᠡᠢ
ᠰᠤᠷᠪᠤᠯᠵᠢᠯᠠᠭ᠍ᠴᠢ ᠬᠥᠬᠡᠬᠤᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠰᠣᠨᠢᠨ ᠮᠡᠳᠡᠭᠡ ᠨᠡᠢᠲᠡᠯᠡᠬᠦ᠌ ᠬᠤᠷᠠᠯ (ᠠᠷᠪᠠᠨ ᠳᠥᠷᠪᠡᠳᠦᠭᠡᠷ ᠲᠠᠯᠠᠪᠠᠶ) ᠡᠴᠠ ᠣᠢᠯᠠᠭᠠᠭ᠍ᠰᠠᠨ᠎ᠢᠶᠠᠷ᠂ ᠪᠥᠭᠡᠮ ᠬᠦᠴᠢᠯᠤᠨᠪᠠᠢᠴᠠᠭᠠᠯᠲᠠᠶ᠋ᠢᠬᠦᠴᠦᠲᠡᠶᠪᠥᠭᠡᠳᠡᠮᠬᠢᠵᠢᠷᠤᠮᠲᠠᠢ ᠰᠠᠢᠲᠤᠷ ᠬᠢᠬᠦ᠌᠎ᠶ᠋ᠢᠨ ᠲᠥᠯᠥᠭᠡ᠂ ᠬᠥᠬᠡᠬᠤᠲᠠ ᠦᠢᠯᠡᠳᠦᠯᠭᠡ᠎ᠶ᠋ᠢᠨ ᠳᠤᠮᠳᠠᠬᠢ ᠪᠦᠲᠦᠮᠵᠢᠲᠡᠶ ᠠᠷᠭ᠎ᠠ ᠬᠡᠮᠵᠢᠶ᠎ᠡ᠎ᠶ᠋ᠢ ᠦᠷᠭᠦᠯᠵᠢᠯᠡᠨ ᠪᠠᠷᠢᠮᠲᠠᠯᠠᠨ ᠲᠡᠭᠦᠯᠳᠡᠷᠵᠢᠭᠦᠯᠵᠦ᠍᠂ ᠪᠠᠢᠴᠠᠭᠠᠬᠤ ᠶᠣᠰᠣᠲᠠᠶ᠎ᠶ᠋ᠢ᠎ᠨᠢ ᠳᠠᠷᠤᠶᠲᠦᠷᠭᠡᠨᠪᠠᠢᠴᠠᠭᠠᠵᠤ᠂ᠲᠦᠷᠭᠡᠨ ᠰᠤᠷᠪᠤᠯᠵᠢᠯᠠᠵᠤ ᠲᠦᠷᠭᠡᠨ ᠪᠠᠢᠴᠠᠭᠠᠵᠤ᠂《ᠠᠷᠭ᠎ᠠ》ᠳᠠᠭᠠᠷᠠᠪᠠᠯᠲᠦᠷᠭᠡᠨ ᠨᠡᠬᠡᠮᠵᠢᠯᠡᠵᠦ᠍᠂ ᠲᠦᠷᠭᠡᠨ ᠪᠠᠢᠴᠠᠭᠠᠵᠤ ᠲᠦᠷᠭᠡᠨ ᠮᠡᠳᠡᠭᠦᠯᠵᠦ᠍᠂ ᠲᠦᠷᠭᠡᠨ ᠰᠢᠢᠳᠪᠦᠷᠢᠯᠡᠵᠦ᠍ ᠲᠦᠷᠭᠡᠨ ᠬᠢᠵᠠᠭᠠᠷᠯᠠᠬᠤ᠎ᠶ᠋ᠢ ᠡᠷᠡᠰ ᠪᠡᠶᠡᠯᠡᠭᠦᠯᠦᠨ᠎ᠡ᠃ 《ᠡᠭᠦᠳᠡ ᠲᠣᠭ᠍ᠰᠢᠬᠤ ᠠᠵᠢᠯᠯᠠᠭ᠎ᠠ》᠂ 《ᠰᠢᠭᠰᠢᠯᠳᠡ ᠵᠢᠨ ᠠᠵᠢᠯᠯᠠᠭ᠎ᠠ》 ᠵᠢ 《ᠲᠤᠭᠤᠱᠢᠲᠠᠶ》᠂ 《ᠲᠦᠢᠯᠪᠤᠷᠢᠲᠠᠶ》 ᠪᠠᠢᠯᠭᠠᠵᠤ᠂ ᠨᠡᠢᠭᠡᠮ ᠲᠣᠭᠤᠷᠢᠭ᠎ᠤᠨ ᠰᠠᠭᠤᠭᠠᠯᠢ ᠠᠷᠠᠳ᠎ᠤᠨ ᠪᠥᠭᠡᠮ ᠬᠦᠴᠢᠯ᠎ᠤᠨ ᠪᠠᠢᠴᠠᠭᠠᠯᠲᠡ ᠬᠢᠯᠭᠡᠬᠦ᠌ ᠥᠬᠡᠶ ᠬᠥᠮᠦᠰ᠎ᠢ ᠢᠯᠡᠴᠢᠯᠡᠨ ᠮᠡᠳᠡᠭᠦᠯᠬᠦ᠌᠎ᠶ᠋ᠢ ᠵᠣᠷᠢᠭ᠍ᠵᠢᠭᠤᠯᠵᠤ᠂ ᠪᠥᠭᠡᠮ ᠬᠦᠴᠢᠯ᠎ᠤᠨ ᠪᠠᠢᠴᠠᠭᠠᠯᠲᠡ᠎ᠶ᠋ᠢ ᠪᠦᠷᠢᠨ ᠪᠥᠷᠬᠦᠭᠦᠯᠬᠦ᠂ ᠭᠡᠭᠡᠭᠳᠡᠭᠰᠡᠨ ᠣᠷᠣᠨ ᠭᠠᠷᠭᠠᠬᠤ ᠥᠬᠡᠶ᠂ ᠥᠴᠦᠬᠡᠨ ᠴᠦ᠍ ᠰᠠᠭᠠᠲᠠᠭᠠᠬᠤ ᠥᠬᠡᠶ ᠪᠠᠢᠬᠤ᠎ᠶ᠋ᠢ ᠦᠨᠡᠨ ᠬᠦ᠌ ᠪᠡᠶᠡᠯᠡᠭᠦᠯᠬᠦ᠌ ᠬᠡᠷᠡᠭ᠌ᠲᠡᠶ᠃ ᠺᠣᠳ᠋ ᠣᠯᠭᠤᠬᠤ᠎ᠶ᠋ᠢ ᠪᠣᠳᠠᠲᠠᠢᠵᠢᠭᠤᠯᠬᠤ᠂ᠪᠢᠲᠡᠭᠦᠮᠵᠢᠯᠡᠨᠡᠵᠡᠮᠳᠡᠬᠦ᠌ᠣᠷᠣᠨ᠂ᠬᠠᠮᠢᠶᠠᠷᠤᠨᠡᠵᠡᠮᠳᠡᠬᠦ᠌ᠣᠷᠣᠨ᠂ᠨᠢᠭ᠍ᠲᠠᠤᠢᠷᠠᠳᠤᠭᠴᠢ᠂ᠳᠠᠮ ᠤᠢᠷᠠᠳᠤᠭᠴᠢ ᠵᠡᠷᠭᠡ ᠠᠶᠤᠯ ᠲᠦᠭ᠌ᠰᠢᠭᠦᠷᠢᠲᠠᠢ ᠬᠥᠮᠦᠰ ᠵᠢᠴᠢ ᠪᠥᠭᠡᠮ ᠬᠦᠴᠢᠯ᠎ᠤᠨ ᠪᠠᠢᠴᠠᠭᠠᠯᠲᠡ ᠬᠢᠭ᠌ᠰᠡᠨ ᠥᠬᠡᠶ ᠬᠥᠮᠦᠰ᠎ᠲᠤ ᠺᠣᠳ᠋ᠣᠯᠭᠤᠬᠤᠶ᠋ᠢᠪᠣᠳᠠᠲᠠᠢᠵᠢᠭᠤᠯᠬᠤᠶ᠋ᠢᠡᠷᠡᠰᠪᠡᠶᠡᠯᠡᠭᠦᠯᠵᠦ᠍᠂ᠡᠷᠡᠭᠦᠯ ᠮᠡᠨᠳᠦ᠍᠎ᠶ᠋ᠢᠨ ᠺᠣᠳ᠋᠎ᠢ ᠪᠠᠢᠴᠠᠭᠠᠨ ᠱᠢᠯᠭᠠᠬᠤ᠎ᠶ᠋ᠢ ᠴᠢᠩᠭᠠᠳᠭᠠᠨ᠂ ᠬᠥᠮᠦᠰ᠎ᠤᠨ ᠠᠶᠤᠯ ᠲᠦᠭ᠌ᠰᠢᠭᠦᠷᠢ᠎ᠶ᠋ᠢᠨ ᠬᠠᠮᠢᠶᠠᠷᠤᠨ ᠡᠵᠡᠮᠳᠡᠯᠳᠠᠶ᠋ᠢ ᠲᠠᠢᠯᠤᠭ᠍ᠰᠠᠨᠤ ᠳᠠᠷᠠᠭ᠎ᠠ ᠴᠠᠭ ᠲᠤᠬᠠᠶ᠎ᠳᠤᠨᠢ ᠺᠣᠳ᠋ ᠵᠢᠠᠨ ᠰᠤᠯᠢᠬᠤ ᠬᠡᠷᠡᠭ᠌ᠲᠡᠶ ᠭᠡᠵᠦ ᠱᠠᠭᠠᠷᠳᠠᠵᠤ ᠪᠤᠢ᠃
ᠡᠩ᠎ᠤᠨ ᠰᠠᠭᠤᠭᠠᠯᠢ ᠠᠷᠠᠳ᠎ᠤᠨ ᠲᠣᠭᠤᠷᠢᠭ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ ᠶ᠋ᠢ ᠨᠠᠢᠳᠠᠪᠤᠷᠢᠵᠢᠭᠤᠯᠬᠤ ᠶ᠋ᠢ ᠴᠢᠩᠭᠠᠳᠭᠠᠬᠤ ᠶ᠋ᠢᠨ ᠲᠥᠯᠥᠭᠡ᠂ ᠬᠦᠭᠡᠬᠤᠳᠠ᠎ᠶ᠋ᠢᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠤᠳᠭᠤ ᠭᠠᠵᠠᠷ᠎ᠤᠨ ᠪᠠᠢᠷᠢᠯᠠᠭᠤᠯᠤᠯᠲᠠ ᠲᠣᠬᠢᠷᠠᠭᠤᠯᠤᠯᠲᠠ ᠶᠣᠰᠣᠭᠠᠷ᠂ 2 ᠰᠠᠷ᠎ᠠ ᠶ᠋ᠢᠨ 28᠎ᠤ ᠡᠳᠦᠷᠠᠴᠠᠡᠬᠢᠯᠡᠨ 《ᠳᠥᠷᠪᠡᠨ ᠪᠤᠯᠬᠤ ᠦᠭᠡᠢ》 ᠲᠦᠷ ᠴᠠᠭ᠎ᠤᠨ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠦᠨ᠎ᠡ᠂ ᠲᠤᠬᠠᠢᠯᠠᠪᠠᠯ 《ᠭᠠᠳᠠᠨ᠎ᠠ᠎ᠠᠴᠠ ᠢᠷᠡᠭ᠌ᠰᠡᠨ ᠬᠥᠮᠦᠨ ᠶᠠᠭᠠᠭᠢᠭᠰᠠᠨ ᠴᠦ᠍ ᠣᠷᠣᠵᠤ ᠪᠣᠯᠬᠤ ᠥᠬᠡᠶ᠂ ᠱᠢᠷ᠎ᠠ ᠺᠣᠳ᠋ ᠪᠠ ᠤᠯᠠᠭᠠᠨ ᠺᠣᠳ᠋᠎ᠲᠠᠢ ᠬᠥᠮᠦᠨ ᠶᠠᠭᠠᠭᠢᠭᠰᠠᠨ ᠴᠦ᠍ ᠣᠷᠣᠵᠤ ᠪᠣᠯᠬᠤ ᠥᠬᠡᠶ᠂ ᠲᠣᠰ ᠰᠠᠭᠤᠭᠠᠯᠢ ᠠᠷᠠᠳ᠎ᠤᠨ ᠲᠣᠭᠤᠷᠢᠭ᠎ᠤᠨ ᠬᠥᠮᠦᠨ ᠣᠷᠣᠵᠤ ᠭᠠᠷᠬᠤ᠎ᠳᠠᠭᠠᠨ ᠴᠥᠮ〈ᠪᠥᠭᠡᠮ ᠬᠦᠴᠢᠯ᠎ᠤᠨ ᠪᠠᠢᠴᠠᠭᠠᠯᠲᠠ᠎ᠶ᠋ᠢᠨ ᠱᠣᠱᠢᠭ᠎ᠠ〉 ᠪᠤᠶᠤ ᠪᠥᠭᠡᠮ ᠬᠦᠴᠢᠯ᠎ᠤᠨ ᠪᠠᠢᠴᠠᠭᠠᠯᠲᠠ᠎ᠶ᠋ᠢᠨ ᠭᠡᠷᠡᠴᠢ᠎ᠶ᠋ᠢ ᠪᠠᠢᠴᠠᠭᠠᠨ ᠱᠢᠯᠭᠠᠵᠤ᠂ ᠰᠠᠭᠤᠭᠠᠯᠢ ᠠᠷᠠᠳ᠎ᠤᠨ ᠲᠣᠭᠤᠷᠢᠭ᠎ᠲᠤ ᠴᠤᠭ᠍ᠯᠠᠷᠠᠬᠤ᠎ᠶ᠋ᠢ ᠡᠷᠡᠰ ᠴᠠᠭᠠᠵᠠᠯᠠᠨ᠎ᠠ》᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃