ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-03-01 16:03:11

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠪᠥᠬᠥ᠌᠎ᠬᠣᠲᠠ᠎ᠶ᠋ᠢᠨ᠎ᠥᠷᠭᠡᠨ ᠣᠯᠠᠨ ᠠᠵᠢᠯ᠎ᠠᠴᠠ᠎ᠪᠠᠨ ᠠᠮᠠᠷᠠᠭ᠍ᠰᠠᠨ ᠡᠮᠴᠢᠯᠡᠭᠡᠨ᠎ᠦ ᠠᠵᠢᠯᠲᠠᠨ ᠪᠠ ᠠᠷᠠᠳ᠎ᠤᠨ ᠡᠵᠡᠩᠨᠡᠯᠲᠡ ᠵᠢᠨ ᠡᠮᠴᠢᠯᠡᠭᠡᠨ᠎ᠦ ᠪᠠᠢᠭᠤᠯᠤᠮᠵᠢ ᠵᠢᠨ ᠡᠮᠴᠢᠯᠡᠭᠡᠨ ᠎ᠤ ᠠᠵᠢᠯᠳᠡᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠳᠤ ᠢᠳᠡᠪᠬᠢᠲᠡᠶ ᠣᠷᠣᠯᠴᠠᠬᠤ ᠵᠢ ᠤᠷᠢᠶᠠᠯᠠᠬᠤ ᠲᠤᠬᠠᠶ ᠰᠠᠨᠠᠭᠠᠴᠢᠯᠠᠭ᠎ᠠ᠎ᠶ᠋ᠢᠨ ᠪᠢᠴᠢᠭ

ᠪᠦᠬᠦ᠌᠎ᠬᠤᠳᠠ᠎ᠶ᠋ᠢᠨ᠎ᠠᠵᠢᠯ᠎ᠡᠴᠡ᠎ᠪᠠᠨ᠎ᠠᠮᠠᠷᠠᠭ᠍ᠰᠠᠨ᠎ᠥᠷᠭᠡᠨ᠎ᠤᠯᠠᠨ᠎ᠡᠮᠴᠢ᠎ᠰᠤᠪᠢᠯᠠᠭ᠍ᠴᠢ᠂ ᠡᠯ᠎ᠡ ᠠᠷᠠᠳ᠎ᠤᠨ ᠡᠵᠡᠩᠨᠡᠯᠲᠡ᠎ᠶ᠋ᠢᠨ ᠡᠮᠴᠢᠯᠡᠭᠡᠨ᠎ᠦ ᠪᠠᠢᠭᠤᠯᠤᠮᠵᠢ᠎ᠶ᠋ᠢᠨ ᠡᠮᠴᠢ ᠰᠤᠪᠢᠯᠠᠭ᠍ᠴᠢ ᠳ᠋ᠤ᠄

ᠬᠢᠵᠢᠭ᠎ᠦᠨ ᠪᠠᠢᠳᠠᠯ ᠪᠣᠯ ᠵᠠᠷᠯᠢᠭ᠂ ᠰᠡᠷᠭᠡᠢᠯᠡᠨ ᠡᠵᠡᠮᠳᠡᠬᠦ᠌ ᠪᠣᠯ ᠬᠠᠷᠢᠭᠤᠴᠠᠯᠭ᠎ᠠ ᠮᠥᠨ᠃ ᠣᠳᠣᠬᠠᠨ᠎ᠳᠤ ᠮᠠᠨ᠎ᠤ ᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠶᠠᠭ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠱᠢᠵᠤ ᠪᠠᠢᠨ᠎ᠠ᠃ ᠡᠮᠴᠢ ᠰᠤᠪᠢᠯᠠᠭ᠍ᠴᠢ ᠳᠤᠲᠠᠭ᠍ᠳᠠᠵᠤ ᠪᠠᠢᠭ᠎ᠠ ᠣᠳᠣᠬᠢ ᠪᠠᠢᠳᠠᠯ᠎ᠢ ᠨᠠᠮᠳᠠᠭᠤᠯᠵᠤ᠂ ᠬᠢᠵᠢᠭ᠎ᠦᠨ ᠪᠠᠢᠳᠠᠯ᠎ᠢ ᠦᠨᠡᠨ ᠬᠦ᠌ ᠪᠦᠲᠦᠮᠵᠢᠲᠡᠶ ᠰᠡᠷᠭᠡᠢᠯᠡᠨ ᠡᠵᠡᠮᠳᠡᠵᠦ᠍᠂ ᠣᠷᠣᠨ᠎ᠤ ᠲᠥᠪ᠎ᠦᠨ ᠠᠷᠠᠳ ᠣᠯᠠᠨ᠎ᠤ ᠪᠡᠶ᠎ᠡ ᠮᠠᠬᠠᠪᠣᠳ᠎ᠤᠨ ᠡᠷᠡᠭᠦᠯ ᠮᠡᠨᠳᠦ ᠪᠠ ᠠᠮᠢ ᠨᠠᠰᠤᠨ᠎ᠤ ᠠᠮᠤᠷ ᠲᠦᠪᠱᠢᠨ᠎ᠢ ᠪᠥᠬᠥ᠌ ᠬᠦᠴᠦᠨ᠎ᠢᠶᠡᠷ᠎ᠢᠶᠡᠨ ᠪᠠᠲᠤᠯᠠᠬᠤ᠎ᠶ᠋ᠢᠨ ᠲᠥᠯᠥᠭᠡ᠂ ᠣᠨᠴᠠᠭᠠᠢᠯᠠᠨ ᠪᠥᠬᠥ᠌ ᠬᠣᠲᠠ᠎ᠶ᠋ᠢᠨ ᠥᠷᠭᠡᠨ ᠣᠯᠠᠨ ᠠᠵᠢᠯ ᠡᠴᠡ᠎ᠪᠠᠨ ᠠᠮᠠᠷᠠᠭ᠍ᠰᠠᠨ ᠡᠮᠴᠢᠯᠡᠭᠡᠨ᠎ᠦ ᠠᠵᠢᠯᠲᠠᠨ᠂ ᠡᠯ᠎ᠡ ᠠᠷᠠᠳ᠎ᠤᠨ ᠡᠵᠡᠩᠨᠡᠯᠲᠡ᠎ᠶ᠋ᠢᠨ ᠡᠮᠴᠢᠯᠡᠭᠡᠨ᠎ᠦ ᠪᠠᠢᠭᠤᠯᠤᠮᠵᠢ ᠶ᠋ᠢᠨ ᠡᠮᠴᠢᠯᠡᠭᠡᠨ᠎ᠦ ᠠᠵᠢᠯᠲᠠᠨ᠎ᠳᠤ ᠰᠠᠨᠠᠭᠠᠴᠢᠯᠠᠭ᠎ᠠ ᠵᠢᠨ ᠪᠢᠴᠢᠭ ᠭᠠᠷᠭᠠᠪᠡ᠄

ᠪᠥᠬᠥ᠌ ᠬᠣᠲᠠ᠎ᠶ᠋ᠢᠨ ᠥᠷᠭᠡᠨ ᠣᠯᠠᠨ ᠠᠵᠢᠯ ᠡᠴᠡ᠎ᠪᠠᠨ ᠠᠮᠠᠷᠠᠭ᠍ᠰᠠᠨ ᠡᠮᠴᠢ ᠰᠤᠪᠢᠯᠠᠭ᠍ᠴᠢ ᠪᠡᠶ᠎ᠡ᠎ᠶ᠋ᠢᠨ ᠪᠠᠢᠳᠠᠯ᠎ᠢᠶᠠᠨ ᠦᠵᠡᠵᠦ᠍᠂ ᠡᠮᠴᠢ ᠬᠥᠮᠦᠨ᠎ᠦ ᠡᠨᠡᠷᠢᠩᠭᠦᠶ ᠰᠡᠳᠭᠢᠯ᠎ᠢᠶᠡᠨ ᠢᠳᠡᠪᠬᠢᠲᠡᠶ ᠵᠤᠷᠢᠭᠤᠯᠵᠤ᠂ ᠡᠮᠴᠢ ᠬᠥᠮᠦᠨ᠎ᠦ ᠬᠠᠢᠷ᠎ᠠ ᠰᠡᠳᠭᠢᠯᠭᠡ᠎ᠶ᠋ᠢ ᠭᠦᠶ᠋ᠴᠡᠳ ᠪᠠᠳᠠᠷᠠᠭᠤᠯᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠳᠤ ᠢᠳᠡᠪᠬᠢᠲᠡᠶ ᠣᠷᠣᠯᠴᠠᠵᠤ᠂ ᠣᠷᠣᠨ᠎ᠤ ᠲᠥᠪ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠳᠦ ᠬᠦᠴᠦᠨ ᠨᠡᠮᠡᠷᠢᠯᠡᠬᠦ᠌᠎ᠶ᠋ᠢ ᠬᠦᠰᠡᠵᠦ᠍ ᠪᠠᠢᠨ᠎ᠠ᠃ ᠡᠯ᠎ᠡ ᠠᠷᠠᠳ᠎ᠤᠨ ᠡᠵᠡᠩᠨᠡᠯᠲᠡ᠎ᠶ᠋ᠢᠨ ᠡᠮᠴᠢᠯᠡᠭᠡᠨ᠎ᠦ ᠪᠠᠢᠭᠤᠯᠤᠮᠵᠢ᠎ᠶ᠋ᠢᠨ ᠡᠮᠴᠢ ᠰᠤᠪᠢᠯᠠᠭ᠍ᠴᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮᠦᠨ᠎ᠡ ᠹᠷᠣᠨᠲ᠎ᠲᠤ ᠰᠠᠨᠠᠭᠠᠴᠢᠯᠠᠭ᠎ᠠ ᠡᠴᠡ᠎ᠪᠠᠨ ᠣᠷᠣᠯᠴᠠᠵᠤ᠂ ᠠᠷᠠᠳ ᠲᠦᠮᠡᠨ᠎ᠦ ᠡᠷᠡᠭᠦᠯ ᠮᠡᠨᠳᠦ᠍᠎ᠶ᠋ᠢᠨ ᠠᠮᠤᠷ ᠲᠦᠪᠱᠢᠨ᠎ᠢ ᠪᠠᠲᠤᠯᠠᠬᠤ᠎ᠳᠤ ᠨᠡᠢᠭᠡᠮ᠎ᠦᠨ ᠬᠦᠴᠦᠨ ᠴᠢᠳᠠᠯ᠎ᠢᠶᠠᠨ ᠡᠷᠭᠦᠬᠦ᠌᠎ᠶ᠋ᠢ ᠬᠦᠰᠡᠵᠦ᠍ ᠪᠠᠢᠨ᠎ᠠ᠃ ᠨᠠᠮ᠎ᠤᠨ ᠲᠥᠪ ᠬᠣᠷᠢᠢ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠬᠤᠳᠠ᠎ᠶ᠋ᠢᠨ ᠨᠠᠮ᠎ᠤᠨ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠬᠤᠳᠠ᠎ᠶ᠋ᠢᠨ ᠠᠷᠠᠳ ᠲᠦᠮᠡᠨ᠎ᠦ ᠬᠠᠮᠲᠤ᠎ᠶ᠋ᠢᠨ ᠴᠢᠷᠮᠠᠢᠯᠭ᠎ᠠ᠎ᠪᠠᠷ᠂ ᠪᠢᠳᠠ ᠡᠨᠡ ᠬᠦ᠌ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠭᠦ ᠬᠤᠷᠢᠬᠯᠠᠯᠳᠡ ᠵᠢᠨ ᠳᠠᠢᠯᠠᠯᠳᠤᠭᠠᠨ᠎ᠤ ᠢᠯᠠᠯᠲᠠ᠎ᠶ᠋ᠢ ᠯᠠᠪᠲᠠᠢ ᠡᠷᠲᠡᠬᠡᠨ ᠣᠯᠵᠤ ᠴᠢᠳᠠᠨ᠎ᠠ ᠭᠡᠳᠡᠭ᠎ᠢ ᠪᠢᠳᠡ ᠪᠠᠲᠤ ᠢᠲᠡᠭᠡᠵᠦ᠍ ᠪᠠᠢᠨ᠎ᠠ᠃

ᠬᠡᠷᠪᠡ᠎ᠲᠠ᠎ᠡᠢᠮᠦ ᠰᠠᠨᠠᠭ᠎ᠠ᠎ᠲᠠᠶ ᠪᠣᠯ ᠬᠥᠬᠡᠬᠣᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠡᠮᠨᠡᠯᠭᠡ᠎ᠶ᠋ᠢᠨ ᠶᠠᠪᠤᠳᠠᠯ ᠡᠮᠨᠡᠯᠭᠡ᠎ᠶ᠋ᠢᠨ ᠬᠠᠮᠢᠶᠠᠷᠤᠯᠲᠠ᠎ᠶ᠋ᠢᠨ ᠰᠠᠯᠠᠭ᠎ᠠ᠎ᠲᠠᠶ ᠬᠠᠷᠢᠯᠴᠠᠵᠤ ᠳᠠᠩᠰᠠᠯᠠᠭᠤᠯᠤᠭᠠᠷᠠᠶ᠂ ᠬᠠᠷᠢᠯᠴᠠᠬᠤ ᠬᠥᠮᠦᠨ᠄ ᠴᠧᠩ ᠬᠣᠶ ᠬᠠᠷᠢᠯᠴᠠᠬᠤ ᠤᠲᠠᠰᠤ᠄ 0471— 4606825᠃

ᠡᠨᠳᠡ ᠲᠠ ᠪᠣᠯᠤᠨ ᠲᠠᠨ᠎ᠤ ᠭᠡᠷ᠎ᠦᠨ ᠬᠥᠮᠦᠰ᠎ᠲᠦ ᠭᠦᠨ ᠬᠦᠨᠳᠦᠳᠭᠡᠯ ᠳᠡᠪᠱᠢᠭᠦᠯᠵᠦ᠍ ᠪᠠᠢᠨ᠎ᠠ!


ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠥᠬᠡᠬᠣᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ

2022 ᠣᠨ᠎ᠤ 2 ᠰᠠᠷ᠎ᠠ᠎ᠶ᠋ᠢᠨ 27᠎ᠤ ᠡᠳᠦᠷ

ᠢᠷᠡᠯᠳᠡ᠄ ᠡᠷᠡᠭᠦᠯ ᠡᠩᠭᠡ ᠭᠦᠭᠡᠬᠤᠳᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面