ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-03-03 11:58:50

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

ᠤᠳᠤᠬᠠᠨ᠎ᠤ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ ᠪᠤᠳᠠᠳᠠᠢ ᠪᠠᠢᠳᠠᠯ᠎ᠢ ᠦᠨᠳᠦᠰᠦᠯᠡᠨ᠂ ᠮᠠᠨ᠎ᠤ ᠤᠷᠤᠨ᠎ᠤ ᠤᠯᠠᠩᠬᠢ ᠶᠡᠬᠡ ᠳᠡᠬᠡᠳᠤ ᠰᠤᠷᠭᠠᠭᠤᠯᠢ ᠵᠢᠨ ᠬᠢᠨ 2022 ᠤᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭᠠᠨ᠎ᠤ ᠰᠤᠷᠭᠠᠭᠤᠯᠢ᠎ᠳ᠋ᠠᠭᠠᠨ᠎ᠪᠤᠴᠠᠬᠤ᠎ᠴᠠᠭ᠎ᠢ ᠬᠤᠢᠰᠢᠯᠠᠭᠤᠯᠵᠤ᠂ ᠰᠦᠯᠵᠢᠶᠡᠨ ᠳ᠋ᠡᠬᠢ ᠵᠢᠭᠠᠨ ᠰᠤᠷᠭᠠᠯᠳᠠ ᠵᠢ ᠵᠠᠯᠭᠠᠭ᠎ᠠ ᠪᠡᠷ ᠡᠬᠢᠯᠡᠬᠦᠯᠦᠭᠰᠡᠨ ᠪᠠᠢᠨ᠎ᠠ᠃

ᠰᠤᠷᠪᠤᠯᠵᠢᠯᠠᠭᠴᠢ ᠵᠢᠨ ᠤᠢᠯᠠᠭᠠᠭᠰᠠᠨ ᠵᠢᠡᠷ᠂ ᠦᠪᠦᠷ ᠮᠤᠩᠭᠤᠯ᠎ᠤᠨ ᠶᠡᠬᠡ ᠰᠤᠷᠭᠠᠭᠤᠯᠢ 2 ᠰᠠᠷ᠎ᠠ ᠵᠢᠨ 21᠎ᠤ᠋ ᠡᠳᠦᠷ ᠡᠴᠡ ᠰᠦᠯᠵᠢᠶᠡᠨ ᠳ᠋ᠡᠬᠢ ᠵᠢᠭᠠᠨ ᠰᠤᠷᠭᠠᠯᠳᠠ ᠵᠢ ᠬᠡᠷᠡᠭᠵᠢᠬᠦᠯᠵᠦ᠂ 2022 ᠤᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭᠠᠨ᠎ᠤ ᠵᠢᠭᠠᠨ ᠰᠤᠷᠭᠠᠯᠳᠠ ᠪᠠᠨ ᠡᠬᠢᠯᠡᠬᠦᠯᠦᠯ᠎ᠡ᠃ ᠦᠪᠦᠷ ᠮᠤᠩᠭᠤᠯ᠎ᠤᠨ ᠪᠠᠭᠰᠢ ᠵᠢᠨ ᠶᠡᠬᠡ ᠰᠤᠷᠭᠠᠭᠤᠯᠢ 2 ᠰᠠᠷ᠎ᠠ ᠵᠢᠨ 28᠎ᠤ᠋ ᠡᠳᠦᠷ ᠡᠴᠡ ᠰᠦᠯᠵᠢᠶᠡᠨ᠎ᠳ᠋ᠡᠬᠢ ᠵᠢᠭᠠᠨ ᠰᠤᠷᠭᠠᠯᠳᠠ ᠪᠠᠨ ᠡᠬᠢᠯᠡᠬᠦᠯᠪᠠ᠃ ᠦᠪᠦᠷ ᠮᠤᠩᠭᠤᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠎ᠤᠨ ᠶᠡᠬᠡ ᠰᠤᠷᠭᠠᠭᠤᠯᠢ ᠵᠢᠨ ᠪᠠᠭᠰᠢ ᠠᠵᠢᠯᠳᠠᠳ 2 ᠰᠠᠷ᠎ᠠ ᠵᠢᠨ 24᠎ᠤ᠋ ᠡᠳᠦᠷ ᠡᠴᠡ ᠡᠬᠢᠯᠡᠨ ᠠᠵᠢᠯᠯᠠᠵᠤ᠂ 2 ᠰᠠᠷ᠎ᠠ ᠵᠢᠨ 28᠎ᠤ᠋ ᠡᠳᠦᠷ ᠡᠴᠡ ᠰᠦᠯᠵᠢᠶᠡᠨ᠎ᠳ᠋ᠡᠬᠢ ᠵᠢᠭᠠᠨ ᠰᠤᠷᠭᠠᠯᠳᠠ ᠪᠠᠨ ᠡᠬᠢᠯᠡᠬᠦᠯᠪᠠ᠃

ᠡᠯ᠎ᠠ ᠶᠡᠬᠡ ᠳᠡᠬᠡᠳᠤ ᠰᠤᠷᠭᠠᠭᠤᠯᠢ ᠵᠢᠨ ᠮᠡᠳᠡᠭᠳᠡᠯ᠎ᠢ ᠦᠨᠳᠦᠰᠦᠯᠡᠪᠡᠯ᠂ ᠰᠤᠷᠤᠭᠴᠢᠳ᠎ᠤᠨ ᠰᠤᠷᠭᠠᠭᠤᠯᠢ ᠳ᠋ᠠᠭᠠᠨ ᠪᠤᠴᠠᠬᠤ ᠴᠠᠭ ᠎ᠢ ᠬᠢᠵᠢᠭ᠎ᠤᠨ ᠪᠠᠢᠳᠠᠯ᠎ᠤᠨ ᠬᠤᠪᠢᠷᠠᠯᠳᠠ ᠪᠠ ᠳᠡᠬᠡᠳᠤ ᠱᠠᠳᠤᠨ᠎ᠤ ᠱᠠᠭᠠᠷᠳᠠᠯᠭ᠎ᠠ ᠪᠡᠷ ᠳᠤᠭᠳᠠᠭᠠᠬᠤ ᠪᠤᠯᠤᠨ᠎ᠠ᠃ ᠰᠤᠷᠤᠭᠴᠢᠳ ᠰᠤᠷᠭᠠᠭᠤᠯᠢ ᠵᠢᠨ ᠵᠢᠡᠨ ᠰᠤᠷᠭᠠᠭᠤᠯᠢ ᠳ᠋ᠠᠭᠠᠨ ᠪᠤᠴᠠᠵᠤ ᠪᠤᠯᠬᠤ ᠮᠡᠳᠡᠭᠳᠡᠯ᠎ᠢ ᠤᠯᠬᠤ ᠦᠬᠡᠢ ᠪᠤᠯ ᠰᠤᠷᠭᠠᠭᠤᠯᠢ ᠳ᠋ᠠᠭᠠᠨ ᠪᠤᠴᠠᠵᠤ ᠪᠤᠯᠬᠤ ᠦᠬᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面