ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-03-03 11:52:43

ᠵᠣᠬᠢᠶᠠᠭ᠍ᠴᠢ᠄ ᠵᠤᠤ ᠰᠢ ᠣᠩᠱᠢᠭ᠍ᠰᠠᠨ ᠣᠳᠠᠭ᠎ᠠ᠄ 3

— ᠥᠪᠥᠷ ᠮᠣᠩᠭᠣᠯ ᠤ᠋ᠨ ᠭᠤᠷᠪᠠᠳᠤᠭᠠᠷ ᠡᠮᠨᠡᠯᠭᠡ ᠶ᠋ᠢᠨ ᠬᠣᠷᠢᠶᠠᠨ ᠤ᠋ ᠳᠡᠳ᠋ ᠳᠠᠷᠤᠭ᠎ᠠ ᠴᠧᠨ ᠯᠢ ᠱᠢᠶᠠ ᠶ᠋ᠢ ᠰᠤᠷᠪᠤᠯᠵᠢᠯᠠᠭ᠍ᠰᠠᠨ ᠨᠢ

ᠬᠢᠵᠢᠭ ᠤ᠋ᠨ ᠬᠤᠭᠤᠴᠠᠭᠠᠨ ᠳ᠋ᠤ᠂ ᠣᠯᠠᠨ ᠲᠦᠮᠡᠨ ᠤ᠋ ᠰᠡᠳᠭᠢᠴᠡ ᠶ᠋ᠢᠨ ᠡᠷᠡᠬᠦᠯ ᠮᠡᠨᠳᠤ ᠵᠢᠨ ᠬᠢᠮᠤᠷᠠᠯ ᠢ᠋ ᠬᠠᠮᠢᠶᠠᠷᠬᠤ ᠠᠵᠢᠯ ᠢ᠋ ᠬᠡᠷᠬᠢᠨ ᠰᠠᠢᠲᠤᠷ ᠬᠢᠵᠦ᠍᠂ ᠣᠷᠣᠨ ᠤ᠋ ᠲᠥᠪ ᠤ᠋ᠨ ᠠᠷᠠᠳ ᠲᠦᠮᠡᠨ᠎ᠦ ᠪᠡᠶ᠎ᠡ ᠰᠡᠳᠭᠢᠴᠠ᠎ᠵᠢᠨ ᠡᠷᠡᠭᠦᠯ ᠮᠡᠨᠳᠦ᠍ ᠶ᠋ᠢ ᠪᠠᠲᠤᠯᠠᠬᠤ ᠲᠤᠬᠠᠢ᠂ 3 ᠰᠠᠷ᠎ᠠ ᠶ᠋ᠢᠨ 1 ᠤ᠋ ᠡᠳᠦᠷ ᠰᠤᠷᠪᠤᠯᠵᠢᠯᠠᠭ᠍ᠴᠢ ᠥᠪᠥᠷ ᠮᠣᠩᠭᠣᠯ ᠤ᠋ᠨ ᠭᠤᠷᠪᠠᠳᠤᠭᠠᠷ ᠡᠮᠨᠡᠯᠭᠡ ᠶ᠋ᠢᠨ ᠬᠣᠷᠢᠶᠠᠨ ᠤ᠋ ᠳᠡᠳ᠋ ᠳᠠᠷᠤᠭ᠎ᠠ ᠴᠧᠨ ᠯᠢ ᠱᠢᠶᠠ ᠶ᠋ᠢ ᠰᠤᠷᠪᠤᠯᠵᠢᠯᠠᠪᠠ᠃

ᠴᠧᠨ ᠯᠢ ᠱᠢᠶᠠ ᠶ᠋ᠢᠨ ᠲᠠᠨᠢᠯᠴᠠᠭᠤᠯᠤᠭᠰᠠᠨ ᠶ᠋ᠢᠡᠷ᠂ 2 ᠰᠠᠷ᠎ᠠ ᠶ᠋ᠢᠨ 15 ᠤ᠋ ᠡᠳᠦᠷ ᠬᠥᠬᠡᠬᠣᠲᠠ ᠳ᠋ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ ᠤ᠋ᠨ ᠬᠢᠵᠢᠭ ᠤ᠋ᠨ ᠪᠠᠢᠳᠠᠯ ᠭᠠᠷᠤᠭ᠍ᠰᠠᠨ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ᠋ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ ᠤ᠋ᠨ ᠡᠮᠴᠢᠯᠡᠭᠡᠨ᠎ᠦ ᠰᠡᠷᠭᠡᠢᠯᠡᠨ ᠡᠵᠡᠮᠳᠡᠬᠦ᠌ ᠳᠤᠭᠤᠢᠯᠠᠩ᠎ᠤᠨ ᠬᠢᠨ ᠬᠥᠬᠡᠬᠣᠲᠠ ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠤ᠋ᠨ ᠬᠢᠵᠢᠭ ᠤ᠋ᠨ ᠪᠠᠢᠳᠠᠯ ᠤ᠋ᠨ ᠬᠤᠭᠤᠴᠠᠭᠠᠨ ᠳ᠋ᠡᠬᠢ ᠰᠡᠳᠭᠢᠴᠡ ᠶ᠋ᠢᠨ ᠡᠷᠡᠬᠦᠯ ᠮᠡᠨᠳᠤ ᠵᠢᠨ ᠬᠢᠮᠤᠷᠠᠯ ᠢ᠋ ᠬᠠᠮᠢᠶᠠᠷᠬᠤ ᠠᠵᠢᠯ ᠢ᠋ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠦᠬᠡᠬᠤᠳᠠ ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠤ᠋ᠨ ᠬᠢᠵᠢᠭ ᠤ᠋ᠨ ᠪᠠᠢᠳᠠᠯ ᠤ᠋ᠨ ᠬᠤᠭᠤᠴᠠᠭᠠᠨ ᠳ᠋ᠤ ᠴᠢᠭ᠌ᠯᠡᠭᠦᠯᠦᠭ᠌ᠰᠡᠨ ᠰᠡᠳᠭᠢᠴᠡ ᠶ᠋ᠢᠨ ᠬᠢᠮᠤᠷᠠᠯ ᠢ᠋ ᠬᠠᠮᠢᠶᠠᠷᠬᠤ ᠠᠵᠢᠯ ᠤ᠋ᠨ ᠲᠥᠰᠦᠯ》 ᠢ᠋ ᠨᠠᠢᠷᠠᠭᠤᠯᠤᠨ ᠲᠠᠷᠬᠠᠭᠠᠭ᠍ᠰᠠᠨ ᠪᠥᠭᠡᠳ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠣᠶᠤᠨ ᠤ᠋ ᠡᠷᠡᠭᠦᠯ ᠬᠠᠮᠠᠭᠠᠯᠠᠯ ᠤ᠋ᠨ ᠲᠥᠪ᠎ᠤᠨ ᠬᠢᠨ ᠪᠥᠬᠥ᠌ ᠣᠷᠣᠨ ᠤ᠋ ᠣᠶᠤᠨ ᠤ᠋ ᠡᠷᠡᠭᠦᠯ ᠬᠠᠮᠠᠭᠠᠯᠠᠯ ᠤ᠋ᠨ ᠡᠬᠢ ᠪᠠᠶᠠᠯᠢᠭ ᠢ᠋ ᠨᠢᠭᠡᠳᠦᠯᠲᠡᠶ ᠲᠦᠯᠦᠪᠵᠢᠭᠦᠯᠦᠨ ᠵᠣᠬᠢᠶᠠᠨ ᠪᠠᠢᠭᠤᠯᠵᠤ᠂ ᠥᠪᠡᠷᠲᠡᠭᠡᠨ ᠵᠠᠰᠠᠬᠤ ᠣᠷᠣᠨ ᠤ᠋ ᠣᠶᠤᠨ ᠤ᠋ ᠡᠷᠡᠭᠦᠯ ᠬᠠᠮᠠᠭᠠᠯᠠᠯ ᠤ᠋ᠨ ᠲᠥᠷᠥᠯ ᠵᠦᠶ᠋ᠯ ᠤ᠋ᠨ ᠠᠯᠪᠠᠨ ᠬᠡᠷ ᠤ᠋ᠨ ᠡᠭᠦᠷᠭᠡ ᠴᠢᠳᠠᠪᠬᠢ ᠶ᠋ᠢ ᠪᠠᠳᠠᠷᠠᠭᠤᠯᠵᠦ᠂ ᠬᠥᠬᠡᠬᠣᠲᠠ᠎ᠳ᠋ᠤ᠎ᠲᠤᠰᠠᠯᠠᠨ ᠰᠡᠳᠭᠢᠴᠡ ᠶ᠋ᠢᠨ ᠬᠠᠮᠢᠶᠠᠷᠤᠯᠳᠠ ᠶ᠋ᠢᠨ ᠠᠵᠢᠯ ᠥᠷᠨᠢᠭᠦᠯᠬᠦ᠌ ᠬᠡᠷᠡᠭ᠌ᠲᠡᠶ ᠭᠡᠵᠦ᠍ ᠱᠠᠭᠠᠷᠳᠠᠵᠠᠢ᠃

ᠴᠧᠨ ᠯᠢ ᠱᠢᠶᠠ᠄《ᠮᠠᠨ ᠤ᠋ ᠡᠮᠨᠡᠯᠭᠡ ᠶ᠋ᠢᠨ ᠬᠣᠷᠢᠶᠠᠨ ᠤ᠋ ᠰᠡᠳᠭᠢᠴᠡ ᠶ᠋ᠢᠨ ᠲᠤᠰᠠᠯᠠᠮᠵᠢ ᠶ᠋ᠢᠨ ᠬᠠᠯᠠᠮᠱᠢᠯ ᠤᠲᠠᠰᠤ 12320 — 5 ᠪᠤᠯᠤᠨ᠎ᠠ᠂ 24 ᠴᠠᠭ ᠶ᠋ᠢᠡᠷ ᠬᠥᠮᠦᠰ ᠲᠦ᠍ ᠲᠤᠰᠭᠠᠶ ᠮᠡᠷᠭᠡᠵᠢᠯ ᠤ᠋ᠨ ᠰᠡᠳᠭᠢᠴᠡ ᠶ᠋ᠢᠨ ᠦᠶ᠋ᠯᠡᠴᠢᠯᠡᠭᠡ ᠪᠠ ᠬᠠᠪᠰᠤᠷᠤᠮᠵᠢ ᠬᠠᠩᠭᠠᠵᠤ ᠪᠠᠢᠨ᠎ᠠ》 ᠭᠡᠵᠦ ᠲᠠᠨᠢᠯᠴᠠᠭᠤᠯᠤᠯ᠎ᠠ᠃

ᠴᠧᠨ ᠯᠢ ᠱᠢᠶᠠ᠂ ᠤᠯᠠᠨ ᠶ᠋ᠢᠡᠷ ᠶ᠋ᠢᠡᠨ 《ᠲᠠᠪᠤ ᠶ᠋ᠢ ᠪᠠᠷᠢᠮᠳᠠᠯᠠᠨ ᠭᠤᠷᠪᠠ ᠶ᠋ᠢ ᠳᠡᠪᠴᠢᠬᠦ》 ᠵᠢ ᠰᠠᠢᠳᠤᠷ ᠬᠢᠵᠤ᠂ ᠤᠷᠮ᠎ᠠ ᠰᠡᠳᠭᠢᠯᠭᠡ᠎ᠪᠡᠨ ᠰᠠᠢ᠌ᠳᠦᠷ ᠬᠠᠮᠢᠶᠠᠷᠬᠤ᠎ᠵᠢ ᠬᠦᠰᠡᠵᠤ ᠪᠠᠢᠨ᠎ᠠ ᠭᠡᠪᠡ ᠃

《ᠲᠠᠪᠤ ᠶ᠋ᠢ ᠪᠠᠷᠢᠮᠳᠠᠯᠠᠬᠤ》ᠭᠡᠳᠡᠭ ᠨᠢ ᠳᠠᠷᠤᠢ ᠠᠵᠢᠯᠯᠠᠵᠤ ᠠᠮᠢᠳᠤᠷᠠᠬᠤ ᠴᠠᠭ ᠶ᠋ᠢᠡᠨ ᠰᠠᠢᠳᠦᠷ ᠲᠥᠯᠥᠪᠵᠢᠭᠦᠯᠬᠦ ᠶ᠋ᠢ ᠪᠠᠷᠢᠮᠳᠠᠯᠠᠨ᠎ᠠ; ᠲᠥᠷᠥᠯ᠎ᠰᠠᠳᠤᠨ ᠲᠠᠢ ᠪᠡᠨ ᠶᠠᠷᠢᠯᠴᠠᠵᠤ ᠰᠤᠯᠢᠴᠠᠬᠤ ᠵᠡᠷᠭᠡ ᠪᠡᠷ ᠳᠠᠮᠵᠢᠭᠤᠯᠤᠨ ᠳᠠᠷᠤᠭᠠᠰᠤ ᠪᠠᠨ ᠬᠦᠡᠭᠭᠡᠷᠡᠬᠦᠯᠵᠦ᠂ ᠲᠦᠷᠦᠯ ᠰᠠᠳᠤᠨ᠎ᠡᠴᠡ ᠪᠡᠨ ᠰᠡᠳᠬᠢᠴᠡ ᠶ᠋ᠢᠨ ᠳᠡᠮᠵᠢᠯᠭᠡ ᠬᠦᠷᠳᠡᠬᠦ ᠶ᠋ᠢ ᠪᠠᠷᠢᠮᠳᠠᠯᠠᠨ᠎ᠠ; ᠢᠳᠡᠪᠬᠢᠳᠠᠢ ᠪᠡᠷ ᠪᠡᠶ᠎ᠡ ᠪᠡᠨ ᠳᠠᠪᠳᠠᠨ ᠪᠤᠯᠪᠠᠰᠤᠷᠠᠭᠤᠯᠬᠤ᠎ᠶ᠋ᠢ᠎ᠪᠠᠷᠢᠮᠳᠠᠯᠠᠨ᠎ᠠ; ᠠᠩᠬᠠᠷᠤᠯ᠎ᠶ᠋ᠢᠡᠨ᠎ᠲᠥᠪᠯᠡᠷᠡᠭᠦᠯᠦᠨ᠎ᠤᠳᠭ᠎ᠠ᠎ᠠᠭᠤᠯᠭ᠎ᠠ᠎ᠲᠠᠶ᠎ᠶᠠᠪᠤᠳᠠᠯ ᠬᠢᠬᠦ᠎ᠵᠢ ᠪᠠᠷᠢᠮᠳᠠᠯᠠᠨ᠎ᠠ; ᠰᠡᠳᠭᠢᠬᠦ᠌ ᠪᠠ ᠡᠳᠦᠷ ᠤ᠋ᠨ ᠲᠡᠮᠳᠡᠭ᠌ᠯᠡᠯ ᠬᠢᠬᠦ᠌ ᠵᠡᠷᠭᠡ ᠠᠷᠭ᠎ᠠ ᠬᠡᠯᠪᠡᠷᠢ ᠪᠡᠷ ᠳᠠᠮᠵᠢᠭᠤᠯᠤᠨ ᠨᠠᠵᠠᠭᠠᠢ ᠤᠷᠮ᠎ᠠ ᠰᠡᠳᠭᠢᠯᠭᠡ ᠪᠠᠨ ᠲᠠᠪᠴᠢᠬᠦ᠎ᠵᠢ ᠪᠠᠷᠢᠮᠳᠠᠯᠠᠨ᠎ᠠ᠃

《ᠭᠤᠷᠪᠠ ᠶ᠋ᠢ ᠳᠡᠪᠴᠢᠬᠦ》ᠭᠡᠳᠡᠭ ᠨᠢ ᠠᠯᠵᠠᠭᠤ ᠵᠠᠯᠬᠠᠭᠤ᠎ᠶᠢ ᠳᠡᠪᠴᠢᠵᠦ᠂ ᠡᠮᠬᠢ ᠲᠢᠭᠯᠢᠮ ᠲᠠᠢ ᠠᠮᠢᠳᠤᠷᠠᠨ᠎ᠠ; ᠴᠤᠤᠷᠬᠠᠯ ᠢ᠋ ᠳᠡᠪᠴᠢᠵᠦ᠂ ᠴᠤᠤᠷᠬᠠᠯ ᠢ᠋ ᠳᠠᠮᠵᠢᠭᠤᠯᠬᠤ ᠦᠭᠡᠢ; ᠡᠪᠡᠳᠴᠢᠨ ᠡᠴᠡ ᠰᠢᠷᠬᠢᠵᠦ ᠡᠮᠨᠡᠭᠦᠯᠬᠦ ᠡᠴᠡ ᠠᠶᠤᠬᠤ ᠰᠡᠳᠬᠢᠴᠡ᠎ᠶᠢ ᠳᠡᠪᠴᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面