ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-03-03 11:36:22

ᠵᠣᠬᠢᠶᠠᠭ᠍ᠴᠢ᠄ ᠸᠠᠩ ᠶᠠ ᠵᠢᠩ ᠱᠢᠤᠢ ᠶᠤᠸᠠᠢ ᠣᠩᠱᠢᠭ᠍ᠰᠠᠨ ᠣᠳᠠᠭ᠎ᠠ᠄ 3

3 ᠰᠠᠷ᠎ᠠ᠎ᠶ᠋ᠢᠨ 2 ᠤ᠋ᠨ ᠡᠳᠦᠷ᠎ᠦᠨ 10 ᠴᠠᠭ᠎ᠲᠤ᠂ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ ᠡᠴᠡ᠂ 3 ᠰᠠᠷ᠎ᠠ᠎ᠶ᠋ᠢᠨ 1 ᠤ᠋ ᠡᠳᠦᠷ᠎ᠦᠨ 0 ᠴᠠᠭ ᠡᠴᠡ 24 ᠴᠠᠭ ᠪᠣᠯᠲᠠᠯ᠎ᠠ᠂ ᠬᠥᠬᠡᠬᠣᠲᠠ ᠰᠢᠨ᠎ᠡ ᠪᠡᠷ ᠨᠡᠮᠡᠭᠳᠡᠭᠰᠡᠨ ᠲᠤᠬᠠᠢ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠣᠨᠣᠱᠢᠯᠠᠭ᠍ᠳᠠᠬᠰᠠᠨ ᠡᠪᠡᠳᠴᠢᠨ᠎ᠦ ᠵᠢᠱ᠌ᠢᠢ᠎ᠡ ᠵᠢ 16 ᠮᠡᠳᠡᠬᠦᠯᠵᠥ᠂ 3 ᠰᠠᠷ᠎ᠠ᠎ᠶ᠋ᠢᠨ 1 ᠤ᠋ ᠡᠳᠦᠷ᠎ᠦᠨ 24 ᠴᠠᠭ ᠪᠣᠯᠲᠠᠯ᠎ᠠ᠂ ᠲᠤᠰ ᠡᠭᠡᠯᠵᠢ᠎ᠶ᠋ᠢᠨ ᠬᠢᠵᠢᠭ᠎ᠦᠨ ᠪᠠᠢᠳᠠᠯ᠎ᠳᠤ ᠬᠥᠬᠡᠬᠣᠲᠠ᠎ᠶ᠋ᠢᠨ ᠬᠢᠨ ᠲᠤᠬᠠᠢ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠣᠨᠣᠱᠢᠯᠠᠭ᠍ᠳᠠᠬᠰᠠᠨ ᠡᠪᠡᠳᠴᠢᠨ᠎ᠦ ᠵᠢᠱ᠌ᠢᠢ᠎ᠡ᠎ᠶ᠋ᠢ ᠨᠡᠢ᠌ᠳᠡ 388 ᠮᠡᠳᠡᠭᠦᠯᠪᠡ᠂ ᠣᠳᠣᠬᠠᠨ᠎ᠳᠤ 76 ᠡᠪᠡᠳᠴᠢᠲᠡᠨ ᠵᠠᠯᠭᠠᠭ᠎ᠠ᠎ᠪᠠᠷ ᠡᠳᠡᠭᠡᠷᠡᠨ᠎ᠡᠮᠨᠡᠯᠭᠡ᠎ᠡᠴᠡ᠎ᠭᠠᠷᠴᠤ᠌᠂᠎ᠪᠦᠬᠦ᠌᠎ᠬᠤᠳᠠ᠎ᠳᠤ ᠤᠳᠤ ᠲᠤᠬᠠᠢ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠣᠨᠣᠱᠢᠯᠠᠭ᠍ᠳᠠᠬᠰᠠᠨ ᠡᠪᠡᠳᠴᠢᠨ᠎ᠦ ᠵᠢᠱ᠌ᠢᠢ᠎ᠡ 312 ᠪᠤᠢ ᠭᠡᠵᠦ ᠨᠡᠢᠳᠡᠯᠡᠪᠡ᠃

ᠲᠠᠨᠢᠯᠴᠠᠭᠤᠯᠤᠭ᠍ᠰᠠᠨ᠎ᠢᠶᠠᠷ᠂ ᠰᠢᠨ᠎ᠡ ᠪᠡᠷ ᠨᠡᠮᠡᠭᠳᠡᠭᠰᠡᠨ 16 ᠤᠨᠤᠰᠢᠯᠠᠬᠳᠠᠬᠰᠠᠨ ᠡᠪᠡᠳᠴᠢᠨ᠎ᠤ ᠵᠢᠱ᠌ᠢᠶ᠎ᠡ ᠳ᠋ᠤ᠂ ᠱᠢᠨ᠎ᠡ ᠬᠣᠲᠠ ᠲᠣᠭᠣᠷᠢᠭ᠎ᠲᠸ᠋ 6᠂ ᠢᠦᠢᠴᠢᠤᠸᠠᠨ ᠲᠣᠭᠣᠷᠢᠭ ᠲᠸ᠋ 1᠂ ᠲᠦᠮᠡᠳ ᠵᠡᠭᠦᠨ ᠬᠣᠱᠢᠭᠤᠨ ᠳ᠋ᠤ 9 ᠡᠪᠡᠳᠴᠢᠨ᠎ᠤ ᠵᠢᠱ᠌ᠢᠶ᠎ᠡ ᠪᠤᠢ᠃ ᠱᠢᠨ᠎ᠡ᠎ᠪᠡᠷ ᠨᠡᠮᠡᠭ᠌ᠳᠡᠭ᠌ᠰᠡᠨ ᠤᠨᠤᠰᠢᠯᠠᠬᠳᠠᠬᠰᠠᠨ ᠡᠪᠡᠳᠴᠢᠨ᠎ᠦ ᠵᠢᠱ᠌ᠢᠶ᠎ᠡ᠎ᠳᠦ ᠲᠤᠰᠠᠭᠠᠷᠯᠠᠭ᠍ᠰᠠᠨ ᠴᠡᠭ᠎ᠡᠴᠡ ᠤᠨᠤᠰᠢᠯᠠᠬᠳᠠᠬᠰᠠᠨ ᠨᠢᠭ᠍ᠲᠠ ᠦᠢᠷᠠᠳᠤᠬᠴᠢ᠂ ᠳᠠᠮ ᠦᠢᠷᠠᠳᠤᠬᠴᠢ 10 ᠪᠠᠢᠵᠥ᠂ ᠪᠢᠲᠡᠭᠦᠮᠵᠢᠯᠡᠨ ᠡᠵᠡᠮᠳᠡᠬᠦ᠌ ᠣᠷᠣᠨ᠂ ᠬᠠᠮᠢᠶᠠᠷᠤᠨ ᠡᠵᠡᠮᠳᠡᠬᠦ᠌ ᠣᠷᠣᠨ᠎ᠳ᠋ᠡᠬᠢ ᠭᠤᠤᠯᠳᠠᠯᠭ᠎ᠠ᠎ᠲᠠᠶ ᠬᠠᠮᠢᠶᠠᠷᠤᠨ ᠡᠵᠡᠮᠳᠡᠵᠦ᠍ ᠪᠠᠢᠭ᠎ᠠ ᠬᠥᠮᠦᠨ 5 ᠪᠠᠢᠵᠥ᠂ ᠰᠡᠷᠭᠡᠢᠯᠡᠯᠲᠡ᠎ᠶ᠋ᠢᠨ ᠣᠷᠣᠨ᠎ᠳᠤ 1 ᠪᠤᠢ᠃

3 ᠰᠠᠷ᠎ᠠ᠎ᠶ᠋ᠢᠨ 2 ᠤ᠋ᠨ ᠡᠳᠦᠷ᠎ᠦᠨ 5 ᠴᠠᠭ ᠡᠴᠡ ᠡᠬᠢᠯᠡᠨ᠂ ᠬᠥᠬᠡᠬᠣᠲᠠ ᠬᠣᠶᠠᠷ ᠱᠠᠲᠤ ᠬᠤᠪᠢᠶᠠᠨ ᠭᠤᠤᠯᠳᠠᠯᠭ᠎ᠠ᠎ᠲᠠᠶ ᠣᠷᠣᠨ᠎ᠳᠤ ᠪᠥᠭᠡᠮ ᠬᠦᠴᠢᠯ᠎ᠦᠨ ᠪᠠᠢᠴᠠᠭᠠᠯᠲᠠ᠎ᠶ᠋ᠢ ᠦᠷᠭᠦᠯᠵᠢᠯᠡᠨ ᠥᠷᠨᠢᠭᠦᠯᠵᠦ᠍᠂ ᠲᠥᠪᠯᠡᠷᠡᠭᠦᠯᠦᠨ ᠥᠯᠢᠭᠡᠷ ᠠᠪᠬᠤ ᠠᠵᠢᠯ ᠳᠤᠬᠠᠢ ᠵᠢᠨ ᠡᠳᠦᠷ᠎ᠦᠨ 14 ᠴᠠᠭ ᠪᠣᠯᠳᠠᠯ᠎ᠠ ᠶᠠᠪᠤᠬᠳᠠᠵᠥ᠂ ᠪᠠᠢᠴᠠᠭᠠᠬᠤ ᠬᠡᠪᠴᠢᠶ᠎ᠡ᠎ᠳ᠋ᠤ ᠲᠦᠮᠡᠳ ᠵᠡᠭᠦᠨ ᠬᠣᠱᠢᠭᠤ᠂ ᠦᠴᠦᠸᠠᠨ ᠱᠢᠶᠠᠨ᠂ ᠱᠢᠨ᠎ᠡ ᠬᠣᠲᠠ ᠲᠣᠭᠣᠷᠢᠭ᠂ ᠬᠣᠲᠣᠩ ᠠᠷᠠᠳ᠎ᠤᠨ ᠲᠣᠭᠣᠷᠢᠭ᠂ ᠢᠦᠢᠴᠢᠤᠸᠠᠨ ᠲᠣᠭᠣᠷᠢᠭ᠂ ᠰᠠᠢᠬᠠᠨ ᠲᠣᠭᠣᠷᠢᠭ ᠪᠣᠯᠤᠨ ᠠᠵᠤ ᠠᠬᠤᠶ ᠮᠡᠷᠭᠡᠵᠢᠯ᠎ᠦᠨ ᠨᠡᠭᠡᠭᠡᠯᠲᠡ᠎ᠶ᠋ᠢᠨ ᠲᠣᠭᠣᠷᠢᠭ ᠪᠠᠬᠳᠠᠪᠠ᠃ ᠨᠢᠭᠡᠳᠦᠭᠡᠷ ᠱᠠᠲᠤᠨ᠎ᠳᠤ ᠲᠤᠰᠠᠭᠠᠷᠯᠠᠬᠤ ᠪᠠᠭᠤᠳᠠᠯ᠎ᠳᠡᠬᠢ ᠨᠢᠭ᠍ᠲᠠ ᠦᠢᠷᠠᠳᠤᠬᠴᠢ᠂ ᠳᠠᠮ ᠦᠢᠷᠠᠳᠤᠬᠴᠢ ᠬᠥᠮᠦᠰ᠎ᠲᠦ ᠪᠥᠭᠡᠮ ᠬᠦᠴᠢᠯ᠎ᠦᠨ ᠪᠠᠢᠴᠠᠭᠠᠯᠲᠠ ᠬᠢᠵᠦ᠍᠂ 5 ᠴᠠᠭ ᠡᠴᠡ ᠡᠬᠢᠯᠡᠨ ᠥᠯᠢᠭᠡᠷ ᠠᠪᠴᠤ᠌᠂ 7 ᠴᠠᠭ ᠡᠴᠡ ᠡᠮᠦᠨ᠎ᠡ ᠥᠯᠢᠭᠡᠷ᠎ᠢ ᠬᠦᠷᠭᠡᠵᠦ᠍ ᠳᠠᠭᠤᠰᠭᠠᠪᠠ; ᠬᠣᠶᠠᠳᠤᠭᠠᠷ ᠱᠠᠲᠤᠨ᠎ᠳᠤ ᠪᠤᠰᠤᠳ ᠥᠯᠢᠭᠡᠷ ᠠᠪᠬᠤ ᠴᠡᠭ ᠲᠸ᠋ ᠪᠥᠭᠡᠮ ᠬᠦᠴᠢᠯ᠎ᠦᠨ ᠪᠠᠢᠴᠠᠭᠠᠯᠲᠠ ᠬᠢᠵᠦ᠍᠂ 7 ᠴᠠᠭ ᠡᠴᠡ ᠡᠬᠢᠯᠡᠨ ᠥᠯᠢᠭᠡᠷ ᠠᠪᠴᠤ᠌᠂ 14 ᠴᠠᠭ ᠡᠴᠡ ᠡᠮᠦᠨ᠎ᠡ ᠥᠯᠢᠭᠡᠷ ᠠᠪᠴᠤ᠌ ᠳᠠᠭᠤᠰᠬᠠᠨ᠂ 16 ᠴᠠᠭ ᠡᠴᠡ ᠡᠮᠦᠨ᠎ᠡ ᠥᠯᠢᠭᠡᠷ᠎ᠢ ᠬᠦᠷᠬᠡᠵᠥ ᠳᠠᠭᠤᠰᠭᠠᠪᠠ᠃ ᠡᠭᠦᠨ᠎ᠳᠦ᠂ ᠬᠡᠷ᠎ᠲᠦᠨᠢ ᠲᠤᠰᠠᠭᠠᠷᠯᠠᠵᠥ ᠪᠠᠢᠭ᠎ᠠ ᠳᠠᠮ ᠦᠢᠷᠠᠳᠤᠬᠴᠢ᠂ ᠳᠡᠭᠡᠷ᠎ᠡ ᠨᠢᠭᠡ ᠡᠭᠡᠯᠵᠢ᠎ᠳᠦ ᠠᠷᠭ᠎ᠠ ᠴᠢᠨᠠᠷᠲᠠᠶ ᠪᠡᠷ ᠣᠨᠣᠱᠢᠯᠠᠭ᠍ᠳᠠᠭ᠍ᠰᠠᠨ ᠡᠪᠡᠳᠴᠢᠲᠡᠨ ᠪᠠᠢᠭ᠎ᠠ ᠵᠡᠭᠡᠯᠢ ᠭᠤᠳᠤᠮᠵᠢ ᠵᠢᠴᠢ ᠨᠡᠢᠭᠡᠮ ᠲᠣᠭᠣᠷᠢᠭ᠎ᠤᠨ ᠬᠣᠯᠪᠣᠭ᠍ᠳᠠᠭ᠍ᠰᠠᠨ ᠣᠷᠣᠨ ᠪᠦᠰᠡ᠂ ᠪᠢᠲᠡᠭᠦᠮᠵᠢᠯᠡᠨ ᠡᠵᠡᠮᠳᠡᠬᠦ᠌ ᠣᠷᠣᠨ᠂ ᠬᠠᠮᠢᠶᠠᠷᠤᠨ ᠡᠵᠡᠮᠳᠡᠬᠦ᠌ ᠣᠷᠣᠨ ᠵᠡᠷᠭᠡ ᠭᠤᠤᠯᠳᠠᠯᠭ᠎ᠠ᠎ᠲᠠᠶ ᠣᠷᠣᠨ ᠪᠦᠰᠡ ᠡᠴᠡ ᠤᠷᠢᠳ ᠵᠢᠡᠷ ᠥᠯᠢᠭᠡᠷ ᠠᠪᠴᠤ᠌᠎ᠪᠠᠢᠴᠠᠭᠠᠪᠠ᠃᠎ᠲᠤᠬᠳᠠᠬᠤ᠎ᠱᠢᠶᠠᠨ᠂᠎ᠬᠣᠷᠢᠨᠭᠡᠷ᠎ᠱᠢᠶᠠᠨ᠂᠎ᠴᠢᠩ᠎ᠱᠦᠶ᠎ᠾᠧ ᠱᠢᠶᠠᠨ ᠰᠡᠷᠭᠡᠢᠯᠡᠨ ᠡᠵᠡᠮᠳᠡᠬᠦ᠌ ᠬᠠᠷᠢᠭᠤᠴᠠᠯᠭ᠎ᠠ᠎ᠶ᠋ᠢ ᠴᠢᠩᠭ᠎ᠠ᠎ᠨᠠᠢᠳᠠᠪᠤᠷᠢᠵᠢᠭᠤᠯᠤᠭ᠍ᠰᠠᠨ᠎ᠰᠠᠭᠤᠷᠢᠨ᠎ᠳᠡᠭᠡᠷ᠎ᠡ᠂᠎ᠲᠤᠰᠠᠭᠠᠷᠯᠠᠬᠤ ᠪᠠᠭᠤᠳᠠᠯ᠎ᠤᠨ ᠭᠤᠤᠯᠳᠠᠯᠭ᠎ᠠ᠎ᠲᠠᠶ ᠬᠥᠮᠦᠰ᠎ᠲᠦ ᠦᠷᠭᠦᠯᠵᠢᠯᠡᠨ ᠪᠥᠭᠡᠮ ᠬᠦᠴᠢᠯ᠎ᠦᠨ ᠪᠠᠢᠴᠠᠭᠠᠯᠲᠠ ᠬᠢᠪᠠ᠃ ᠲᠣᠰ ᠡᠭᠡᠯᠵᠢ᠎ᠶ᠋ᠢᠨ ᠪᠥᠭᠡᠮ ᠬᠦᠴᠢᠯ᠎ᠦᠨ ᠪᠠᠢᠴᠠᠭᠠᠯᠲᠠ᠎ᠳᠤ ᠲᠤᠰᠠᠭᠠᠷᠯᠠᠬᠤ ᠴᠡᠭ ᠳᠡᠬᠢ ᠨᠢᠭ᠍ᠲᠠ ᠦᠢᠷᠠᠳᠤᠬᠴᠢ᠂ ᠳᠠᠮ ᠦᠢᠷᠠᠳᠤᠬᠴᠢ ᠬᠥᠮᠦᠰ ᠵᠢᠴᠢ ᠡᠮᠴᠢ ᠰᠤᠪᠢᠯᠠᠭ᠍ᠴᠢ ᠳ᠋ᠤ 1᠄ 1 ᠎ᠪᠠᠷ ᠲᠤᠰᠠᠭᠠᠷ ᠥᠯᠢᠭᠡᠷ ᠠᠪᠤᠭᠰᠠᠨ ᠪᠠᠢᠨ᠎ᠠ᠃

ᠣᠢᠷ᠎ᠠ᠎ᠳᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠡᠷᠡᠭ᠌ᠴᠡᠭᠡ᠎ᠶ᠋ᠢ ᠦᠨᠳᠦᠰᠦᠯᠡᠨ᠂ ᠬᠥᠬᠡᠬᠣᠲᠠ᠎ᠶ᠋ᠢᠨ᠎ᠬᠢᠨ ᠠᠶᠤᠯ ᠲᠦᠭ᠌ᠰᠢᠭᠦᠷᠢ᠎ᠲᠡᠶ ᠬᠥᠮᠦᠰ᠂ ᠪᠥᠭᠡᠮ ᠬᠦᠴᠢᠯ᠎ᠦᠨ ᠪᠠᠢᠴᠠᠭᠠᠯᠳᠠ ᠬᠢᠭ᠌ᠰᠡᠨ ᠥᠬᠡᠶ ᠬᠥᠮᠦᠰ᠎ᠦᠨ ᠡᠷᠡᠭᠦᠯ ᠮᠡᠨᠳᠦ᠍᠎ᠶ᠋ᠢᠨ ᠺᠣᠳ᠋᠎ᠲᠤ ᠺᠣᠳ᠋ ᠣᠯᠭᠣᠵᠤ᠂ ᠡᠭᠦᠨ᠎ᠳᠦ ᠨᠢᠭ᠍ᠲᠠ ᠤᠢᠷᠠᠳᠤᠭᠴᠢ᠂ ᠲᠠᠮ ᠤᠢᠷᠠᠳᠤᠭᠴᠢ᠂ ᠪᠢᠲᠡᠭᠦᠮᠵᠢᠯᠡᠨ ᠡᠵᠡᠮᠳᠡᠬᠦ᠌ ᠣᠷᠣᠨ᠎ᠤ ᠬᠥᠮᠦᠰ᠎ᠲᠦ ᠤᠯᠠᠭᠠᠨ ᠺᠣᠳ᠋ ᠣᠯᠭᠣᠵᠤ᠂ ᠪᠥᠭᠡᠮ ᠬᠦᠴᠢᠯ᠎ᠦᠨ ᠪᠠᠢᠴᠠᠭᠠᠯᠳᠠ ᠬᠢᠭ᠌ᠰᠡᠨ ᠥᠬᠡᠶ ᠬᠥᠮᠦᠰ᠂ ᠬᠠᠮᠢᠶᠠᠷᠤᠨ ᠡᠵᠡᠮᠳᠡᠬᠦ᠌ ᠣᠷᠣᠨ᠎ᠤ ᠬᠥᠮᠦᠰ᠎ᠲᠦ ᠱᠢᠷ᠎ᠠ ᠺᠣᠳ᠋ ᠣᠯᠭᠣᠪᠠ᠃ 3 ᠰᠠᠷ᠎ᠠ᠎ᠶ᠋ᠢᠨ 1 ᠎ᠤ᠋ ᠡᠳᠦᠷ᠎ᠦᠨ 24 ᠴᠠᠭ ᠪᠣᠯᠲᠠᠯ᠎ᠠ᠂ ᠨᠡᠢᠲᠡ 239711 ᠬᠥᠮᠦᠨ᠎ᠳᠦ ᠺᠣᠳ᠋ ᠣᠯᠭᠣᠵᠤ᠂ ᠡᠭᠦᠨ᠎ᠳᠦ 45983 ᠬᠥᠮᠦᠨ᠎ᠳᠦ ᠤᠯᠠᠭᠠᠨ ᠺᠣᠳ᠋ ᠣᠯᠭᠣᠵᠤ(ᠨᠢᠭ᠍ᠲᠠ ᠤᠢᠷᠠᠳᠤᠭᠴᠢ16166᠂ ᠲᠠᠮ ᠤᠢᠷᠠᠳᠤᠭᠴᠢ 7980 ᠬᠥᠮᠦᠨ᠂ ᠪᠢᠲᠡᠭᠦᠮᠵᠢᠯᠡᠨ ᠡᠵᠡᠮᠳᠡᠬᠦ᠌ ᠣᠷᠣᠨ᠎ᠳᠤ 21837 ᠬᠥᠮᠦᠨ)᠂ 193728 ᠬᠥᠮᠦᠨ᠎ᠳᠦ ᠱᠢᠷ᠎ᠠ ᠺᠣᠳ᠋ ᠣᠯᠭᠣᠪᠠ; ᠨᠡᠢᠲᠡ 11585 ᠬᠥᠮᠦᠨ ᠤ᠋ ᠺᠣᠳ᠋ ᠢ᠋ ᠬᠤᠪᠢᠷᠠᠭᠤᠯᠪᠠ᠂ ᠡᠭᠦᠨ᠎ᠳᠦ ᠤᠯᠠᠭᠠᠨ ᠺᠣᠳ᠋ ᠡᠴᠡ ᠨᠣᠭᠣᠭᠠᠨ ᠺᠣᠳ᠋ ᠪᠤᠯᠵᠦ ᠬᠤᠪᠢᠷᠠᠭᠰᠠᠨ ᠨᠢ 2106 ᠬᠥᠮᠦᠨ᠂ ᠱᠢᠷ᠎ᠠ ᠺᠣᠳ᠋ ᠡᠴᠡ ᠨᠣᠭᠣᠭᠠᠨ ᠺᠣᠳ᠋ ᠪᠤᠯᠵᠦ ᠬᠤᠪᠢᠷᠠᠭᠰᠠᠨ ᠨᠢ 9479 ᠬᠥᠮᠦᠨ ᠪᠤᠯᠤᠨ᠎ᠠ᠃

3 ᠰᠠᠷ᠎ᠠ᠎ᠶ᠋ᠢᠨ 1 ᠤ᠋ ᠡᠳᠦᠷ᠂ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ 30 ᠳ᠋ᠤᠭᠠᠷ ᠲᠣᠭᠠᠲᠤ ᠠᠯᠪᠠᠨ ᠵᠠᠷᠯᠠᠯ ᠨᠡᠢᠲᠡᠯᠡᠵᠦ᠍᠂ ᠵᠠᠮ ᠬᠠᠷᠢᠯᠴᠠᠭᠠᠨ᠎ᠤ ᠶᠠᠪᠤᠵᠤ ᠰᠠᠭᠤᠬᠤ᠎ᠶ᠋ᠢ ᠰᠡᠷᠭᠡᠢᠯᠡᠨ ᠡᠵᠡᠮᠳᠡᠬᠦ᠌ ᠲᠥᠷᠥ᠎ᠶ᠋ᠢᠨ ᠪᠣᠳᠣᠯᠭ᠎ᠠ᠎ᠶ᠋ᠢ ᠤᠯᠠᠮ ᠨᠢᠭᠡ ᠠᠯᠬᠤᠮ ᠲᠣᠳᠣᠷᠬᠠᠢᠯᠠᠪᠠ᠃ ᠬᠥᠬᠡᠬᠣᠲᠠ᠎ᠶ᠋ᠢᠨ ᠬᠡᠪᠴᠢᠶᠡᠨ᠎ᠳᠡᠬᠢ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠱᠤᠭᠤᠮ᠎ᠳᠤ ᠠᠪᠴᠢᠭᠤᠯᠤᠨ ᠲᠣᠬᠢᠷᠠᠭᠤᠯᠤᠯᠲᠠ ᠬᠢᠵᠦ᠍᠂ ᠣᠯᠠᠨ ᠨᠡᠢᠲᠡ᠎ᠶ᠋ᠢᠨ ᠵᠠᠮ ᠬᠠᠷᠢᠯᠴᠠᠭ᠎ᠠ᠂ ᠭᠠᠵᠠᠷ ᠳᠤᠤᠷᠠᠬᠢ ᠲᠡᠮᠦᠷ ᠵᠠᠮ᠎ᠤᠨ ᠡᠵᠡᠩᠨᠡᠯᠲᠡ᠎ᠶ᠋ᠢᠨ ᠱᠤᠭᠤᠮ ᠨᠢ ᠳᠤᠮᠳᠠ ᠥᠨᠳᠥᠷ ᠲᠦᠭ᠌ᠰᠢᠭᠦᠷᠢᠲᠦ ᠭᠠᠵᠠᠷ ᠣᠷᠣᠨ ᠳ᠋ᠤ ᠦᠷᠳᠡᠭᠡ ᠠᠯᠤᠰᠯᠠᠨ ᠠᠵᠢᠯᠯᠠᠬᠤ᠎ᠶ᠋ᠢᠨ ᠬᠠᠮᠲᠤ ᠲᠡᠷᠭᠡ ᠶᠠᠪᠤᠭᠤᠯᠬᠤ ᠤᠳᠠᠭ᠎ᠠ᠎ᠪᠠᠨ ᠪᠠᠭᠠᠰᠭᠠᠵᠤ᠂ ᠠᠯᠤᠰᠯᠠᠬᠤ ᠴᠠᠭ᠎ᠢᠶᠠᠨ ᠶᠡᠬᠡᠰᠭᠡᠨ᠎ᠡ; ᠬᠣᠲᠠ᠎ᠳ᠋ᠡᠬᠢ ᠲᠦᠷᠢᠶᠡᠰᠦᠨ ᠮᠠᠱᠢᠨ᠂ ᠰᠦᠯᠵᠢᠶ᠎ᠡ᠎ᠪᠡᠷ ᠪᠣᠯᠵᠣᠬᠤ ᠮᠠᠱᠢᠨ᠂ ᠵᠠᠮ ᠲᠠᠭᠠᠤ ᠬᠦᠷᠭᠡᠬᠦ᠌ ᠮᠠᠱᠢᠨ᠂ ᠬᠠᠮᠲᠤ᠎ᠪᠠᠷ ᠡᠳ᠋ᠯᠡᠬᠦ᠌ ᠳᠤᠭᠤᠶ ᠲᠡᠷᠭᠡ ᠵᠡᠷᠭᠡ᠎ᠨᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠭᠦᠷᠭᠡ᠎ᠶ᠋ᠢ ᠭᠦᠶ᠋ᠴᠡᠳᠭᠡᠬᠦ᠌᠎ᠡᠴᠡ ᠭᠠᠳᠠᠨ᠎ᠠ᠂ ᠨᠡᠭᠦᠵᠥ ᠰᠢᠯᠵᠢᠬᠦ ᠵᠢ ᠠᠯᠢ ᠴᠢᠳᠠᠬᠤ᠎ᠪᠠᠷ ᠪᠠᠭᠠᠰᠭᠠᠨ᠎ᠠ; ᠬᠤᠪᠢ᠎ᠶ᠋ᠢᠨ ᠲᠡᠷᠭᠡ ᠴᠢᠬᠤᠯᠠ ᠦᠭᠡᠢ ᠪᠤᠯ ᠵᠠᠮ᠎ᠳᠤ ᠭᠠᠷᠬᠤ ᠦᠭᠡᠢ ᠪᠠᠢᠬᠤ ᠬᠡᠷᠡᠭᠳᠡᠢ᠃

ᠬᠥᠬᠡᠬᠣᠲᠠ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠠᠴᠠ᠎ᠶ᠋ᠢᠨ ᠶᠡᠷᠦᠩᠬᠡᠢᠯᠡᠭ᠌ᠰᠡᠨ ᠳᠤᠭᠤᠢᠯᠠᠩ᠎ᠤᠨ ᠥᠪᠥᠷ ᠮᠣᠩᠭᠣᠯ᠎ᠤᠨ ᠠᠵᠢᠯ᠎ᠤᠨ ᠳᠤᠭᠤᠢᠯᠠᠩ᠎ᠤᠨ ᠠᠵᠢᠯ᠎ᠤᠨ ᠱᠠᠭᠠᠷᠳᠠᠯᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠪᠠᠢᠷᠢᠯᠠᠭᠤᠯᠤᠯᠲᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠰᠡᠷᠭᠡᠢᠯᠡᠨ ᠡᠵᠡᠮᠳᠡᠬᠦ᠌ ᠲᠤᠤᠷᠵᠢᠯ᠎ᠢ ᠤᠯᠠᠮ ᠴᠢᠨᠠᠬᠰᠢᠳᠠ ᠨᠢᠭ᠍ᠲᠠᠷᠠᠭᠤᠯᠵᠤ᠂ ᠪᠥᠭᠡᠮ ᠬᠦᠴᠢᠯ᠎ᠦᠨ ᠪᠠᠢᠴᠠᠭᠠᠯᠳᠠ᠂ ᠲᠠᠬᠤᠯ ᠡᠪᠡᠳᠴᠢᠨ᠎ᠦ ᠪᠠᠢᠴᠠᠭᠠᠯᠲᠠ᠎ᠶ᠋ᠢᠨ ᠡᠬᠢ ᠡᠭᠦᠰᠦᠯ᠎ᠢ ᠮᠥᠷᠳᠡᠬᠦ᠌᠂ ᠲᠤᠰᠠᠭᠠᠷᠯᠠᠨ ᠬᠠᠮᠢᠶᠠᠷᠤᠨ ᠡᠵᠡᠮᠳᠡᠬᠦ᠌᠂ ᠡᠪᠡᠳᠴᠢᠨ ᠤ᠋ ᠵᠢᠱ᠌ᠢᠶ᠎ᠡ ᠵᠢ ᠡᠮᠨᠡᠨ ᠠᠪᠤᠷᠠᠬᠤ ᠵᠡᠷᠭᠡ ᠡᠯ᠎ᠡ ᠵᠦᠶ᠋ᠯ᠎ᠦᠨ ᠠᠵᠢᠯ᠎ᠢ ᠪᠥᠬᠥ᠌ ᠲᠠᠯ᠎ᠠ᠎ᠪᠠᠷ ᠠᠬᠢᠭᠤᠯᠵᠤ᠂ ᠬᠢᠵᠢᠭ᠎ᠦᠨ ᠲᠠᠷᠬᠠᠯᠲᠠ᠎ᠶ᠋ᠢ ᠡᠷᠡᠰ ᠬᠣᠷᠢᠭ᠍ᠯᠠᠵᠤ᠂ ᠬᠥᠳᠡᠯᠦᠩᠭᠦᠶ᠎ᠪᠡᠷ ᠦᠭᠡᠢᠰᠭᠡᠬᠦ᠌᠎ᠶ᠋ᠢ ᠲᠦᠷᠭᠡᠳᠭᠡᠨ ᠪᠡᠶᠡᠯᠡᠭᠦᠯᠦᠨ᠎ᠡ᠃ ᠥᠷᠭᠡᠨ ᠣᠯᠠᠨ ᠬᠣᠲᠠ᠎ᠶ᠋ᠢᠨ ᠠᠷᠠᠳ ᠦᠷᠭᠦᠯᠵᠢᠯᠡᠨ ᠬᠤᠪᠢ ᠬᠥᠮᠦᠨ᠎ᠦ ᠰᠡᠷᠭᠡᠢᠯᠡᠯᠲᠡ ᠬᠠᠮᠠᠭᠠᠯᠠᠯᠲᠠ᠎ᠪᠠᠨ ᠰᠠᠢᠲᠤᠷ ᠬᠢᠵᠦ᠍᠂ ᠴᠢᠬᠤᠯᠠ ᠦᠭᠡᠢ ᠪᠤᠯ ᠬᠡᠷ᠎ᠡᠴᠡ᠎ᠪᠡᠨ ᠭᠠᠷᠬᠤ ᠥᠬᠡᠶ᠂ ᠴᠢᠬᠤᠯᠠ ᠦᠭᠡᠢ ᠪᠤᠯ ᠰᠠᠭᠤᠭᠠᠯᠢ ᠠᠷᠠᠳ᠎ᠤᠨ ᠲᠣᠭᠣᠷᠢᠭ᠎ᠡᠴᠡ᠎ᠪᠠᠨ ᠭᠠᠷᠬᠤ ᠥᠬᠡᠶ ᠪᠠᠢᠬᠤ ᠬᠡᠷᠡᠭ᠌ᠲᠡᠶ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面