ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-03-03 11:55:30

ᠵᠣᠬᠢᠶᠠᠭ᠍ᠴᠢ᠄ ᠸᠠᠩ ᠶᠠ ᠵᠢᠩ ᠱᠢᠤᠢ ᠶᠤᠸᠠᠢ ᠣᠩᠱᠢᠭ᠍ᠰᠠᠨ ᠣᠳᠠᠭ᠎ᠠ᠄ 3

ᠰᠤᠷᠪᠤᠯᠵᠢᠯᠠᠭ᠍ᠴᠢ 3 ᠰᠠᠷ᠎ᠠ᠎ᠶ᠋ᠢᠨ 2 ᠤ᠋ᠨ ᠡᠳᠦᠷ ᠶᠠᠪᠤᠭ᠍ᠳᠠᠭ᠍ᠰᠠᠨ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠡᠴᠡ ᠣᠢᠯᠠᠭᠠᠭ᠍ᠰᠠᠨ᠎ᠢᠶᠠᠷ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ᠎ᠴᠢᠩᠭᠠᠳᠭᠠᠬᠤ᠎ᠶ᠋ᠢᠨ᠎ᠲᠥᠯᠥᠭᠡ᠂᠎ᠣᠳᠣᠬᠠᠨ᠎ᠳᠤ᠎ᠬᠥᠬᠡᠬᠣᠲᠠ᠎ᠶ᠋ᠢᠨ ᠵᠢᠭᠤᠯᠴᠢᠯᠠᠯ᠎ᠤᠨ ᠣᠷᠣᠨ ᠵᠡᠷᠭᠡ ᠤᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠦ ᠲᠠᠯᠠᠪᠤᠷ᠎ᠢ ᠪᠦᠬᠦᠨ᠎ᠢ ᠬᠠᠭᠠᠵᠤ᠂ ᠰᠣᠶᠣᠯ ᠲᠠᠮᠢᠷ ᠰᠡᠯᠡᠭᠦᠴᠡᠯ ᠵᠤᠭ᠎ᠠ ᠴᠡᠩᠭᠡᠯ᠎ᠦᠨ ᠲᠠᠯᠠᠪᠤᠷ᠎ᠢ ᠲᠦᠷ ᠴᠠᠭ ᠬᠠᠭᠠᠵᠤ᠂ ᠡᠮ᠎ᠦᠨ ᠳᠡᠯᠭᠡᠭᠦᠷ᠂ ᠬᠠᠮ ᠳᠡᠯᠭᠡᠭᠦᠷ ᠬᠡᠪ᠎ᠦᠨ ᠶᠣᠰᠣᠭᠠᠷ ᠡᠵᠡᠩᠨᠡᠯᠳᠠ ᠬᠢᠨ᠎ᠠ᠃ ᠣᠳᠣᠬᠠᠨ᠎ᠳᠤ᠂ ᠬᠥᠬᠡᠬᠣᠲᠠ᠎ᠶ᠋ᠢᠨ ᠵᠢᠭᠤᠯᠴᠢᠯᠠᠯ᠎ᠤᠨ ᠣᠷᠣᠨ ᠵᠡᠷᠭᠡ ᠣᠯᠠᠨ ᠨᠡᠢᠲᠡ᠎ᠶ᠋ᠢᠨ ᠰᠣᠶᠣᠯ᠎ᠤᠨ ᠦᠶ᠋ᠯᠡᠴᠢᠯᠡᠭᠡᠨ᠎ᠦ ᠲᠠᠯᠠᠪᠤᠷ᠎ᠢ ᠪᠦᠬᠦᠨ᠎ᠢ ᠬᠠᠭᠠᠪᠠ᠃ ᠪᠥᠬᠥ᠌ ᠬᠣᠲᠠ᠎ᠳᠤ ᠨᠡᠢᠲᠡ 46A ᠲᠠᠰ᠎ᠤᠨ ᠵᠢᠭᠤᠯᠴᠢᠯᠠᠯ᠎ᠤᠨ ᠣᠷᠣᠨ᠂ 31 ᠮᠦᠽᠧᠶ ᠪᠠᠢᠵᠤ᠂ ᠪᠣᠶ ᠪᠥᠬᠥᠶ ᠨᠣᠮ᠎ᠤᠨ ᠰᠠᠩ᠂ ᠰᠣᠶᠣᠯ᠎ᠤᠨ ᠣᠷᠳᠣᠨ᠂ ᠤᠷᠠᠨ ᠵᠢᠷᠤᠭ᠎ᠤᠨ ᠣᠷᠳᠣᠨ᠎ᠢ ᠨᠢᠭᠡᠨᠲᠡ ᠪᠦᠬᠦᠨ᠎ᠢ ᠬᠠᠭᠠᠵᠤ᠂ ᠪᠤᠳᠠᠳᠤ ᠴᠤᠭᠴᠠ ᠵᠢᠨ ᠦᠵᠡᠰᠭᠦᠯᠡᠩ ᠵᠢᠴᠢ ᠵᠢᠭᠤᠯᠴᠢᠯᠠᠭ᠍ᠴᠢᠳ᠎ᠢ ᠭᠥᠯᠢᠶᠡᠨ ᠠᠪᠬᠤ ᠠᠯᠢᠪᠠ ᠠᠵᠢᠯ᠎ᠢ ᠲᠦᠷ ᠵᠤᠭᠰᠤᠭᠠᠬᠤ᠎ᠶ᠋ᠢᠨ ᠬᠠᠮᠲᠤ ᠠᠷᠢᠭᠤᠳᠭᠠᠬᠤ ᠤᠳᠠᠭ᠎ᠠ᠎ᠪᠠᠨ ᠨᠡᠮᠡᠭ᠌ᠳᠡᠭᠦᠯᠵᠦ᠍᠂᠎ᠠᠷᠢᠭᠤᠳᠭᠠᠬᠤ᠎ᠬᠦᠷᠢᠶ᠎ᠡ ᠬᠡᠪᠴᠢᠶ᠎ᠡ᠎ᠪᠡᠨ ᠥᠷᠭᠡᠳᠭᠡᠨ᠂ ᠪᠥᠭᠡᠮ ᠬᠦᠴᠢᠯ᠎ᠦᠨ ᠪᠠᠢᠴᠠᠭᠠᠯᠳᠠ ᠵᠢᠨ ᠠᠵᠢᠯ᠎ᠢ ᠰᠠᠢᠲᠤᠷ ᠬᠢᠵᠦ ᠪᠤᠢ᠃

ᠰᠣᠶᠣᠯ ᠲᠠᠮᠢᠷ ᠰᠡᠯᠡᠭᠦᠴᠡᠯ ᠵᠤᠭ᠎ᠠ ᠴᠡᠩᠭᠡᠯ᠎ᠦᠨ ᠭᠠᠵᠠᠷ᠎ᠢ ᠲᠦᠷ ᠬᠠᠭᠠᠵᠤ᠂ ᠣᠳᠣᠬᠠᠨ᠎ᠳᠤ᠂ ᠪᠥᠬᠥ᠌ ᠬᠣᠲᠠ᠎ᠶ᠋ᠢᠨ ᠰᠣᠶᠣᠯ ᠲᠠᠮᠢᠷ ᠰᠡᠯᠡᠭᠦᠴᠡᠯ ᠵᠤᠭ᠎ᠠ ᠴᠡᠩᠭᠡᠯ᠎ᠦᠨ 650 ᠲᠠᠯᠠᠪᠤᠷ᠎ᠢ ᠪᠦᠬᠦᠨ᠎ᠢ ᠬᠠᠭᠠᠪᠠ᠃

ᠬᠡᠪᠯᠡᠭ᠌ᠳᠡᠬᠦᠨ ᠤ᠋ ᠡᠵᠡᠩᠨᠡᠯᠳᠡ ᠵᠢᠨ ᠲᠠᠯᠠᠪᠤᠷ᠎ᠤᠨ ᠬᠠᠮᠢᠶᠠᠷᠤᠯᠲᠠ ᠡᠵᠡᠮᠳᠡᠯ᠎ᠢ ᠴᠢᠩᠭᠠᠤᠨᠬᠠᠨ᠎ᠠ᠃ ᠪᠥᠬᠥ᠌ ᠬᠣᠲᠠ᠎ᠳᠤ ᠨᠡᠢᠲᠡ 357 ᠬᠡᠪᠯᠡᠭ᠌ᠳᠡᠬᠦᠨ᠎ᠦ ᠡᠵᠡᠩᠨᠡᠯᠲᠡ᠎ᠶ᠋ᠢᠨ ᠲᠠᠯᠠᠪᠤᠷ᠎ᠲᠠᠶ ᠪᠠᠢᠵᠤ᠂ 296᠎ᠶ᠋ᠢ᠎ᠨᠢ ᠨᠢᠭᠡᠨᠲᠡ ᠬᠠᠭᠠᠵᠤ᠂ ᠡᠵᠡᠩᠨᠡᠵᠤ ᠪᠠᠢᠭ᠎ᠠ᠎ᠨᠢ 61 ᠪᠠᠢᠵᠤ᠂ ᠭᠤᠤᠯᠳᠠᠭᠤ ᠵᠢᠭᠠᠨ ᠰᠤᠷᠭᠠᠯᠲᠠ᠎ᠶ᠋ᠢᠨ ᠬᠠᠪᠰᠤᠷᠤᠮᠵᠢ ᠮᠠᠲ᠋ᠧᠷᠢᠶᠠᠯ᠎ᠢ ᠪᠣᠷᠣᠯᠠᠭᠤᠯᠵᠤ ᠪᠠᠢᠨ᠎ᠠ᠃ ᠨᠢᠭᠡᠨᠲᠡ ᠡᠵᠡᠩᠨᠡᠯᠲᠡ᠎ᠪᠡᠨ ᠰᠡᠷᠭᠦᠭᠡᠭ᠌ᠰᠡᠨ ᠬᠡᠪᠯᠡᠭ᠌ᠳᠡᠬᠦᠨ᠎ᠦ ᠡᠵᠡᠩᠨᠡᠯᠲᠡ᠎ᠶ᠋ᠢᠨ ᠲᠠᠯᠠᠪᠤᠷ᠎ᠲᠤ ᠬᠤᠪᠢ ᠬᠥᠮᠦᠨ᠎ᠦ ᠬᠠᠮᠠᠭᠠᠯᠠᠯᠲᠠ᠎ᠶ᠋ᠢ ᠰᠠᠢᠲᠤᠷ ᠬᠢᠵᠤ᠂ ᠡᠵᠡᠩᠨᠡᠭ᠌ᠴᠢ ᠪᠠ ᠠᠵᠢᠯᠲᠠᠨ᠎ᠤ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ᠎ᠶ᠋ᠢ ᠴᠢᠩᠭᠠᠳᠭᠠᠵᠤ᠂ ᠡᠳᠦᠷ ᠪᠦᠷᠢ ᠪᠡᠶ᠎ᠡ᠎ᠶ᠋ᠢᠨ ᠬᠠᠯᠠᠭᠤᠨ᠎ᠢᠶᠠᠨ ᠬᠡᠮᠵᠢᠵᠦ᠍᠂ ᠱᠠᠭᠠᠷᠳᠠᠯᠭ᠎ᠠ ᠶᠣᠰᠣᠭᠠᠷ ᠡᠭᠡᠯᠵᠢ ᠪᠦᠷᠢ᠎ᠶ᠋ᠢᠨ ᠪᠥᠭᠡᠮ ᠬᠦᠴᠢᠯ᠎ᠦᠨ ᠪᠠᠢᠴᠠᠭᠠᠯᠳᠠ᠎ᠳᠦ ᠣᠷᠣᠯᠴᠠᠵᠤ᠂ ᠡᠷᠡᠭᠦᠯ ᠮᠡᠨᠳᠦ᠍᠎ᠶ᠋ᠢᠨ ᠺᠣᠳ᠋ ᠨᠢ ᠨᠤᠭᠤᠭᠠᠨ ᠪᠠᠢᠬᠤ ᠵᠢ ᠪᠠᠲᠤᠯᠠᠵᠤ᠂ ᠡᠵᠡᠩᠨᠡᠯᠲᠡ᠎ᠶ᠋ᠢᠨ ᠪᠥᠬᠥ᠌ ᠶᠠᠪᠤᠴᠠ᠎ᠳᠤ ᠠᠮᠠᠪᠴᠢ ᠪᠠ ᠨᠢᠭᠡ ᠯᠡ ᠤᠳᠠᠭ᠎ᠠ᠎ᠶ᠋ᠢᠨ ᠴᠢᠨᠠᠷᠲᠠᠶ ᠪᠡᠭᠡᠯᠡᠶ ᠵᠡᠭᠦᠵᠦ᠍᠂ ᠶᠠᠮᠠᠷᠪᠠ ᠴᠤᠭ᠍ᠯᠠᠷᠠᠯ᠎ᠤᠨ ᠴᠢᠨᠠᠷᠲᠠᠶ ᠠᠵᠢᠯᠯᠠᠭ᠎ᠠ᠎ᠳᠤ ᠣᠷᠣᠯᠴᠠᠬᠤ ᠥᠬᠡᠶ ᠪᠠᠢᠵᠤ᠂ ᠡᠳᠦᠷ ᠪᠦᠷᠢ ᠲᠠᠯᠠᠪᠤᠷ ᠳᠠᠭᠠᠨ ᠰᠠᠯᠬᠢ ᠨᠡᠪᠲᠡᠷᠡᠭᠦᠯᠵᠦ᠂᠎ᠠᠷᠢᠭᠤᠳᠭᠠᠬᠤ᠎ᠪᠠ ᠵᠠᠩᠭᠢᠯᠠᠭ᠎ᠠ᠎ᠶ᠋ᠢᠨ ᠭᠠᠵᠠᠷ᠎ᠤᠨ ᠠᠷᠢᠭᠤᠳᠭᠠᠬᠤ ᠠᠵᠢᠯ᠎ᠢ ᠰᠠᠢᠲᠤᠷ ᠬᠢᠬᠦ᠌᠎ᠶ᠋ᠢᠨ ᠬᠠᠮᠲᠤ ᠲᠡᠮᠳᠡᠭ᠌ᠯᠡᠯ᠎ᠢ ᠰᠠᠢᠲᠤᠷ ᠬᠢᠬᠦ᠌ ᠬᠡᠷᠡᠭ᠌ᠲᠡᠶ ᠭᠡᠵᠦ᠍ ᠱᠠᠭᠠᠷᠳᠠᠪᠠ᠃

ᠡᠮ᠎ᠦᠨ᠎ᠳᠡᠯᠭᠡᠭᠦᠷ᠂᠎ᠬᠠᠮ ᠳᠡᠯᠭᠡᠭᠦᠷ ᠬᠡᠪ᠎ᠦᠨ ᠶᠣᠰᠣᠭᠠᠷ ᠡᠵᠡᠩᠨᠡᠯᠳᠠ ᠬᠢᠵᠦ᠂ ᠬᠣᠲᠠ᠎ᠶ᠋ᠢᠨ ᠠᠷᠠᠳ᠎ᠤᠨ ᠡᠳᠦᠷ ᠲᠤᠲᠤᠮ᠎ᠤᠨ ᠠᠮᠢᠳᠤᠷᠠᠯ᠎ᠤᠨ ᠬᠡᠷᠡᠭ᠌ᠴᠡᠭᠡ᠎ᠶ᠋ᠢ ᠪᠠᠲᠤᠯᠠᠨ᠎ᠠ᠃ ᠡᠮ᠎ᠦᠨ ᠳᠡᠯᠭᠡᠭᠦᠷ᠎ᠤᠨ ᠬᠠᠯᠠᠭᠤᠨ᠎ᠢ ᠪᠠᠭᠤᠷᠠᠭᠤᠯᠬᠤ᠂ ᠬᠠᠨᠢᠶᠠᠳᠤ᠎ᠶ᠋ᠢ ᠵᠣᠭ᠍ᠰᠣᠭᠠᠬᠤ᠂ ᠸᠢᠷᠦ᠋ᠰ᠎ᠢ ᠳᠠᠷᠤᠬᠤ᠂ ᠪᠠᠺᠲ᠋ᠧᠷᠢ ᠳᠠᠷᠤᠬᠤ ᠵᠡᠷᠭᠡ ᠳᠥᠷᠪᠡᠨ ᠲᠥᠷᠥᠯ᠎ᠦᠨ ᠡᠮ᠎ᠢ ᠪᠣᠷᠣᠯᠠᠭᠤᠯᠬᠤ᠎ᠶ᠋ᠢ ᠲᠦᠷ ᠵᠣᠭ᠍ᠰᠣᠭᠠᠵᠤ᠂ ᠲᠤᠰ ᠳᠥᠷᠪᠡᠨ ᠲᠥᠷᠥᠯ᠎ᠦᠨ ᠡᠮ᠎ᠢ ᠳᠤᠷ᠎ᠠ᠎ᠪᠠᠷ᠎ᠢᠶᠠᠨ ᠪᠣᠷᠣᠯᠠᠭᠤᠯᠤᠭᠰᠠᠨ ᠡᠵᠡᠩᠨᠡᠭ᠌ᠴᠢ᠎ᠶ᠋ᠢ ᠬᠠᠤᠯᠢ ᠶᠣᠰᠣᠭᠠᠷ ᠴᠢᠩᠭ᠎ᠠ ᠪᠠᠢᠴᠠᠭᠠᠨ ᠱᠢᠶ᠋ᠳᠪᠦᠷᠢᠯᠡᠨ᠎ᠡ᠃ ᠡᠭᠦᠨ᠎ᠦ ᠬᠠᠮᠲᠤ᠂ ᠡᠮ᠎ᠦᠨ ᠳᠡᠯᠭᠡᠭᠦᠷ᠎ᠦᠨ᠎ᠬᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠵᠤ᠂ ᠥᠷᠯᠥᠭᠡ᠎ᠶ᠋ᠢᠨ ᠪᠠᠢᠴᠠᠭᠠᠯᠲᠠ᠎ᠶ᠋ᠢᠨ ᠲᠡᠮᠳᠡᠭ᠌ᠯᠡᠯ᠂ ᠠᠷᠢᠭᠤᠳᠭᠠᠭ᠍ᠰᠠᠨ ᠲᠡᠮᠳᠡᠭ᠌ᠯᠡᠯ᠎ᠢ ᠰᠠᠢᠲᠤᠷ ᠬᠢᠵᠦ᠍᠂ ᠳᠡᠯᠭᠡᠭᠦᠷ᠎ᠲᠦ ᠣᠷᠣᠭᠰᠠᠨ ᠬᠥᠮᠦᠰ ᠡᠷᠬᠡᠪᠰᠢ ᠠᠮᠠᠪᠴᠢ ᠵᠡᠭᠦᠵᠦ᠍᠂ ᠪᠡᠶ᠎ᠡ᠎ᠶ᠋ᠢᠨ ᠬᠠᠯᠠᠭᠤᠨ ᠢ᠋ ᠨᠢ ᠬᠡᠮᠵᠢᠵᠦ᠍᠂ ᠡᠷᠡᠭᠦᠯ ᠮᠡᠨᠳᠦ᠍᠎ᠶ᠋ᠢᠨ ᠺᠣᠳ᠋ ᠪᠣᠯᠤᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠲᠡᠮᠳᠡᠭ᠎ᠢ ᠨᠢ ᠪᠠᠢᠴᠠᠭᠠᠨ ᠱᠢᠯᠭᠠᠵᠤ᠂ ᠡᠮ ᠬᠤᠳᠠᠯᠳᠤᠨ ᠠᠪᠬᠤ ᠳ᠋ᠤᠨᠢ ᠡᠷᠡᠭᠦᠯ ᠮᠡᠨᠳᠦ᠍᠎ᠶ᠋ᠢᠨ ᠺᠣᠳ᠋᠎ᠢ ᠨᠢ ᠱᠢᠷᠪᠢᠵᠦ᠍ ᠳᠠᠩᠰᠠᠯᠠᠭᠤᠯᠬᠤ ᠬᠡᠷᠡᠭ᠌ᠲᠡᠶ᠃ ᠬᠤᠳᠠᠯᠳᠤᠭᠠᠨ᠎ᠤ ᠲᠠᠯᠠᠪᠠᠶ᠂ ᠬᠠᠮ ᠳᠡᠯᠭᠡᠭᠦᠷ ᠵᠡᠷᠭᠡ ᠣᠯᠠᠨ ᠨᠡᠢᠲᠡ᠎ᠶ᠋ᠢᠨ ᠲᠠᠯᠠᠪᠤᠷ ᠲᠤ᠌ ᠠᠮᠠᠪᠴᠢ ᠵᠡᠭᠦᠬᠦ᠌᠂ ᠪᠡᠶ᠎ᠠ ᠵᠢᠨ ᠬᠠᠯᠠᠭᠤᠨ ᠢ᠋ ᠨᠢ ᠬᠡᠮᠵᠢᠵᠦ᠍ ᠺᠣᠳ᠋ ᠢ᠋ ᠨᠢ ᠱᠢᠷᠪᠢᠬᠦ᠌᠂ 《ᠨᠢᠭᠡ ᠮᠧᠲ᠋ᠷ᠎ᠦᠨ ᠱᠤᠭᠤᠮ》 ᠵᠡᠷᠭᠡ ᠠᠷᠭ᠎ᠠ ᠬᠡᠮᠵᠢᠶ᠎ᠡ᠎ᠶ᠋ᠢ ᠴᠢᠩᠭ᠎ᠠ ᠨᠠᠢᠳᠠᠪᠤᠷᠢᠵᠢᠭᠤᠯᠬᠤ ᠬᠡᠷᠡᠭ᠌ᠲᠡᠶ ᠭᠡᠵᠦ᠍ ᠱᠠᠭᠠᠷᠳᠠᠪᠠ᠃

ᠣᠳᠣᠬᠠᠨ᠎ᠳᠤ᠂ ᠬᠥᠬᠡᠬᠣᠲᠠ᠎ᠶ᠋ᠢᠨ ᠬᠡᠰᠡᠭ ᠢᠳᠡᠭᠡᠨ ᠤᠮᠳᠠᠭᠠᠨ᠎ᠤ ᠠᠵᠤ ᠠᠬᠤᠢᠯᠠᠯ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ ᠵᠢ ᠴᠢᠩᠭ᠎ᠠ ᠭᠦᠶ᠋ᠴᠡᠳᠭᠡᠭ᠌ᠰᠡᠨ ᠤᠷᠢᠲᠠᠯ ᠳᠤᠤᠷ᠎ᠠ᠎ᠡᠵᠡᠩᠨᠡᠯᠲᠡ ᠬᠢᠵᠦ᠍ ᠪᠤᠢ᠂ ᠡᠵᠡᠩᠨᠡᠯᠲᠡ ᠬᠢᠵᠦ᠍ ᠪᠠᠢᠭ᠎ᠠ ᠢᠳᠡᠭᠡᠨ ᠤᠮᠳᠠᠭᠠᠨ᠎ᠤ ᠠᠵᠤ ᠠᠬᠤᠢᠯᠠᠯ᠎ᠤᠨ ᠬᠢᠨ᠎ᠢ ᠱᠠᠭᠠᠷᠳᠠᠬᠤ ᠨᠢ ᠲᠠᠯᠠᠪᠤᠷ᠎ᠲᠤ ᠣᠷᠣᠬᠤ ᠬᠥᠮᠦᠨ᠎ᠦ ᠲᠣᠭ᠎ᠠ᠎ᠶ᠋ᠢ᠎ᠵᠣᠬᠢᠰᠲᠠᠶ᠎ᠬᠢᠵᠠᠭᠠᠷᠯᠠᠵᠤ᠂᠎ᠠᠵᠢᠯᠯᠠᠭ᠍ᠰᠠᠳ᠎ᠲᠤ᠎ᠥᠷᠯᠥᠭᠡ᠎ᠶ᠋ᠢᠨ ᠪᠠᠢᠴᠠᠭᠠᠯᠲᠠ ᠬᠢᠵᠦ᠍᠂ ᠲᠠᠯᠠᠪᠤᠷ᠎ᠤᠨ ᠰᠠᠯᠬᠢ ᠨᠡᠪᠲᠡᠷᠡᠭᠦᠯᠦᠨ ᠠᠷᠢᠭᠤᠳᠭᠠᠬᠤ ᠠᠵᠢᠯ᠎ᠢ ᠴᠢᠩᠭᠠᠳᠭᠠᠬᠤ᠎ᠶ᠋ᠢᠨ ᠬᠠᠮᠲᠤ ᠰᠠᠢᠲᠤᠷ ᠲᠡᠮᠳᠡᠭ᠌ᠯᠡᠯ ᠬᠢᠬᠦ᠌ ᠬᠡᠷᠡᠭ᠌ᠲᠡᠶ᠃ ᠳᠡᠯᠭᠡᠭᠦᠷ᠎ᠲᠦ ᠣᠷᠣᠬᠤ ᠵᠣᠴᠢᠳ ᠺᠣᠳ᠋ ᠱᠢᠷᠪᠢᠵᠦ᠍ ᠳᠡᠩᠰᠡᠯᠡᠭᠤᠯᠤᠨ ᠲᠡᠮᠳᠡᠭ᠌ᠯᠡᠭᠦᠯᠵᠤ᠂ ᠪᠡᠶ᠎ᠡ᠎ᠶ᠋ᠢᠨ ᠬᠠᠯᠠᠭᠤᠨ ᠵᠢᠡᠨ ᠬᠡᠮᠵᠢᠵᠦ᠍᠂ ᠠᠮᠠᠪᠴᠢ ᠵᠡᠭᠦᠵᠦ᠂ ᠬᠡᠷᠡᠭ᠌ᠯᠡᠭ᠌ᠴᠢᠳ ᠬᠣᠭᠣᠯᠠ ᠵᠠᠬᠢᠶᠠᠯᠠᠬᠤ᠂ ᠬᠣᠭᠣᠯᠠ ᠪᠡᠨ ᠠᠪᠬᠤ᠂ ᠲᠠᠩᠰᠠ ᠪᠤᠳᠤᠬᠤ ᠦᠶ᠎ᠡ ᠳ᠋ᠡᠭᠡᠨ ᠡᠮᠦᠨ᠎ᠡ ᠬᠣᠢᠨᠠᠬᠢ ᠬᠥᠮᠦᠰ᠎ᠲᠡᠶ ᠪᠡᠨ ᠨᠢᠭᠡ ᠮᠧᠲ᠋ᠷ ᠭᠠᠷᠤᠢ ᠵᠠᠢ ᠲᠠᠢ ᠪᠠᠢᠬᠤ ᠵᠢ ᠪᠠᠳᠤᠯᠠᠵᠤ᠂ ᠬᠣᠭᠣᠯᠠ ᠢᠳᠡᠬᠦ᠌ ᠦᠶ᠎ᠡ᠎ᠳᠦ ᠵᠡᠷᠭᠡᠯᠡᠳᠡᠭᠡ ᠱᠢᠷᠡᠭᠡ᠎ᠲᠡᠶ ᠵᠠᠶ᠎ᠪᠠᠨ ᠪᠠᠳᠤᠯᠠᠵᠤ᠂ ᠢᠳᠡᠵᠤ ᠪᠠᠷᠠᠭᠰᠠᠨ᠎ᠦ ᠳᠠᠷᠠᠭ᠎ᠠ ᠠᠯᠢ ᠲᠦᠷᠭᠡᠨ᠎ᠢᠶᠡᠷ ᠬᠣᠭᠣᠯᠠᠨ ᠬᠡᠷ᠎ᠡᠴᠡ ᠰᠠᠯᠵᠤ᠂ ᠣᠷᠳᠣ ᠬᠤᠭᠤᠴᠠᠭ᠎ᠠ᠎ᠪᠠᠷ ᠰᠠᠭᠠᠲᠠᠬᠤ᠎ᠡᠴᠡ ᠵᠠᠢᠯᠠᠰᠭᠢᠬᠦ᠌ ᠬᠡᠷᠡᠭ᠌ᠲᠡᠶ᠃ ᠥᠷᠭᠡᠨ ᠣᠯᠠᠨ ᠬᠡᠷᠡᠭ᠌ᠯᠡᠭ᠌ᠴᠢᠳ ᠬᠢᠵᠢᠭ᠎ᠦᠨ ᠬᠤᠭᠤᠴᠠᠭᠠᠨ᠎ᠳᠤ ᠠᠯᠢ ᠴᠢᠳᠠᠬᠤ᠎ᠪᠠᠷ ᠭᠠᠳᠠᠭ᠍ᠰᠢ ᠭᠠᠷᠬᠤ᠎ᠪᠠᠨ ᠪᠠᠭᠠᠰᠭᠠᠵᠤ᠂ ᠬᠣᠭᠣᠯᠠᠨ ᠬᠡᠷ᠎ᠲᠤ ᠬᠣᠭᠣᠯᠠ ᠢᠳᠡᠬᠦ᠌ ᠪᠠᠨ ᠪᠠᠭᠠᠰᠬᠠᠵᠤ᠂ ᠠᠯᠢ ᠴᠢᠳᠠᠬᠤ᠎ᠪᠠᠷ ᠬᠡᠷ᠎ᠲᠡᠬᠡᠨ ᠬᠣᠭᠣᠯᠠ ᠬᠢᠵᠤ᠂ ᠪᠠᠰᠠ ᠵᠠᠬᠢᠶᠠᠯᠠᠭ᠎ᠠ ᠵᠢᠨ ᠬᠤᠭᠤᠯᠠ ᠳᠠᠭᠤᠳᠠᠬᠤ ᠠᠷᠭ᠎ᠠ ᠮᠠᠶᠢᠭ᠎ᠢᠶᠠᠷ ᠳᠠᠮᠵᠢᠨ ᠬᠣᠭᠣᠯᠠ ᠤᠮᠳᠠ ᠵᠢᠨ ᠠᠰᠠᠭᠤᠳᠠᠯ ᠵᠢᠡᠨ ᠱᠢᠶ᠋ᠳᠪᠦᠷᠢᠯᠡᠬᠦ ᠵᠢ ᠤᠷᠢᠶᠠᠯᠠᠵᠤ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面