ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-03-03 12:36:36

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠭᠠᠷᠤᠭ᠍ᠰᠠᠨ᠎ᠠᠴᠠ ᠨᠠᠭᠠᠰᠢ᠂ ᠲᠦᠮᠡᠳ ᠵᠡᠭᠦᠨ ᠬᠣᠱᠢᠭᠤᠨ᠎ᠤ ᠨᠠᠮ᠎ᠤᠨ ᠬᠣᠷᠢᠶ᠎ᠠ ᠨᠠᠮ᠎ᠤᠨ ᠲᠥᠪ ᠬᠣᠷᠢᠶ᠎ᠠ ᠲᠥᠷᠥ᠎ᠶ᠋ᠢᠨ ᠶᠠᠪᠤᠳᠠᠯ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠪᠣᠯᠤᠨ ᠬᠥᠬᠡᠬᠣᠲᠠ᠎ᠶ᠋ᠢᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠷᠢᠯᠠᠭᠤᠯᠤᠯᠲᠠ᠎ᠶ᠋ᠢ ᠰᠠᠢᠳᠤᠷ ᠲᠤᠭᠤᠱᠢᠯᠠᠭᠤᠯᠤᠨ ᠨᠠᠢᠳᠠᠪᠤᠷᠢᠵᠢᠭᠤᠯᠤᠭ᠍ᠰᠠᠨ ᠥᠬᠡᠶ᠂ ᠬᠠᠷᠢᠶ᠎ᠠ ᠭᠠᠵᠠᠷ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠰᠠᠢᠳᠤᠷ ᠭᠦᠶ᠋ᠴᠡᠳᠭᠡᠭ᠌ᠰᠡᠨ ᠥᠬᠡᠶ᠂ ᠪᠥᠭᠡᠮ ᠬᠦᠴᠢᠯ᠎ᠦᠨ ᠪᠠᠢᠴᠠᠭᠠᠯᠲᠡ᠂ ᠪᠢᠲᠡᠭᠦᠮᠵᠢᠯᠡᠨ ᠡᠵᠡᠮᠳᠡᠬᠦ ᠬᠠᠮᠢᠶᠠᠷᠤᠨ ᠡᠵᠡᠮᠳᠡᠬᠦ᠌ ᠵᠡᠷᠭᠡ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠰᠠᠢᠳᠤᠷ ᠨᠠᠢᠳᠠᠪᠤᠷᠢᠵᠢᠭᠤᠯᠤᠭ᠍ᠰᠠᠨ ᠥᠬᠡᠶ ᠪᠠᠢᠵᠤ᠂ ᠪᠥᠬᠥ᠌ ᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠦᠬᠦᠯᠢ ᠴᠣᠭ᠍ᠴᠠ᠎ᠶ᠋ᠢᠨ ᠠᠬᠢᠴᠠ᠎ᠶ᠋ᠢ ᠬᠦᠨᠳᠦ ᠨᠣᠴᠢᠲᠠᠶ ᠨᠥᠯᠥᠭᠡᠯᠡᠪᠡ᠃ ᠲᠦᠮᠡᠳ ᠵᠡᠭᠦᠨ᠎ᠬᠣᠱᠢᠭᠤᠨ᠎ᠤ᠎ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠠᠷᠭᠠᠴᠠᠭᠠᠬᠤ ᠠᠵᠢᠯ᠎ᠤᠨ ᠤᠳᠤᠷᠢᠳᠭᠤ ᠳᠤᠭᠤᠢᠯᠠᠩ᠎ᠤᠨ ᠳᠠᠷᠤᠭ᠎ᠠ ᠪᠣᠯᠤᠭ᠍ᠰᠠᠨ᠎ᠤ ᠬᠤᠪᠢ᠎ᠳᠤ᠂ ᠬᠥᠬᠡᠬᠣᠲᠠ᠎ᠶ᠋ᠢᠨ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠲᠦᠮᠡᠳ ᠵᠡᠭᠦᠨ ᠬᠣᠱᠢᠭᠤᠨ᠎ᠤ ᠨᠠᠮ᠎ᠤᠨ ᠬᠣᠷᠢᠶᠠᠨ᠎ᠤ ᠱᠦᠵᠢ ᠸᠧᠶ ᠬᠤᠡᠭ ᠵᠢᠶᠦ᠋ᠨ ᠡᠭᠦᠨ᠎ᠳᠦ ᠭᠤᠤᠯ ᠤᠳᠤᠷᠢᠳᠭᠤ ᠬᠠᠷᠢᠭᠤᠴᠠᠯᠭ᠎ᠠ᠎ᠲᠠᠶ᠃ ᠰᠤᠳᠤᠯᠤᠨ ᠶᠠᠷᠢᠯᠴᠠᠭᠠᠳ ᠸᠧᠶ ᠬᠤᠡᠭ ᠵᠢᠶᠦ᠋ᠨ᠎ᠳᠦ ᠨᠠᠮ᠎ᠤᠨ ᠳᠣᠲᠣᠭᠠᠳᠤ᠎ᠳᠤ ᠴᠢᠩᠭ᠎ᠠ ᠳᠣᠩᠭᠣᠳᠭᠤ ᠱᠢᠢᠳᠭᠡᠯ ᠥᠭ᠌ᠬᠦ᠎ᠪᠡᠷ ᠲᠣᠭ᠍ᠲᠠᠪᠠ᠃

ᠣᠳᠣᠬᠠᠨ ᠳ᠋ᠦ᠂ ᠮᠠᠨ᠎ᠤ ᠣᠷᠣᠨ ᠢᠯᠠᠩᠭᠤᠶ᠎ᠠ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠳᠠᠯ ᠮᠥᠨ ᠬᠦ᠌ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠢᠨ᠎ᠠ᠂ ᠰᠡᠷᠭᠡᠢᠯᠡᠨ ᠡᠵᠡᠮᠳᠡᠬᠦ᠌ ᠠᠵᠢᠯ ᠶᠠᠭ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠪᠠᠢᠬᠤ ᠪᠤᠯᠬᠤᠷ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠢᠯᠠᠩᠭᠤᠶ᠎ᠠ ᠭᠣᠣᠯ ᠬᠠᠷᠢᠭᠤᠴᠠᠯᠭᠠᠲᠠᠨ ᠨᠥᠬᠥᠳ ᠶᠡᠷᠦᠩᠬᠡᠢ ᠱᠦᠵᠢ ᠰᠢ ᠵᠢᠨ ᠫᠢᠩ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠢ᠂ ᠨᠠᠮ᠎ᠤᠨ ᠲᠥᠪ ᠬᠣᠷᠢᠶ᠎ᠠ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠠᠵᠢᠯ᠎ᠤᠨ ᠱᠠᠭᠠᠷᠳᠠᠯᠭ᠎ᠠ ᠶᠣᠰᠣᠭᠠᠷ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠨ᠂ ᠬᠠᠷᠢᠭᠤᠴᠠᠯᠭ᠎ᠠ ᠡᠭᠦᠷᠭᠡᠯᠡᠯ᠎ᠢᠶᠡᠨ᠎ᠤᠯᠠᠮ ᠨᠢᠭᠡ ᠠᠯᠬᠤᠮ ᠴᠢᠩᠭᠠᠳᠭᠠᠵᠦ᠂ ᠠᠵᠢᠯ᠎ᠤᠨ ᠬᠠᠷᠢᠭᠤᠴᠠᠯᠭ᠎ᠠ ᠪᠠᠨ ᠪᠠᠷᠢᠮᠳᠠᠯᠠᠨ᠂ ᠠᠵᠢᠯ᠎ᠤᠨ ᠬᠠᠷᠢᠭᠤᠴᠠᠯᠭ᠎ᠠ ᠪᠠᠨ ᠰᠠᠬᠢᠨ᠂ ᠠᠵᠢᠯ᠎ᠤᠨ ᠬᠠᠷᠢᠭᠤᠴᠠᠯᠭ᠎ᠠ ᠪᠠᠨ ᠭᠦᠢᠴᠡᠳᠭᠡᠵᠦ᠂ ᠮᠢᠨᠦ᠋ᠲ ᠰᠧᠺᠦ᠋ᠨ᠋ᠳ᠋ ᠠᠯᠳᠠᠯ ᠦᠭᠡᠢ᠂ ᠥᠴᠦᠬᠡᠨ ᠲᠡᠳᠦᠢ ᠴᠦ᠍ ᠵᠥᠷᠢᠬᠦᠯᠬᠦ᠌ ᠦᠭᠡᠢ ᠠᠵᠢᠯᠯᠠᠵᠦ᠂ ᠲᠤᠰ ᠤᠳᠠᠭᠠᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠳᠠᠢᠯᠠᠯᠳᠤᠭᠠᠨ᠎ᠤ ᠢᠯᠠᠯᠲᠠ᠎ᠶ᠋ᠢ ᠵᠠᠪᠠᠯ ᠤᠯᠬᠤ ᠬᠡᠷᠡᠭ᠌ᠲᠡᠢ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ

2022 ᠣᠨ᠎ᠤ 3 ᠰᠠᠷ᠎ᠠ᠎ᠶ᠋ᠢᠨ 2 ᠎ᠤᠨ ᠡᠳᠦᠷ

ᠢᠷᠡᠯᠳᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面