ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-03-06 09:22:26

ᠵᠣᠬᠢᠶᠠᠭ᠍ᠴᠢ᠄ ᠰᠠᠴᠤᠷᠠᠯ ᠣᠩᠱᠢᠭ᠍ᠰᠠᠨ ᠣᠳᠠᠭ᠎ᠠ᠄ 3

ᠬᠦᠬᠡᠬᠤᠲᠠ ᠳ᠋ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠭᠠᠷᠤᠭ᠍ᠰᠠᠨ᠎ᠠᠴᠠ ᠨᠠᠭᠠᠰᠢ᠂ ᠬᠦᠬᠡᠬᠣᠲᠠ᠎ᠶ᠋ᠢᠨ ᠵᠡᠭᠡᠯᠢ ᠭᠤᠳᠤᠮᠵᠢ᠂ ᠨᠡᠢᠭᠡᠮ ᠲᠣᠭᠣᠷᠢᠭ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠬᠦᠴᠦᠷᠬᠡᠭ ᠶᠡᠬᠡ ᠤᠯᠤᠰ ᠲᠦᠷᠦ᠍᠎ᠶ᠋ᠢᠨ ᠦᠢᠯᠡᠳᠦᠯ ᠴᠢᠳᠠᠪᠬᠢ ᠪᠣᠯᠤᠨ ᠵᠣᠬᠢᠶᠠᠨ ᠪᠠᠢᠭᠤᠯᠬᠤ ᠬᠦᠴᠦᠨ᠎ᠢᠶᠡᠨ ᠢᠳᠡᠪᠬᠢᠲᠡᠢ ᠪᠠᠳᠠᠷᠠᠭᠤᠯᠵᠤ᠂ ᠨᠠᠮ᠎ᠤᠨ ᠤᠯᠤᠰ ᠲᠦᠷᠦ᠍ ᠎ᠶ᠋ᠢᠨ ᠳᠠᠪᠠᠭᠤᠯᠢᠭ᠂ ᠵᠣᠬᠢᠶᠠᠨ ᠪᠠᠢᠭᠤᠯᠤᠯᠲᠠ᠎ᠶ᠋ᠢᠨ ᠳᠠᠪᠠᠭᠤᠯᠢᠭ᠂ ᠤᠯᠠᠨ ᠲᠦᠮᠡᠨ᠎ᠲᠡᠶ ᠨᠢᠭ᠍ᠲᠠ ᠬᠠᠷᠢᠯᠴᠠᠬᠤ ᠳᠠᠪᠠᠭᠤᠯᠢᠭ᠎ᠢ ᠴᠠᠭ ᠲᠤᠬᠠᠢ ᠎ᠳᠤᠨᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠳᠠᠪᠠᠭᠤᠯᠢᠭ ᠪᠣᠯᠭᠠᠨ ᠬᠤᠪᠢᠷᠠᠭᠤᠯᠵᠤ᠂ ᠰᠠᠭᠤᠭᠠᠯᠢ ᠠᠷᠠᠳ ᠤᠯᠠᠨ ᠲᠦᠮᠡᠨ᠎ᠢ ᠥᠷᠭᠡᠨ ᠎ᠢᠶᠡᠷ ᠵᠣᠬᠢᠶᠠᠨ ᠪᠠᠢᠭᠤᠯᠤᠨ ᠲᠠᠢ᠌ᠴᠢᠯᠠᠵᠥ᠍᠂ ᠨᠡᠢᠭᠡᠮ ᠎ᠦᠨ ᠬᠦᠴᠦᠨ ᠪᠣᠯᠤᠨ ᠡᠯ᠎ᠡ ᠲᠠᠯ᠎ᠠ ᠎ᠶ᠋ᠢᠨ ᠡᠬᠢ ᠪᠠᠶᠠᠯᠢᠭ ᠎ᠢ ᠭᠦᠢᠴᠡᠳ ᠲᠠᠢ᠌ᠴᠢᠯᠠᠨ ᠨᠡᠢᠳᠭᠡᠵᠦ᠍᠂ ᠨᠠᠮ᠎ᠤᠨ ᠭᠡᠱᠢᠭᠦᠨ ᠺᠠᠳ᠋ᠷ ᠤᠯᠠᠨ ᠲᠦᠮᠡᠨ ᠬᠠᠮᠲᠤ᠎ᠪᠠᠷ ᠬᠥᠳᠡᠯᠦᠯᠴᠡᠨ᠂ ᠬᠦᠴᠦ᠍᠎ᠪᠡᠨ ᠬᠠᠮᠲᠤᠳᠭᠠᠵᠤ ᠴᠠᠭ ᠎ᠤᠨ ᠪᠡᠷᠬᠡ ᠎ᠶ᠋ᠢ ᠬᠠᠮᠲᠤ᠎ᠪᠠᠷ ᠲᠤᠭᠤᠯᠪᠠ᠃


QQ截图20220306092915.png


ᠨᠠᠮ᠎ᠤᠨ ᠭᠡᠰᠢᠭᠦᠨ ᠺᠠᠳ᠋ᠷ ᠤᠯᠠᠨ ᠲᠦᠮᠡᠨ᠎ᠤ ᠢᠳᠡᠪᠬᠢᠵᠢᠯ ᠢ᠋ ᠬᠦᠢᠴᠡᠳ ᠳᠠᠢᠴᠢᠯᠠᠨ ᠨᠠᠮ᠎ᠤᠨ ᠵᠤᠬᠢᠶᠠᠨ ᠪᠠᠢᠭᠤᠯᠤᠯᠳᠠ ᠵᠢᠨ ᠰᠡᠷᠭᠡᠢᠯᠡᠯᠲᠡ ᠎ᠶ᠋ᠢᠨ ᠱᠤᠭᠤᠮ᠎ᠢ ᠪᠠᠳᠤ ᠴᠤᠬᠴᠠᠯᠠᠪᠠ

ᠢᠳᠡᠪᠬᠢᠲᠡᠢ ᠪᠡᠷ ᠰᠠᠨᠠᠭᠠᠴᠢᠯᠠᠭ᠎ᠠ᠎ᠠᠴᠠ᠎ᠪᠠᠨ ᠠᠵᠢᠯᠯᠠᠵᠤ᠂ ᠨᠡᠢᠭᠡᠮ ᠲᠣᠭᠣᠷᠢᠭ ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠯ᠎ᠡ ᠵᠦᠢᠯ᠎ᠦᠨ ᠪᠠᠢᠷᠢᠯᠠᠭᠤᠯᠤᠯᠲᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠪᠠ᠃ ᠬᠦᠬᠡᠬᠤᠲᠠ᠎ᠶᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠨᠠᠮ᠎ᠤᠨ ᠭᠡᠱᠢᠭᠦᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠬᠦᠬᠡᠬᠣᠲᠠ᠎ᠶ᠋ᠢᠨ ᠨᠠᠮ ᠎ᠤᠨ ᠬᠣᠷᠢᠶ᠎ᠠ ᠵᠠᠰᠠᠭ ᠎ᠤᠨ ᠣᠷᠳᠣᠨ᠎ᠤ ᠬᠢᠵᠢᠭ ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠱᠠᠭᠠᠷᠳᠠᠯᠭ᠎ᠠ ᠎ᠶ᠋ᠢ ᠢᠳᠡᠪᠬᠢᠲᠡᠶ ᠴᠤᠤᠷᠢᠶᠠᠳᠤᠨ ᠳᠠᠭᠠᠵᠤ᠂ ᠳᠠᠢᠴᠢᠨ ᠪᠡᠬᠢᠯᠡᠯᠲᠡ᠎ᠶ᠋ᠢᠨ ᠦᠢᠯᠡᠳᠦᠯ ᠪᠣᠯᠤᠨ ᠬᠣᠱᠢᠭᠤᠴᠢ ᠵᠢᠱ᠌ᠢᠶᠡᠴᠢ ᠦᠶ᠋ᠯᠡᠳᠦᠯ ᠎ᠢᠶᠡᠨ ᠭᠦᠶ᠋ᠴᠡᠳ ᠪᠠᠳᠠᠷᠠᠭᠤᠯᠵᠤ᠂ ᠣᠯᠠᠨ ᠲᠦᠮᠡᠨ᠎ᠢ ᠥᠷᠭᠡᠨ᠎ᠢᠶᠡᠷ ᠳᠠᠢᠴᠢᠯᠠᠨ᠂ ᠣᠯᠠᠨ ᠲᠦᠮᠡᠨ᠎ᠢ ᠵᠣᠬᠢᠶᠠᠨ ᠪᠠᠢᠭᠤᠯᠤᠨ ᠨᠢᠭ᠍ᠲᠠᠷᠠᠭᠤᠯᠵᠦ᠂ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠣᠯᠠᠨ ᠎ᠢᠶᠠᠷ᠎ᠢᠶᠠᠨ ᠰᠡᠷᠭᠡᠢᠯᠡᠵᠦ᠍ ᠣᠯᠠᠨ᠎ᠢᠶᠠᠷ᠎ᠢᠶᠠᠨ ᠡᠵᠡᠮᠳᠡᠬᠦ᠌ ᠨᠢᠭ᠍ᠲᠠ ᠴᠢᠩᠭ᠎ᠠ ᠰᠡᠷᠭᠡᠢᠯᠡᠯᠲᠡ ᠎ᠶ᠋ᠢᠨ ᠱᠤᠭᠤᠮ᠎ᠢ ᠪᠠᠢᠭᠤᠯᠪᠠ᠃ ᠪᠥᠬᠥ᠌ ᠬᠣᠲᠠ ᠎ᠶ᠋ᠢᠨ 31 ᠵᠡᠭᠡᠯᠢ ᠭᠤᠳᠤᠮᠵᠢ ᠎ᠶ᠋ᠢᠨ ᠨᠠᠮ᠎ᠤᠨ ᠠᠵᠢᠯᠯᠠᠬᠤ ᠬᠣᠷᠢᠶ᠎ᠠ᠂ 308 ᠨᠡᠢᠭᠡᠮ ᠲᠣᠭᠣᠷᠢᠭ ᠎ᠤᠨ ᠨᠠᠮ ᠎ᠤᠨ ᠵᠣᠬᠢᠶᠠᠨ ᠪᠠᠢᠭᠤᠯᠤᠯᠲᠠ ᠬᠣᠢᠨ᠎ᠠ ᠬᠣᠢᠨ᠎ᠠ᠎ᠠᠴᠠ᠎ᠪᠠᠨ ᠬᠥᠳᠡᠯᠦᠯᠴᠡᠵᠦ᠍᠂ ᠪᠥᠬᠥ᠌ ᠲᠠᠯ᠎ᠠ᠎ᠪᠠᠷ ᠳᠠᠢᠴᠢᠯᠠᠨ᠂ ᠨᠠᠷᠢᠨ ᠨᠢᠭ᠍ᠲᠠ ᠪᠠᠢᠷᠢᠯᠠᠭᠤᠯᠵᠤ᠂ ᠡᠯ᠎ᠡ ᠲᠠᠯ᠎ᠠ᠎ᠶ᠋ᠢᠨ ᠬᠦᠴᠦᠨ᠎ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠯ᠎ᠡ ᠵᠦᠶ᠋ᠯ ᠎ᠦᠨ ᠠᠵᠢᠯ ᠎ᠢ ᠴᠢᠩᠭᠠᠳᠭᠠᠪᠠ᠃

ᠬᠣᠱᠢᠭᠤ ᠱᠢᠶᠠᠨ ᠲᠣᠭᠣᠷᠢᠭ᠎ᠤᠨ ᠡᠯ᠎ᠡ ᠵᠡᠭᠡᠯᠢ ᠭᠤᠳᠤᠮᠵᠢ᠎ᠶ᠋ᠢᠨ ᠨᠠᠮ᠎ᠤᠨ ᠠᠵᠢᠯ ᠤ᠋ᠨ ᠬᠣᠷᠢᠶ᠎ᠠ ᠳᠡᠭᠡᠳᠦ ᠱᠠᠲᠤᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠴᠢᠩᠭ᠎ᠠ ᠵᠢᠷᠤᠮᠯᠠᠨ᠂ ᠠᠵᠢᠯ᠎ᠤᠨ ᠲᠣᠭ᠍ᠲᠠᠴᠠ᠎ᠪᠠᠨ ᠪᠦᠷᠢᠨᠱᠢᠭᠦᠯᠵᠦ᠍᠂ ᠬᠠᠷᠢᠭᠤᠴᠠᠯᠭ᠎ᠠ ᠠᠵᠢᠯ ᠎ᠤᠨ ᠬᠤᠪᠢᠶᠠᠷᠢᠯᠠᠯ ᠎ᠢᠶᠠᠨ ᠲᠣᠳᠣᠷᠬᠠᠢᠯᠠᠪᠠ᠃ ᠡᠬᠦᠨ᠎ᠳᠤ᠂ ᠬᠣᠲᠣᠩ ᠠᠷᠠᠳ ᠎ᠤᠨ ᠲᠣᠭᠣᠷᠢᠭ᠎ᠤᠨ ᠵᠦᠩ ᠱᠠᠨ ᠪᠠᠷᠠᠭᠤᠨ ᠵᠠᠮ ᠎ᠤᠨ ᠵᠡᠭᠡᠯᠢ ᠭᠤᠳᠤᠮᠵᠢ᠎ᠶ᠋ᠢᠨ ᠨᠠᠮ᠎ᠤᠨ ᠠᠵᠢᠯ ᠤ᠋ᠨ ᠬᠣᠷᠢᠶ᠎ᠠ 《ᠡᠳᠦᠷ᠎ᠦᠨ ᠪᠠᠢᠴᠠᠭᠠᠯᠲᠠ ᠎ᠶ᠋ᠢ ᠡᠳᠦᠷ᠎ᠲᠤ ᠮᠡᠳᠡᠭᠡᠯᠡᠬᠦ》 ᠲᠦᠷᠢᠮ᠎ᠢ ᠪᠠᠢᠭᠤᠯᠵᠤ᠂ ᠡᠳᠦᠷ ᠪᠦᠷᠢ ᠠᠵᠢᠯ ᠥᠷᠨᠢᠭᠦᠯᠵᠦ᠍ ᠪᠠᠢᠭ᠎ᠠ ᠪᠠᠢᠳᠠᠯ᠎ᠢᠶᠡᠨ ᠪᠦᠬᠦ᠌ ᠲᠠᠯ᠎ᠠ᠎ᠪᠠᠷ ᠡᠮᠬᠢᠯᠡᠵᠦ᠍᠂ ᠪᠦᠲᠦᠮᠵᠢᠲᠡᠢ ᠲᠤᠬᠢᠷᠠᠭᠤᠯᠬᠤ᠂ ᠣᠨᠣᠴᠠᠲᠠᠢ ᠵᠢᠯᠣᠭᠣᠳᠭᠤ᠎ᠶ᠋ᠢ ᠪᠡᠶᠡᠯᠡᠭᠦᠯᠵᠦ᠍᠂ ᠵᠡᠭᠡᠯᠢ ᠭᠤᠳᠤᠮᠵᠢ᠎ᠶ᠋ᠢᠨ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠠᠵᠢᠯ ᠎ᠢ ᠡᠮᠬᠢ ᠴᠡᠭ᠌ᠴᠡ ᠲᠡᠶ ᠤᠷᠤᠭ᠍ᠰᠢᠲᠠᠢ ᠥᠷᠨᠢᠭᠦᠯᠬᠦ᠌ ᠎ᠶ᠋ᠢ ᠦᠨᠡᠨ ᠬᠦ᠌ ᠪᠠᠲᠤᠯᠠᠪᠠ; ᠢᠦᠢᠴᠢᠤᠸᠠᠨ ᠲᠣᠭᠣᠷᠢᠭ᠎ᠤᠨ ᠳ᠋ᠠ ᠨᠠᠨ ᠵᠡᠭᠡᠯᠢ ᠭᠤᠳᠤᠮᠵᠢ᠎ᠶᠢᠨ ᠨᠡᠢᠭᠡᠮ ᠲᠣᠭᠣᠷᠢᠭ᠎ᠰᠡᠷᠭᠡᠢᠯᠡᠨ ᠡᠵᠡᠮᠳᠡᠬᠦ᠌ ᠳᠤᠮᠳᠠ《ᠨᠡᠢᠭᠡᠮ ᠲᠣᠭᠣᠷᠢᠭ᠎ᠤᠨ ᠺᠠᠳ᠋ᠷ + ᠲᠣᠮᠢᠯᠠᠨ ᠰᠠᠭᠤᠯᠭᠠᠭ᠍ᠰᠠᠨ ᠨᠠᠮ᠎ᠤᠨ ᠭᠡᠱᠢᠭᠦᠨ ᠺᠠᠳ᠋ᠷ + ᠲᠤᠤᠷᠵᠢᠭᠤᠯᠤᠭ᠍ᠰᠠᠨ ᠬᠠᠮᠢᠶᠠᠷᠤᠯᠲᠠ ᠎ᠶ᠋ᠢᠨ ᠠᠵᠢᠯᠲᠠᠨ + ᠠᠳᠠᠯ ᠠᠬᠤᠶ + ᠰᠠᠢᠨ ᠲᠤᠷᠠᠴᠤᠳ 》 ᠎ᠤ᠋ᠨ 《5 +》 ᠠᠵᠢᠯᠯᠠᠭᠠᠨ ᠎ᠤ ᠵᠠᠭ᠍ᠪᠤᠷ᠎ᠢ ᠬᠡᠷᠡᠭ᠌ᠵᠢᠭᠦᠯᠵᠦ᠍᠂ ᠵᠢᠭ᠍ᠰᠠᠭᠠᠨ ᠪᠠᠢᠴᠠᠭᠠᠬᠤ᠂ ᠳᠡᠩᠰᠡᠯᠡᠨ ᠲᠡᠮᠳᠡᠭ᠌ᠯᠡᠬᠦ᠌ ᠪᠠ ᠪᠥᠭᠡᠮ ᠬᠦᠴᠢᠯ᠎ᠦᠨ ᠪᠠᠢᠴᠠᠭᠠᠯᠲᠠ᠎ᠬᠢᠬᠦ᠂ ᠭᠤᠤᠯᠳᠠᠯᠭ᠎ᠠ᠎ᠲᠠᠶ ᠬᠥᠮᠦᠰ᠂ ᠪᠠᠢᠴᠠᠭᠠᠬᠤ ᠶᠣᠰᠣᠲᠠᠶ ᠵᠢ ᠪᠦᠬᠦᠨ ᠎ᠢ ᠪᠠᠢᠴᠠᠭᠠᠬᠤ ᠎ᠶ᠋ᠢ ᠦᠨᠡᠨ ᠬᠦ᠌ ᠪᠠᠲᠤᠯᠠᠪᠠ᠃

ᠬᠠᠮᠢᠶᠠᠷᠤᠯᠳᠠ ᠵᠢᠨ ᠰᠢᠨ᠎ᠡ ᠵᠢ ᠡᠭᠦᠳᠴᠦ ᠨᠠᠮ᠎ᠤᠨ ᠵᠤᠬᠢᠶᠠᠨ ᠪᠠᠢᠭᠤᠯᠤᠯᠳᠠ ᠵᠢᠨ ᠳᠠᠢᠴᠢᠨ ᠪᠠᠬᠢᠯᠡᠯᠳᠡ ᠵᠢᠨ ᠦᠢᠯᠡᠳᠦᠯ᠎ᠢ ᠬᠦᠢᠴᠡᠳ ᠪᠠᠲᠠᠷᠠᠭᠤᠯᠪᠠ

ᠲᠣᠣᠷᠵᠢᠭᠤᠯᠤᠭ᠍ᠰᠠᠨ ᠬᠠᠮᠢᠶᠠᠷᠤᠯᠲᠠ ᠎ᠶ᠋ᠢ ᠪᠣᠳᠠᠲᠠᠢ ᠠᠳᠭᠤᠵᠤ᠂ ᠨᠡᠢᠭᠡᠮ ᠲᠣᠭᠣᠷᠢᠭ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ 《ᠠᠮᠤᠷ ᠲᠦᠪᠱᠢᠨ᠎ᠦ ᠬᠡᠷᠡᠮ》 ᠢ᠋ ᠪᠠᠲᠦ ᠴᠣᠭ᠍ᠴᠠᠯᠠᠪᠠ᠃ ᠬᠢᠵᠢᠭ ᠎ᠦᠨ ᠪᠠᠢᠳᠠᠯ ᠳᠣᠣᠷ᠎ᠠ᠂ ᠨᠡᠢᠭᠡᠮ ᠲᠣᠭᠣᠷᠢᠭ ᠨᠢᠭᠡ ᠪᠦᠷᠢ᠂ ᠲᠣᠣᠷᠵᠢᠯ ᠨᠢᠭᠡ ᠪᠦᠷᠢ ᠨᠢ ᠴᠥᠮ ᠡᠮᠦᠨ᠎ᠡ ᠹᠷᠣᠨᠲ ᠎ᠤᠨ ᠵᠢᠭ᠍ᠰᠠᠭᠠᠯ ᠎ᠤᠨ ᠭᠠᠵᠠᠷ ᠪᠠᠢᠵᠦ᠂ ᠨᠡᠢᠭᠡᠮ ᠲᠣᠭᠣᠷᠢᠭ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠬᠠᠷᠢᠭᠤᠴᠠᠯᠭ᠎ᠠ ᠬᠦᠨᠳᠦ ᠶᠡᠬᠡ ᠪᠠᠢᠵᠦ᠂ ᠨᠡᠢᠭᠡᠮ ᠲᠣᠭᠣᠷᠢᠭ 《ᠲᠤᠤᠷᠵᠢᠭᠤᠯᠤᠭ᠍ᠰᠠᠨ》 ᠰᠡᠷᠭᠡᠢᠯᠡᠨ ᠡᠵᠡᠮᠳᠡᠬᠦ᠌ ᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ ᠦᠨᠳᠦᠰᠦᠨ ᠱᠠᠲᠤᠨ ᠎ᠤ ᠰᠡᠷᠭᠡᠢᠯᠡᠨ ᠡᠵᠡᠮᠳᠡᠬᠦ᠌ ᠠᠵᠢᠯ ᠎ᠤᠨ ᠵᠣᠬᠢᠶᠠᠨ ᠪᠠᠢᠭᠤᠯᠤᠯᠲᠠ ᠎ᠶ᠋ᠢᠨ ᠱᠢᠰᠲ᠋ᠧᠮ᠎ᠢ ᠪᠠᠢᠭᠤᠯᠤᠨ᠂ ᠬᠠᠷᠢᠭᠤᠴᠠᠯᠭ᠎ᠠ ᠎ᠶ᠋ᠢ ᠬᠥᠮᠦᠨ᠎ᠳᠦ ᠬᠦᠷᠲᠡᠯ᠎ᠡ ᠨᠠᠢᠳᠠᠪᠤᠷᠢᠵᠢᠭᠤᠯᠵᠤ᠂ ᠡᠷᠦᠬᠡ ᠎ᠳᠦ ᠬᠦᠷᠲᠡᠯ᠎ᠡ ᠪᠤᠲᠠᠲᠠᠢᠵᠢᠭᠤᠯᠪᠠ᠃ ᠰᠠᠭᠤᠭᠠᠯᠢ ᠠᠷᠠᠳ᠎ᠤᠨ ᠲᠣᠭᠣᠷᠢᠭ᠂ ᠬᠤᠳᠠᠯᠳᠤᠭ᠎ᠠ ᠵᠠᠬ᠎ᠠ ᠳᠡᠯᠭᠡᠭᠦᠷ ᠂ ᠵᠡᠭᠡᠯᠢ ᠭᠤᠳᠤᠮᠵᠢ ᠵᠡᠷᠭᠡ ᠠᠳᠠᠯᠢ ᠪᠤᠰᠤ ᠲᠥᠷᠥᠯ ᠬᠡᠯᠪᠡᠷᠢ ᠎ᠳᠦ ᠴᠢᠭ᠌ᠯᠡᠭᠦᠯᠦᠨ᠂ ᠪᠥᠬᠥ᠌ ᠬᠣᠲᠠ ᠎ᠶ᠋ᠢᠨ ᠵᠡᠭᠡᠯᠢ ᠭᠤᠳᠤᠮᠵᠢ ᠨᠡᠢᠭᠡᠮ ᠲᠣᠭᠣᠷᠢᠭ᠎ᠢ 3311 ᠬᠤᠪᠢᠶᠠᠵᠤ᠂ 4500 ᠭᠠᠷᠤᠶ᠎ᠲᠤᠤᠷᠵᠢᠭᠤᠯᠤᠭ᠍ᠰᠠᠨ ᠬᠠᠮᠢᠶᠠᠷᠤᠯᠲᠠ᠎ᠶ᠋ᠢᠨ ᠠᠵᠢᠯᠲᠠᠨ ᠲᠤᠤᠷᠵᠢᠭᠤᠯᠤᠭ᠍ᠰᠠᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠯᠭ᠎ᠠ ᠳᠤᠤᠷ᠎ᠠ᠂ ᠠᠵᠢᠯᠲᠠᠨ ᠎ᠤ ᠮᠡᠳᠡᠭᠡ ᠵᠠᠩᠭᠢ ᠎ᠶ᠋ᠢ ᠪᠥᠬᠥ᠌ ᠲᠠᠯ᠎ᠠ᠎ᠪᠠᠷ ᠴᠤᠭ᠍ᠯᠠᠭᠤᠯᠵᠤ᠂ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠮᠡᠳᠡᠭᠡ ᠵᠠᠩᠭᠢᠴᠢ ᠂ ᠤᠬᠠᠭᠤᠯᠤᠭ᠍ᠴᠢ ᠪᠠ ᠪᠠᠢᠯᠳᠤᠭ᠍ᠴᠢ ᠪᠤᠯᠤᠬᠰᠠᠨ ᠪᠠᠢᠨ᠎ᠠ᠃


QQ截图20220306092926.png


ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠵᠦ᠍ ᠂ ᠨᠡᠢᠭᠡᠮ ᠲᠣᠭᠣᠷᠢᠭ ᠎ᠤᠨ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌《ᠲᠦᠷᠦᠭᠦᠴᠢ ᠭᠠᠯᠠᠭᠤ》᠎ᠵᠢᠨ ᠦᠢᠯᠡᠳᠦᠯ᠎ᠢ ᠪᠠᠳᠠᠷᠠᠭᠤᠯᠪᠠ᠃ ᠨᠡᠢᠭᠡᠮ ᠲᠣᠭᠣᠷᠢᠭ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠲᠡᠢᠨ ᠎ᠦ ᠲᠠᠯᠠᠪᠤᠷ᠎ᠲᠤ᠂ ᠨᠡᠢᠭᠡᠮ ᠲᠣᠭᠣᠷᠢᠭ ᠎ᠤᠨ ᠨᠠᠮ ᠎ᠤᠨ ᠵᠣᠬᠢᠶᠠᠨ ᠪᠠᠢᠭᠤᠯᠤᠯᠲᠠ ᠎ᠶ᠋ᠢᠨ ᠱᠦᠵᠢ ᠬᠦᠨᠳᠦ ᠡᠭᠦᠷᠭᠡ ᠎ᠶ᠋ᠢ ᠡᠭᠦᠷᠭᠡᠯᠡᠵᠦ᠍᠂ ᠠᠮᠤᠷ ᠲᠦᠪᠱᠢᠨ ᠎ᠦ ᠲᠤᠤᠷ ᠎ᠢ ᠪᠥᠬᠥ᠌ ᠬᠦᠴᠦᠨ ᠎ᠢᠶᠡᠷ᠎ᠢᠶᠡᠨ ᠵᠣᠬᠢᠶᠠᠨ ᠪᠠᠢᠭᠤᠯᠵᠤ᠂ ᠠᠮᠤᠷ ᠲᠦᠪᠱᠢᠨ ᠎ᠦ ᠡᠭᠦᠳᠡ ᠎ᠶ᠋ᠢ ᠰᠠᠢᠲᠤᠷ ᠰᠠᠬᠢᠪᠠ᠃ ᠢᠦᠢᠴᠢᠤᠸᠠᠨ ᠲᠣᠭᠣᠷᠢᠭ ᠎ᠤᠨ ᠱᠢᠩ ᠯᠦᠩ ᠱᠢᠶᠠᠩ ᠵᠡᠭᠡᠯᠢ ᠭᠤᠳᠤᠮᠵᠢ ᠎ᠶ᠋ᠢᠨ ᠯᠢ ᠵᠢᠩ ᠨᠡᠢᠭᠡᠮ ᠲᠣᠭᠣᠷᠢᠭ ᠎ᠤᠨ ᠱᠦᠵᠢ ᠡᠴᠡ ᠪᠥᠭᠡᠮ ᠬᠦᠴᠢᠯ ᠎ᠦᠨ ᠪᠠᠢᠴᠠᠭᠠᠯᠲᠠ ᠎ᠶ᠋ᠢᠨ ᠠᠵᠢᠯ᠎ᠢ ᠡᠬᠢᠯᠡᠭᠦᠯᠦᠭ᠌ᠰᠡᠨ᠎ᠡᠴᠡ ᠨᠠᠭᠠᠰᠢ᠂ ᠳᠤᠮᠳᠠᠴᠢ᠎ᠪᠠᠷ ᠡᠳᠦᠷ ᠪᠦᠷᠢ ᠵᠠᠭᠤ ᠭᠠᠷᠤᠢ ᠤᠲᠠᠰᠤ ᠲᠤᠰᠴᠤ᠌᠂ ᠡᠳᠦᠷ ᠰᠥᠨᠢ ᠢᠯᠭᠠᠯ ᠦᠭᠡᠢ᠎ᠪᠡᠷ ᠦᠷᠭᠦᠯᠵᠢᠯᠡᠨ ᠪᠠᠢᠯᠳᠤᠵᠤ᠂ ᠪᠣᠳᠠᠲᠤ ᠦᠢᠯᠡ ᠠᠵᠢᠯᠯᠠᠭ᠎ᠠ᠎ᠪᠠᠷ᠎ᠢᠶᠠᠨ ᠨᠢᠭᠡᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ᠎ᠶ᠋ᠢᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶ᠋ᠢ ᠲᠠᠢᠯᠪᠤᠷᠢᠯᠠᠪᠠ᠃

ᠲᠦᠭ ᠲᠦᠮᠡᠨ ᠠᠢᠯ ᠡᠷᠦᠬᠡ ᠎ᠶ᠋ᠢᠨ ᠡᠮᠦᠨ᠎ᠡ᠂ ᠨᠡᠢᠭᠡᠮ ᠲᠣᠭᠣᠷᠢᠭ ᠎ᠤᠨ ᠥᠷᠭᠡᠨ ᠣᠯᠠᠨ ᠠᠵᠢᠯᠲᠠᠨ ᠬᠠᠷᠠᠮ ᠦᠭᠡᠢ ᠵᠢᠳᠬᠦᠨ ᠥᠪᠡᠷ ᠎ᠢ᠎ᠪᠡᠨ ᠮᠠᠷᠲᠠᠵᠤ᠂ ᠬᠦᠨᠳᠦ ᠡᠭᠦᠷᠭᠡ᠎ᠶ᠋ᠢ ᠡᠭᠦᠷᠭᠡᠯᠡᠪᠡ᠃ 2020 ᠣᠨ᠎ᠳᠤ ᠪᠥᠬᠥ᠌ ᠬᠣᠲᠠ ᠡᠴᠡ ᠨᠢᠭᠡᠳᠦᠯᠲᠡᠶ ᠱᠢᠯᠭᠠᠨ ᠡᠯᠰᠡᠭ᠌ᠰᠡᠨ ᠨᠡᠢᠭᠡᠮ ᠲᠣᠭᠣᠷᠢᠭ ᠎ᠤᠨ ᠠᠵᠢᠯᠲᠠᠳ ᠣᠲᠣ ᠨᠢᠭᠡᠨᠲᠡ ᠨᠡᠢᠭᠡᠮ ᠲᠣᠭᠣᠷᠢᠭ᠎ᠤᠨ 《ᠬᠣᠶᠠᠷ ᠵᠥᠪᠯᠡᠯ》᠎ᠤ᠋ᠨ ᠪᠠᠭ᠎ᠤᠨ ᠪᠦᠷᠢᠯᠳᠦᠬᠦᠨ ᠪᠣᠯᠵᠠᠶ᠃ ᠳᠡᠳᠡ ᠨᠡᠷ ᠬᠠᠷᠢᠶ᠎ᠠ ᠣᠷᠣᠨ ᠎ᠤ 9 ᠰᠠᠭᠤᠭᠠᠯᠢ ᠠᠷᠠᠳ᠎ᠤᠨ ᠲᠣᠭᠣᠷᠢᠭ᠂ 10000 ᠭᠠᠷᠤᠶ ᠬᠥᠮᠦᠨ᠎ᠳᠤ ᠪᠦᠭᠡᠮ ᠬᠦᠴᠢᠯ᠎ᠤᠨ ᠪᠠᠢᠴᠠᠭᠠᠯᠲᠠ ᠬᠢᠬᠦ ᠠᠵᠢᠯ ᠎ᠢ ᠪᠥᠬᠥ᠌ ᠬᠦᠴᠦᠨ᠎ᠢᠶᠡᠷ᠎ᠢᠶᠡᠨ ᠵᠣᠬᠢᠶᠠᠨ ᠪᠠᠢᠭᠤᠯᠤᠨ ᠰᠠᠢᠲᠤᠷ ᠬᠢᠵᠦ᠍᠂ 《ᠡᠭᠦᠳᠡ ᠲᠣᠭ᠍ᠰᠢᠬᠤ ᠠᠵᠢᠯᠯᠠᠭ᠎ᠠ》᠎ᠶ᠋ᠢ ᠥᠷᠨᠢᠭᠦᠯᠵᠦ᠍᠂ ᠶᠠᠪᠤᠵᠤ ᠰᠠᠭᠤᠬᠤ ᠎ᠳᠤ ᠳᠥᠭᠥᠮ ᠦᠭᠡᠢ ᠰᠠᠭᠤᠭᠠᠯᠢ ᠠᠷᠠᠳ᠎ᠲᠤ 《ᠨᠢᠭᠡ ᠡᠷᠦᠬᠡ ᠎ᠶ᠋ᠢ ᠴᠦ᠍ ᠣᠷᠬᠢᠭ᠍ᠳᠠᠭᠤᠯᠬᠤ ᠥᠬᠡᠶ᠂ ᠨᠢᠭᠡ ᠬᠥᠮᠦᠨ ᠎ᠢ ᠴᠦ᠍ ᠣᠷᠬᠢᠭ᠍ᠳᠠᠭᠤᠯᠬᠤ ᠥᠬᠡᠶ》 ᠪᠠᠢᠬᠤ ᠎ᠶ᠋ᠢ ᠪᠡᠶᠡᠯᠡᠭᠦᠯᠪᠡ ᠭᠡᠵᠦ ᠰᠠᠢᠬᠠᠨ ᠲᠣᠭᠣᠷᠢᠭ᠎ᠤᠨ ᠷᠸᠨ ᠮᠢᠨ ᠵᠠᠮ᠎ᠤᠨ ᠵᠡᠭᠡᠯᠢ ᠭᠤᠳᠤᠮᠵᠢ᠎ᠶ᠋ᠢᠨ ᠹᠦ᠋ ᠱᠢᠩ ᠨᠡᠢᠭᠡᠮ ᠲᠣᠭᠣᠷᠢᠭ᠎ᠤᠨ ᠬᠠᠷᠢᠭᠤᠴᠠᠯᠭᠠᠲᠠᠨ ᠸᠠᠩ ᠢ ᠬᠡᠯᠡᠨ᠎ᠡ᠃

ᠰᠡᠳᠭᠢᠯ ᠨᠢᠭᠡᠳᠤᠨ ᠬᠦᠴᠤᠨ ᠵᠢᠡᠨ ᠬᠠᠮᠳᠤᠳᠬᠠᠵᠦ ᠬᠢᠵᠢᠭ ᠳᠠᠢ ᠳᠡᠮᠡᠴᠡᠬᠦ ᠡᠴᠤᠰ᠎ᠤᠨ ᠢᠯᠠᠯᠳᠠ ᠵᠢ ᠤᠯᠬᠤ ᠡᠷᠴᠢ ᠵᠤᠷᠢᠭ ᠢ᠋ ᠢᠯᠡᠷᠡᠭᠦᠯᠪᠡ

ᠤᠯᠠᠨ ᠲᠠᠯ᠎ᠠ ᠎ᠶ᠋ᠢᠨ ᠬᠦᠴᠦᠨ ᠵᠦᠢᠯ ᠎ᠢ ᠨᠢᠭ᠍ᠲᠠᠷᠠᠭᠤᠯᠵᠤ᠂ ᠨᠡᠢᠭᠡᠮ ᠲᠣᠭᠣᠷᠢᠭ ᠎ᠤᠨ ᠬᠢᠵᠢᠭ ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ 《ᠱᠢᠨ᠎ᠡ ᠬᠦᠴᠦᠨ》᠎ᠢ᠋ ᠲᠡᠭᠦᠯᠳᠡᠷᠵᠢᠭᠦᠯᠪᠠ᠃ ᠪᠦᠬᠦ᠌ ᠬᠤᠳᠠ ᠎ᠶ᠋ᠢᠨ ᠠᠯᠪᠠᠨ ᠪᠠᠢᠭᠤᠯᠭ᠎ᠠ ᠠᠵᠢᠯ ᠦᠢᠯᠡᠰ ᠎ᠦᠨ ᠨᠢᠭᠡᠴᠢ᠂ ᠤᠯᠤᠰ ᠎ᠤᠨ ᠥᠮᠴᠢᠯᠡᠯ᠎ᠦᠨ ᠠᠵᠤ ᠠᠬᠤᠢᠯᠠᠯ᠂ ᠨᠡᠢᠲᠡ᠎ᠶ᠋ᠢᠨ ᠥᠮᠴᠢᠯᠡᠯ ᠎ᠦᠨ ᠪᠤᠰᠤ ᠨᠠᠮ᠎ᠤᠨ ᠵᠣᠬᠢᠶᠠᠨ ᠪᠠᠢᠭᠤᠯᠤᠯᠲᠠ ᠵᠠᠯᠭᠠᠭ᠎ᠠ᠎ᠪᠠᠷ ᠨᠡᠢᠭᠡᠮ ᠲᠣᠭᠣᠷᠢᠭ᠎ᠤᠨ ᠨᠢᠭᠡᠳᠦᠭᠡᠷ ᠹᠷᠣᠨᠲ᠎ᠲᠤ ᠭᠦᠨᠵᠡᠭᠡᠢᠷᠡᠵᠦ᠍᠂ ᠬᠤᠳᠠ᠎ᠶ᠋ᠢᠨ ᠬᠠᠷᠢᠶ᠎ᠠ 91 ᠠᠯᠪᠠᠨ ᠪᠠᠢᠭᠤᠯᠭ᠎ᠠ᠂ ᠠᠵᠤ ᠠᠬᠤᠢᠯᠠᠯ ᠠᠵᠢᠯ ᠦᠢᠯᠡᠰ ᠎ᠦᠨ ᠨᠢᠭᠡᠴᠢ ᠎ᠶ᠋ᠢᠨ 638 ᠨᠠᠮ ᠎ᠤᠨ ᠵᠣᠬᠢᠶᠠᠨ ᠪᠠᠢᠭᠤᠯᠤᠯᠲᠠ᠂ 11900 ᠭᠠᠷᠤᠢ ᠨᠠᠮ᠎ᠤᠨ ᠭᠡᠱᠢᠭᠦᠨ ᠺᠠᠳ᠋ᠷ ᠡᠴᠡ 346 ᠬᠠᠮᠲᠤ᠎ᠪᠠᠷ ᠪᠦᠳᠦᠭᠡᠨ ᠪᠠᠢᠭᠤᠯᠬᠤ ᠨᠡᠢᠭᠡᠮ ᠲᠣᠭᠣᠷᠢᠭ᠎ᠲᠤ ᠭᠦᠨᠵᠡᠭᠡᠢᠷᠡᠵᠦ᠍᠂ ᠨᠡᠢᠭᠡᠮ ᠲᠣᠭᠣᠷᠢᠭ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠨᠢᠭᠡᠳᠦᠯᠲᠡᠢ ᠵᠢᠯᠤᠭᠤᠳᠤᠯᠭ᠎ᠠ ᠪᠣᠯᠤᠨ ᠲᠤᠬᠢᠷᠠᠭᠤᠯᠭ᠎ᠠ᠎ᠶ᠋ᠢ ᠲᠠᠭᠠᠵᠥ᠍᠂ ᠨᠡᠢᠭᠡᠮ ᠲᠣᠭᠣᠷᠢᠭ᠎ᠤᠨ ᠬᠦᠴᠦᠨ ᠬᠦᠷᠦᠯᠴᠡᠬᠦ᠌ ᠦᠭᠡᠢ ᠠᠰᠠᠭᠤᠳᠠᠯ᠎ᠢ ᠪᠦᠲᠦᠮᠵᠢᠲᠡᠢ ᠨᠠᠮᠳᠠᠭᠤᠯᠵᠤ᠂ ᠵᠠᠩᠭᠢᠯᠠᠭ᠎ᠠ ᠎ᠶ᠋ᠢᠨ ᠣᠷᠣᠨ ᠪᠦᠰᠡ᠎ᠶ᠋ᠢ ᠨᠠᠮ ᠎ᠤᠨ ᠵᠣᠬᠢᠶᠠᠨ ᠪᠠᠢᠭᠤᠯᠤᠯᠲᠠ ᠡᠵᠡᠮᠳᠡᠵᠦ᠍᠂ ᠵᠠᠩᠭᠢᠯᠠᠭ᠎ᠠ ᠎ᠶ᠋ᠢᠨ ᠴᠠᠭ ᠮᠥᠴᠡ᠎ᠳᠦ ᠨᠠᠮ᠎ᠤᠨ ᠭᠡᠱᠢᠭᠦᠨ ᠬᠠᠷᠢᠭᠤᠴᠠᠯᠭ᠎ᠠ ᠡᠭᠦᠷᠭᠡᠯᠡᠵᠦ᠍᠂ ᠵᠠᠩᠭᠢᠯᠠᠭ᠎ᠠ ᠎ᠶ᠋ᠢᠨ ᠠᠵᠢᠯ᠎ᠤᠨ ᠪᠠᠢᠷᠢ ᠎ᠳᠤ ᠨᠠᠮ᠎ᠤᠨ ᠰᠦᠯᠳᠡ᠎ᠶ᠋ᠢ ᠭᠡᠷᠡᠯᠲᠦᠭᠦᠯᠦᠭ᠌ᠰᠡᠨ ᠪᠠᠢᠨ᠎ᠠ᠃ ᠬᠢᠵᠢᠭ᠎ᠦᠨ ᠡᠮᠦᠨ᠎ᠡ᠂ ᠪᠢᠲᠡᠭᠦᠮᠵᠢᠯᠡᠨ ᠡᠵᠡᠮᠳᠡᠬᠦ᠌ ᠰᠠᠭᠤᠭᠠᠯᠢ ᠠᠷᠠᠳ ᠎ᠤᠨ ᠲᠣᠭᠣᠷᠢᠭ ᠎ᠲᠤ ᠰᠠᠭᠤᠵᠤ ᠪᠠᠢᠭ᠎ᠠ ᠲᠤᠱᠢᠶᠠᠯ ᠎ᠳᠤ ᠪᠠᠢᠭ᠎ᠠ ᠨᠠᠮ᠎ᠤᠨ ᠭᠡᠱᠢᠭᠦᠨ ᠰᠠᠨᠠᠭᠠᠴᠢᠯᠠᠭ᠎ᠠ᠎ᠠᠴᠠ᠎ᠪᠠᠨ ᠨᠠᠮ ᠎ᠤᠨ ᠭᠡᠱᠢᠭᠦᠨ᠎ᠦ ᠪᠡᠶ᠎ᠡ᠎ᠶᠢᠨ ᠭᠠᠷᠤᠯ ᠎ᠢᠶᠠᠨ ᠲᠣᠳᠣᠷᠬᠠᠢᠯᠠᠵᠤ᠂ ᠰᠠᠭᠤᠭᠠᠯᠢ ᠠᠷᠠᠳ ᠎ᠤᠨ ᠲᠣᠭᠣᠷᠢᠭ ᠎ᠤᠨ ᠬᠢᠵᠢᠭ ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠳᠦ ᠢᠳᠡᠪᠬᠢᠲᠡᠢ ᠣᠷᠣᠯᠴᠠᠵᠤ᠂ ᠪᠢᠲᠡᠭᠦᠮᠵᠢᠯᠡᠨ ᠡᠵᠡᠮᠳᠡᠬᠦ᠌ ᠰᠠᠭᠤᠭᠠᠯᠢ ᠠᠷᠠᠳ᠎ᠤᠨ ᠡᠳᠦᠷ ᠳᠤᠳᠤᠮ ᠎ᠤᠨ ᠠᠮᠢᠳᠤᠷᠠᠯ᠎ᠤᠨ ᠬᠡᠪ᠎ᠦᠨ ᠡᠷᠭᠢᠯᠲᠡ᠎ᠶ᠋ᠢ ᠪᠠᠲᠤᠯᠠᠪᠠ᠃

ᠨᠠᠮ᠎ᠤᠨ ᠪᠠᠢᠭᠤᠯᠤᠯᠲᠠ ᠬᠣᠯᠪᠣᠭᠠᠯᠠᠨ ᠪᠠᠢᠭᠤᠯᠵᠤ ᠬᠦᠴᠦᠨ᠎ᠢᠶᠡᠨ ᠨᠢᠭ᠍ᠲᠠᠷᠠᠭᠤᠯᠵᠤ᠂ ᠨᠡᠢᠭᠡᠮ ᠲᠣᠭᠣᠷᠢᠭ ᠎ᠤᠨ ᠬᠢᠵᠢᠭ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ 《ᠬᠣᠷᠢᠭ᠍ᠯᠠᠯᠲᠠ᠎ᠶ᠋ᠢᠨ ᠳᠠᠢᠯᠠᠯᠳᠤᠭᠠᠨ》᠎ᠢ᠋ ᠰᠠᠢᠲᠤᠷ ᠬᠢᠪᠡ᠃ ᠨᠡᠢᠭᠡᠮ ᠲᠣᠭᠣᠷᠢᠭ᠎ᠤᠨ ᠠᠳᠠᠯ ᠠᠬᠤᠶ᠎ᠶ᠋ᠢᠨ ᠨᠠᠮ᠎ᠤᠨ ᠪᠠᠢᠭᠤᠯᠤᠯᠲᠠ ᠎ᠶ᠋ᠢᠨ ᠬᠠᠮᠲᠤᠷᠠᠭ᠍ᠰᠠᠨ ᠪᠠᠢᠭᠤᠯᠤᠯᠲᠠ᠎ᠪᠠᠷ ᠳᠡᠮᠵᠢᠨ᠂ ᠥᠷᠭᠡᠨ ᠣᠯᠠᠨ 《ᠬᠤᠪᠢᠰᠭᠠᠯᠲᠤ ᠠᠳᠠᠯ ᠠᠬᠤᠶ》᠎ᠶ᠋ᠢᠨ ᠠᠵᠤ ᠠᠬᠤᠢᠯᠠᠯ᠎ᠤᠨ ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠭᠡᠱᠢᠭᠦᠨ ᠨᠡᠢᠭᠡᠮ ᠲᠣᠭᠣᠷᠢᠭ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠳᠤ ᠰᠠᠨᠠᠭᠠᠴᠢᠯᠠᠭ᠎ᠠ᠎ᠠᠴᠠ᠎ᠪᠠᠨ ᠣᠷᠣᠯᠴᠠᠵᠤ᠂ ᠨᠠᠮ᠎ᠤᠨ ᠵᠣᠬᠢᠶᠠᠨ ᠪᠠᠢᠭᠤᠯᠤᠯᠲᠠ᠎ᠨᠢ ᠠᠳᠠᠯ ᠠᠬᠤᠶ ᠎ᠶ᠋ᠢᠨ ᠠᠵᠢᠯᠲᠠᠨ᠎ᠢ 24 ᠴᠠᠭ᠎ᠢᠶᠡᠷ ᠳᠠᠭᠠᠭᠤᠯᠤᠨ ᠵᠢᠵᠢᠭᠦᠷᠯᠡᠵᠦ᠍᠂ ᠰᠠᠭᠤᠭᠠᠯᠢ ᠠᠷᠠᠳ᠎ᠤᠨ ᠲᠣᠭᠣᠷᠢᠭ᠎ᠢᠶᠠᠷ ᠣᠷᠣᠵᠤ ᠭᠠᠷᠬᠤ ᠬᠥᠮᠦᠰ᠎ᠤᠨ ᠪᠡᠶ᠎ᠡ ᠎ᠶ᠋ᠢᠨ ᠬᠠᠯᠠᠭᠤᠨ᠎ᠢ ᠬᠡᠮᠵᠢᠵᠦ ᠳᠡᠩᠰᠡᠯᠡᠨ ᠲᠡᠮᠳᠡᠭᠯᠡᠵᠦ᠂ ᠡᠳᠦᠷ ᠪᠦᠷᠢ ᠬᠠᠷᠢᠶᠠᠲᠤ ᠣᠷᠣᠨ ᠎ᠤ ᠣᠯᠠᠨ ᠨᠡᠢᠲᠡ᠎ᠶ᠋ᠢᠨ ᠣᠷᠣᠨ ᠵᠠᠶ᠂ ᠠᠰᠠᠷ ᠎ᠤᠨ ᠬᠣᠩᠭᠢᠯ᠎ᠤᠨ ᠳᠣᠲᠣᠷ᠎ᠠ ᠭᠠᠳᠠᠨ᠎ᠠ᠎ᠶ᠋ᠢ ᠠᠷᠢᠭᠤᠳᠬᠠᠨ᠂ ᠪᠠᠭ᠎ᠠ ᠳᠤᠭᠤᠢᠯᠠᠩ ᠬᠤᠪᠢᠶᠠᠨ ᠲᠣᠭᠣᠷᠢᠨ ᠴᠠᠭ᠍ᠳᠠᠵᠤ᠂ ᠰᠠᠭᠤᠭᠠᠯᠢ ᠠᠷᠠᠳ᠎ᠤᠨ ᠲᠣᠭᠣᠷᠢᠭ ᠎ᠤᠨ ᠰᠠᠭᠤᠭᠠᠯᠢ ᠠᠷᠠᠳ ᠎ᠤᠨ ᠠᠮᠤᠷ ᠲᠦᠪᠱᠢᠨ ᠪᠠ ᠡᠷᠡᠭᠦᠯ ᠮᠡᠨᠳᠦ᠍ ᠎ᠶ᠋ᠢ ᠰᠠᠢᠲᠤᠷ ᠰᠠᠬᠢᠨ ᠬᠠᠮᠠᠭᠠᠯᠠᠪᠠ᠃

ᠡᠨᠡ ᠤᠳᠠᠭ᠎ᠠ ᠎ᠶ᠋ᠢᠨ ᠪᠦᠬᠦ᠌ ᠠᠷᠠᠳ᠎ᠢᠶᠡᠷ᠎ᠢᠶᠡᠨ ᠬᠠᠮᠲᠤ᠎ᠪᠠᠷ ᠬᠢᠵᠢᠭ᠎ᠲᠡᠶ ᠲᠡᠮᠡᠴᠡᠬᠦ᠌ ᠳᠠᠢᠯᠠᠯᠳᠤᠭᠠᠨ᠎ᠳᠤ ᠂ ᠡᠯ᠎ᠡ ᠨᠡᠢᠭᠡᠮ ᠲᠣᠭᠣᠷᠢᠭ᠎ᠲᠤ ᠪᠦᠷ ᠡᠢᠮᠦ᠍ ᠨᠢᠭᠡ ᠪᠦᠯᠦᠭ ᠬᠥᠮᠦᠰ ᠬᠠᠷᠠᠭ᠍ᠳᠠᠵᠤ ᠪᠠᠢᠳᠠᠭ᠄ ᠲᠡᠳᠡ ᠨᠡᠢᠭᠡᠮ ᠲᠣᠭᠣᠷᠢᠭ᠎ᠤᠨ ᠨᠠᠮ᠎ᠤᠨ ᠭᠡᠱᠢᠭᠦᠨ᠎ᠦ ᠲᠠᠭᠠᠭᠤᠯᠭ᠎ᠠ ᠳᠣᠣᠷ᠎ᠠ᠂ 《ᠤᠯᠠᠭᠠᠨ ᠬᠠᠨᠴᠤᠢ᠎ᠶ᠋ᠢᠨ ᠲᠡᠮᠳᠡᠭ》 ᠵᠡᠭᠦᠵᠦ᠍᠂《ᠤᠯᠠᠭᠠᠨ ᠡᠯᠢᠭᠡᠪᠴᠢ》 ᠡᠮᠦᠰᠴᠦ᠂ ᠰᠡᠷᠭᠡᠢᠯᠡᠨ ᠡᠵᠡᠮᠳᠡᠬᠦ᠌ ᠴᠡᠭ᠂ ᠦᠯᠢᠭᠡᠷ ᠠᠪᠬᠤ ᠲᠠᠪᠴᠠᠩ ᠤ᠋ᠨ ᠬᠠᠵᠠᠭᠤ᠎ᠳᠤ ᠵᠢᠵᠢᠭᠦᠷᠯᠡᠵᠦ᠍᠂ ᠲᠡᠳᠡ ᠨᠡᠷ᠎ᠤᠨ ᠣᠯᠠᠩᠬᠢ ᠨᠢ ᠴᠥᠮ ᠨᠡᠢᠭᠡᠮ ᠲᠣᠭᠣᠷᠢᠭ᠎ᠤᠨ ᠡᠩ ᠎ᠦᠨ ᠰᠠᠭᠤᠭᠠᠯᠢ ᠠᠷᠠᠳ ᠪᠠᠢᠵᠦ᠂ ᠨᠡᠢᠭᠡᠮ ᠲᠣᠭᠣᠷᠢᠭ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠵᠣᠬᠢᠶᠠᠨ ᠪᠠᠢᠭᠤᠯᠵᠤ ᠳᠠᠢᠴᠢᠯᠠᠬᠤ᠎ᠪᠠᠷ ᠲᠠᠮᠵᠢᠨ᠂ ᠰᠠᠭᠤᠭᠠᠯᠢ ᠠᠷᠠᠳ᠎ᠤᠨ ᠰᠠᠢ᠌ᠨ ᠲᠤᠷᠠᠴᠤᠳ᠂ ᠵᠠᠯᠠᠭᠤ ᠰᠠᠢ᠌ᠨ ᠲᠤᠷᠠᠴᠤᠳ ᠨᠠᠮ ᠎ᠤᠨ ᠲᠤᠭ᠎ᠤᠨ ᠳᠣᠣᠷ᠎ᠠ ᠦᠳᠲᠡᠷ ᠲᠦᠷᠭᠡᠨ ᠴᠤᠭ᠍ᠯᠠᠷᠠᠵᠤ᠂ ᠲᠤᠰ ᠲᠤᠰ᠎ᠤᠨ ᠳᠠᠪᠠᠭᠤᠯᠢᠭ ᠎ᠢᠶᠠᠨ ᠪᠠᠳᠠᠷᠠᠭᠤᠯᠵᠤ᠂ ᠬᠥᠷᠰᠢ ᠵᠡᠷᠭᠡᠯᠡᠳᠡᠭᠡ ᠪᠡᠷ᠎ᠢᠶᠡᠨ ᠬᠠᠷᠢᠯᠴᠠᠨ ᠬᠠᠪᠰᠤᠷᠤᠯᠴᠠᠵᠤ᠂ ᠨᠡᠢᠭᠡᠮ ᠲᠣᠭᠣᠷᠢᠭ᠎ᠤᠨ ᠰᠡᠷᠭᠡᠢᠯᠡᠨ ᠡᠵᠡᠮᠳᠡᠬᠦ᠌ ᠲᠠᠢ᠌ᠨ᠎ᠦ ᠲᠠᠯᠠᠪᠤᠷ᠎ᠲᠤ ᠬᠦᠴᠦᠨ ᠴᠢᠳᠠᠯ᠎ᠢᠶᠠᠨ ᠡᠷᠭᠦᠭᠰᠡᠨ ᠪᠠᠢᠨ᠎ᠠ᠃

(ᠬᠡᠷᠡᠯ ᠵᠢᠷᠤᠭ ᠢ᠋ ᠰᠢᠨᠬᠤᠸᠠ ᠰᠦᠯᠵᠢᠶ᠎ᠡ ᠡᠴᠡ ᠠᠪᠤᠪᠠ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面