ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-03-06 12:52:33

ᠵᠣᠬᠢᠶᠠᠭ᠍ᠴᠢ᠄ ᠰᠢᠤᠢ ᠶᠤᠸᠠᠢ ᠸᠠᠡᠭ ᠶᠠ ᠵᠢᠡᠭ ᠣᠩᠱᠢᠭ᠍ᠰᠠᠨ ᠣᠳᠠᠭ᠎ᠠ᠄ 3

ᠰᠤᠷᠪᠤᠯᠵᠢᠯᠠᠬᠴᠢ ᠬᠦᠬᠡᠬᠤᠳᠠ ᠵᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠰᠤᠨᠢᠨ ᠮᠡᠳᠡᠬᠡ ᠨᠡᠢᠳᠡᠯᠡᠬᠦ ᠬᠤᠷᠠᠯ (ᠬᠤᠷᠢᠳᠤᠭᠠᠷ ᠲᠠᠯᠠᠪᠠᠢ)ᠡᠴᠡ ᠤᠢᠯᠠᠭᠠᠬᠰᠠᠨ ᠵᠢᠡᠷ᠂ 2022 ᠤᠨ᠎ᠤ 3 ᠰᠠᠷ᠎ᠠ ᠵᠢᠨ 5᠎ᠤ ᠡᠳᠦᠷ᠎ᠤᠨ 24 ᠴᠠᠭ ᠪᠤᠯᠳᠠᠯ᠎ᠠ᠂ ᠲᠤᠰ ᠡᠬᠡᠯᠵᠢ ᠵᠢᠨ ᠬᠢᠵᠢᠭ᠎ᠤᠨ ᠪᠠᠢᠳᠠᠯ ᠳ᠋ᠦ ᠬᠦᠬᠡᠬᠤᠳᠠ ᠵᠢᠨ ᠬᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠲᠤᠬᠠᠢ ᠵᠢᠨ ᠭᠠᠵᠠᠷ᠎ᠤᠨ ᠲᠤᠳᠤᠯᠠᠬᠰᠠᠨ ᠡᠪᠡᠳᠴᠢᠨ᠎ᠤ ᠵᠢᠱ᠌ᠢᠶ᠎ᠡ ᠵᠢ ᠨᠡᠢᠳᠡ 415 ᠮᠡᠳᠡᠬᠦᠯᠪᠡ᠃ 2022 ᠤᠨ᠎ᠤ 3 ᠰᠠᠷ᠎ᠠ ᠵᠢᠨ 5᠎ᠤ ᠡᠳᠦᠷ᠎ᠤᠨ 0 ᠴᠠᠭ ᠡᠴᠡ 24 ᠴᠠᠭ ᠪᠤᠯᠳᠠᠯ᠎ᠠ᠂ ᠬᠦᠬᠡᠬᠤᠳᠠ ᠵᠢᠨ ᠬᠢᠨ ᠰᠢᠨ᠎ᠠ ᠪᠡᠷ ᠨᠡᠮᠡᠭᠳᠡᠭᠰᠡᠨ ᠲᠤᠬᠠᠢ ᠵᠢᠨ ᠭᠠᠵᠠᠷ᠎ᠤᠨ ᠲᠤᠳᠤᠯᠠᠬᠰᠠᠨ ᠡᠪᠡᠳᠴᠢᠨ᠎ᠤ ᠵᠢᠱ᠌ᠢᠶ᠎ᠡ 7 ᠮᠡᠳᠡᠭᠦᠯᠪᠡ ( ᠲᠦᠮᠡᠳ ᠵᠡᠭᠦᠨ ᠬᠣᠱᠢᠭᠤᠨ᠎ᠳᠤ 2᠂ ᠱᠢᠨ᠎ᠡ ᠬᠣᠲᠠ ᠲᠣᠭᠣᠷᠢᠭ᠎ᠲᠤ 4᠂ ᠬᠣᠲᠣᠩ ᠠᠷᠠᠳ᠎ᠤᠨ ᠲᠣᠭᠣᠷᠢᠭ᠎ᠲᠤ 1 ᠪᠤᠢ )᠃ ᠱᠢᠨ᠎ᠡ᠎ᠪᠡᠷ ᠨᠡᠮᠡᠭ᠌ᠳᠡᠭ᠌ᠰᠡᠨ ᠲᠤᠳᠤᠯᠠᠬᠰᠠᠨ ᠡᠪᠡᠳᠴᠢᠨ᠎ᠦ ᠵᠢᠱ᠌ᠢᠶ᠎ᠡ᠎ᠨᠢ ᠴᠥᠮ ᠲᠤᠰᠠᠭᠠᠷᠯᠠᠬᠤ ᠴᠡᠭ ᠪᠠ ᠪᠢᠲᠡᠭᠦᠮᠵᠢᠯᠡᠨ ᠡᠵᠡᠮᠳᠡᠬᠦ᠌ ᠲᠤᠭᠤᠷᠢᠭ᠎ᠠᠴᠠ ᠢᠷᠡᠯᠲᠡ᠎ᠲᠡᠶ᠂ ᠡᠭᠦᠨ᠎ᠳᠦ ᠲᠤᠰᠠᠭᠠᠷᠯᠠᠬᠤ ᠴᠡᠭ᠎ᠲᠦ 6᠂ ᠪᠢᠲᠡᠭᠦᠮᠵᠢᠯᠡᠨ ᠡᠵᠡᠮᠳᠡᠬᠦ᠌ ᠲᠣᠭᠣᠷᠢᠭ᠎ᠲᠤ 1 ᠪᠣᠶ᠃

ᠨᠠᠷᠢᠨ ᠨᠢᠮᠪᠠᠢ ᠡᠮᠨᠡᠨ ᠵᠠᠰᠠᠬᠤ ᠪᠡᠷ ᠲᠠᠮᠵᠢᠨ᠂ 3 ᠰᠠᠷ᠎ᠠ ᠵᠢᠨ 5᠎ᠤ ᠡᠳᠦᠷ 36 ᠡᠪᠡᠳᠴᠢᠲᠡᠨ ᠢᠯᠡᠷᠢᠰᠢᠵᠤ ᠡᠮᠨᠡᠯᠭᠡ ᠡᠴᠡ ᠭᠠᠷᠴᠤ᠂ ᠤᠳᠤᠬᠠᠨ ᠪᠤᠯᠳᠠᠯ᠎ᠠ ᠨᠡᠢᠲᠡ 190 ᠡᠪᠡᠳᠴᠢᠲᠡᠨ ᠢᠯᠡᠷᠢᠰᠢᠵᠤ ᠡᠮᠨᠡᠯᠭᠡ ᠡᠴᠡ ᠭᠠᠷᠪᠠ᠃ ᠤᠳᠤᠬᠠᠨ ᠳ᠋ᠦ ᠬᠦᠬᠡᠬᠤᠳᠠ ᠳ᠋ᠦ ᠲᠤᠬᠠᠢ ᠵᠢᠨ ᠭᠠᠵᠠᠷ᠎ᠤᠨ ᠲᠤᠳᠤᠯᠠᠭᠰᠠᠨ ᠡᠪᠡᠳᠴᠢᠨ᠎ᠤ ᠵᠢᠱ᠌ᠢᠶ᠎ᠡ 225 ᠪᠤᠢ᠃

ᠬᠥᠬᠡᠬᠣᠲᠠ᠄ ᠣᠳᠣᠬᠠᠨ᠎ᠳᠤ ᠬᠢᠵᠢᠭ᠎ᠦᠨ ᠪᠠᠢᠳᠠᠯ ᠶᠡᠷᠦᠩᠬᠡᠶ ᠎ᠳᠡᠭᠡᠨ ᠬᠥᠳᠡᠯᠦᠩᠭᠦᠶ ᠪᠡᠷ ᠪᠠᠭᠤᠷᠠᠵᠤ ᠪᠠᠢᠬᠤ ᠪᠥᠭᠡᠳ ᠰᠠᠢᠵᠢᠷᠠᠬᠤ ᠬᠠᠨᠳᠤᠰᠢ᠎ᠲᠠᠶ ᠪᠠᠢᠨ᠎ᠠ

ᠬᠦᠬᠡᠬᠤᠳᠠ ᠵᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠰᠤᠨᠢᠨ ᠮᠡᠳᠡᠬᠡ ᠨᠡᠢᠳᠡᠯᠡᠬᠦ ᠬᠤᠷᠠᠯ(ᠬᠤᠷᠢᠳᠤᠭᠠᠷ ᠲᠠᠯᠠᠪᠠᠢ)ᠳᠡᠭᠡᠷ᠎ᠠ ᠬᠥᠬᠡᠬᠣᠲᠠ᠎ᠶ᠋ᠢᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠎ᠦᠨ ᠳᠡᠳ᠋ ᠡᠷᠬᠢᠯᠡᠭ᠌ᠴᠢ ᠸᠠᠩ ᠳ᠋ᠠ ᠸᠧᠶ ᠲᠠᠨᠢᠯᠴᠠᠭᠤᠯᠬᠤ᠎ᠳᠠᠭᠠᠨ᠂ ᠣᠳᠣᠬᠠᠨ᠎ᠳᠤ ᠡᠯ᠎ᠡ ᠵᠦᠶ᠋ᠯ᠎ᠦᠨ ᠴᠢᠩᠭ᠎ᠠ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠬᠦ᠌᠎ᠪᠡᠷ ᠳᠡᠮᠵᠢᠨ᠂ ᠬᠥᠬᠡᠬᠣᠲᠠ᠎ᠶ᠋ᠢᠨ ᠲᠣᠰ ᠡᠭᠡᠯᠵᠢ᠎ᠶ᠋ᠢᠨ ᠬᠢᠵᠢᠭ᠎ᠦᠨ ᠪᠠᠢᠳᠠᠯ ᠶᠡᠷᠦᠩᠬᠡᠶ᠎ᠳᠡᠭᠡᠨ ᠬᠥᠳᠡᠯᠦᠩᠭᠦᠶ᠎ᠪᠡᠷ ᠪᠠᠭᠤᠷᠠᠵᠤ ᠰᠠᠢᠵᠢᠷᠠᠬᠤ ᠬᠠᠨᠳᠤᠰᠢ᠎ᠲᠠᠶ ᠪᠣᠯᠵᠣ᠂ ᠠᠶᠤᠯ ᠲᠦᠭ᠌ᠰᠢᠭᠦᠷᠢᠳᠠᠢ ᠭᠠᠵᠠᠷ ᠤᠷᠤᠨ ᠠᠯᠬᠤᠮ ᠠᠯᠬᠤᠮ᠎ᠢᠶᠠᠷ ᠪᠠᠭᠠᠰᠴᠤ᠌᠂ ᠨᠡᠢᠭᠡᠮ ᠳᠡᠭᠡᠷᠡᠬᠢ ᠡᠪᠡᠳᠴᠢᠨ᠎ᠦ ᠵᠢᠱ᠌ᠢᠶ᠎ᠡ᠎ᠶ᠋ᠢ ᠦᠷᠭᠦᠯᠵᠢᠯᠡᠨ ᠬᠥᠳᠡᠯᠦᠩᠭᠦᠶ᠎ᠪᠡᠷ ᠦᠭᠡᠢᠰᠭᠡᠬᠦ᠌ ᠪᠠᠢᠳᠠᠯ᠎ᠢ ᠪᠠᠲᠤᠯᠠᠵᠤ᠂ ᠰᠡᠷᠭᠡᠢᠯᠡᠨ ᠡᠵᠡᠮᠳᠡᠬᠦ᠌ ᠠᠵᠢᠯ ᠠᠩᠬ᠎ᠠ ᠠᠯᠬᠤᠮ᠎ᠤᠨ ᠦᠷ᠎ᠡ ᠪᠦᠲᠦᠮᠵᠢ ᠤᠯᠪᠠ᠃ ᠭᠡᠪᠡᠴᠦ᠍ ᠱᠢᠨ᠎ᠡ ᠲᠢᠲᠢᠮᠯᠢᠭ ᠸᠢᠷᠦ᠋ᠰ᠎ᠲᠦ ᠨᠢᠭᠤᠭ᠍ᠳᠠᠮᠠᠯ ᠴᠢᠨᠠᠷ ᠣᠷᠣᠱᠢᠵᠤ ᠪᠠᠢᠬᠤ ᠪᠤᠯᠬᠤᠷ ᠳᠠᠯᠳᠠ ᠠᠶᠤᠯ ᠲᠦᠭ᠌ᠰᠢᠭᠦᠷᠢ᠎ᠶ᠋ᠢ ᠬᠠᠷᠠᠬᠠᠨ ᠦᠨᠳᠦᠰᠦᠨ᠎ᠡᠴᠡ᠎ᠨᠢ ᠠᠷᠢᠯᠭᠠᠭᠠᠳᠤᠶ ᠪᠠᠢᠵᠤ᠂ ᠲᠣᠭ᠍ᠲᠠᠭᠠᠯᠲᠤ ᠪᠤᠰᠤ ᠬᠦᠴᠦᠨ ᠵᠦᠶ᠋ᠯ ᠮᠥᠨ ᠣᠷᠣᠱᠢᠭ᠍ᠰᠠᠭᠠᠷ ᠪᠠᠢᠨ᠎ᠠ᠃ ᠥᠷᠭᠡᠨ ᠤᠯᠠᠨ ᠬᠤᠳᠠ᠎ᠶ᠋ᠢᠨ ᠠᠷᠠᠳ ᠰᠣᠨᠣᠷ ᠰᠡᠷᠡᠮᠵᠢ᠎ᠪᠡᠨ ᠶᠠᠭᠠᠬᠢᠭ᠍ᠰᠠᠨ ᠴᠤ᠌ ᠰᠤᠯᠠᠷᠠᠭᠤᠯᠵᠤ ᠪᠣᠯᠬᠤ ᠦᠭᠡᠢ᠂ ᠬᠥᠮᠦᠨ ᠬᠠᠷ᠎ᠠ᠎ᠶ᠋ᠢᠨ ᠱᠢᠯᠵᠢᠯᠲᠡ᠎ᠶ᠋ᠢ ᠪᠠᠭᠠᠰᠭᠠᠵᠤ᠂ ᠨᠡᠢᠭᠡᠮ᠎ᠦᠨ ᠲᠠᠯ᠎ᠠ᠎ᠶ᠋ᠢᠨ ᠬᠠᠮᠢᠶᠠᠷᠤᠯᠲᠠ ᠡᠵᠡᠮᠳᠡᠯ᠎ᠢ ᠴᠢᠩᠳᠠᠯᠠᠬᠤ ᠶᠡᠷᠦᠩᠬᠡᠢ ᠱᠠᠭᠠᠷᠳᠠᠯᠭ᠎ᠠ᠎ᠶ᠋ᠢ ᠪᠠᠷᠢᠮᠲᠠᠯᠠᠵᠤ᠂ ᠡᠯ᠎ᠡ ᠵᠦᠢᠯ᠎ᠦᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠦᠷᠭᠦᠯᠵᠢᠯᠡᠨ ᠢᠳᠡᠪᠬᠢᠲᠡᠢ ᠬᠠᠮᠵᠢᠯᠴᠠᠨ ᠰᠠᠢᠲᠤᠷ ᠨᠠᠢᠳᠠᠪᠤᠷᠢᠵᠢᠭᠤᠯᠵᠤ᠂ ᠬᠤᠪᠢ ᠬᠥᠮᠦᠨ᠎ᠦ ᠰᠡᠷᠭᠡᠢᠯᠡᠯᠲᠡ ᠬᠠᠮᠠᠭᠠᠯᠠᠯᠲᠠ᠎ᠶ᠋ᠢ ᠦᠷᠭᠦᠯᠵᠢᠯᠡᠨ ᠰᠠᠢᠲᠤᠷ ᠬᠢᠵᠦ᠍᠂ ᠬᠢᠵᠢᠭ᠎ᠦᠨ ᠪᠠᠢᠳᠠᠯ᠎ᠤᠨ ᠲᠠᠬᠢᠨ ᠳᠡᠯᠭᠡᠷᠡᠬᠦ᠌᠎ᠶ᠋ᠢ ᠡᠷᠡᠰ ᠰᠡᠷᠭᠡᠢᠯᠡᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠣᠷᠢᠭ᠍ᠯᠠᠯᠲᠠ᠎ᠶ᠋ᠢᠨ ᠳᠠᠢᠯᠠᠯᠳᠤᠭᠠᠨ᠎ᠤ ᠢᠯᠠᠯᠲᠠ᠎ᠶ᠋ᠢ ᠴᠥᠬᠥᠷᠡᠰᠢ ᠦᠭᠡᠢ᠂ ᠲᠤᠢᠯᠪᠤᠷᠢᠲᠠᠢ ᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面