ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-03-08 10:07:54

ᠵᠣᠬᠢᠶᠠᠭ᠍ᠴᠢ᠄ ​ ᠬᠤᠤ ᠱᠢᠤᠸᠠᠢ ᠯᠢᠶᠠᠨ ᠣᠩᠱᠢᠭ᠍ᠰᠠᠨ ᠣᠳᠠᠭ᠎ᠠ᠄ 3

3 ᠰᠠᠷ᠎ᠠ᠎ᠶ᠋ᠢᠨ 7 ᠤ᠋ ᠡᠳᠦᠷ᠂ ᠰᠤᠷᠪᠤᠯᠵᠢᠯᠠᠭ᠍ᠴᠢ ᠤᠷᠳᠤᠰ ᠬᠤᠳᠠ ᠎ᠶ᠋ᠢᠨ ᠳ᠋ᠦᠩᠱᠧᠩ ᠲᠣᠭᠣᠷᠢᠭ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠬᠣᠶᠠᠳᠤᠭᠠᠷ ᠲᠠᠯᠠᠪᠠᠢ ᠰᠣᠨᠢᠨ ᠮᠡᠳᠡᠭᠡ ᠨᠡᠢᠲᠡᠯᠡᠬᠦ᠌ ᠬᠤᠷᠠᠯ᠎ᠡᠴᠡ ᠣᠢᠯᠠᠭᠠᠭ᠍ᠰᠠᠨ᠎ᠢᠶᠠᠷ᠂ 3 ᠰᠠᠷ᠎ᠠ᠎ᠶ᠋ᠢᠨ 6 ᠤ᠋ ᠡᠳᠦᠷ ᠶᠠᠪᠤᠭ᠍ᠳᠠᠭ᠍ᠰᠠᠨ ᠳ᠋ᠦᠩᠱᠧᠩ ᠲᠣᠭᠣᠷᠢᠭ᠎ᠤᠨ ᠭᠣᠣᠯᠳᠠᠯᠭ᠎ᠠ᠎ᠲᠠᠶ ᠣᠷᠣᠨ ᠎ᠪᠦᠰᠡ ᠵᠢᠨ ᠬᠥᠮᠦᠰ᠎ᠦᠨ ᠪᠥᠭᠡᠮ ᠬᠦᠴᠢᠯ ᠎ᠦᠨ ᠪᠠᠢᠴᠠᠭᠠᠯᠲᠠ᠎ᠶ᠋ᠢᠨ ᠦᠷ᠎ᠡ ᠳ᠋ᠦᠩ ᠨᠢ ᠪᠦᠬᠦᠨ ᠵᠢᠡᠷ ᠵᠢᠡᠨ ᠪᠢᠯᠢᠭ ᠴᠢᠨᠠᠷᠲᠠᠢ ᠪᠠᠢᠪᠠ᠃ 3 ᠰᠠᠷ᠎ᠠ᠎ᠶ᠋ᠢᠨ 7 ᠎ᠤ᠋ ᠡᠳᠦᠷ ᠳ᠋ᠦᠩᠱᠧᠩ ᠲᠣᠭᠣᠷᠢᠭ ᠨᠢᠭᠡᠳᠦᠭᠡᠷ ᠡᠭᠡᠯᠵᠢ᠎ᠶ᠋ᠢᠨ ᠪᠦᠬᠦ᠌ ᠬᠥᠮᠦᠰ᠎ᠦᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢ ᠡᠬᠢᠯᠡᠭᠦᠯᠵᠦ᠍᠂ ᠣᠳᠣᠬᠠᠨ᠎ᠳᠤ ᠡᠯ᠎ᠡ ᠵᠦᠢᠯ ᠎ᠦᠨ ᠠᠵᠢᠯ ᠶᠠᠭ ᠡᠮᠬᠢ ᠵᠢᠷᠤᠮ ᠎ᠲᠠᠶ ᠶᠠᠪᠤᠭ᠍ᠳᠠᠵᠤ ᠪᠠᠢᠨ᠎ᠠ᠃

3 ᠰᠠᠷ᠎ᠠ᠎ᠶ᠋ᠢᠨ 6᠎ᠤ᠋ ᠡᠳᠦᠷ᠂ ᠤᠷᠳᠤᠰ ᠬᠤᠳᠠ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ 3 ᠤᠨᠤᠰᠢᠯᠠᠭᠳᠠᠭᠰᠠᠨ ᠡᠪᠡᠳᠴᠢᠨ᠎ᠦ ᠵᠢᠱ᠌ᠢᠢ᠎ᠡ᠎ᠶ᠋ᠢ ᠮᠡᠳᠡᠭᠦᠯᠪᠡ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠱᠢᠨᠵᠢᠯᠡᠬᠦ᠌ ᠤᠬᠠᠭᠠᠨᠴᠢ ᠪᠡᠷ ᠣᠨᠣᠴᠠᠲᠠᠢ ᠰᠠᠢᠲᠤᠷ ᠬᠢᠵᠦ᠍᠂ ᠬᠢᠵᠢᠭ᠎ᠦᠨ ᠪᠠᠢᠳᠠᠯ᠎ᠤᠨ ᠦᠷᠪᠢᠰᠦᠨ ᠳᠡᠯᠭᠡᠷᠡᠬᠦ᠌ ᠵᠠᠮ ᠱᠤᠭᠤᠮ᠎ᠢ ᠲᠠᠰᠤᠯᠬᠤ᠎ᠶ᠋ᠢᠨ ᠲᠥᠯᠥᠭᠡ᠂ ᠳ᠋ᠦᠩᠱᠧᠩ ᠲᠣᠭᠣᠷᠢᠭ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ᠎ᠤᠨ ᠲᠤᠬᠢᠷᠠᠭᠤᠯᠤᠯᠳᠠ ᠪᠠᠢᠷᠢᠯᠠᠭᠤᠯᠤᠯᠲᠠ᠎ᠶ᠋ᠢ ᠦᠨᠳᠦᠰᠦᠯᠡᠨ᠂ ᠳ᠋ᠦᠩᠱᠧᠩ ᠲᠣᠭᠣᠷᠢᠭ 3 ᠰᠠᠷ᠎ᠠ᠎ᠶ᠋ᠢᠨ 6 ᠎ᠤ᠋ ᠥᠷᠯᠥᠭᠡ᠎ᠶ᠋ᠢᠨ 8 ᠴᠠᠭ᠎ᠡᠴᠡ ᠡᠬᠢᠯᠡᠨ ᠂ ᠹᠦ᠋ ᠱᠢᠩ ᠵᠡᠭᠡᠯᠢ ᠭᠤᠳᠤᠮᠵᠢ᠎ᠶ᠋ᠢᠨ ᠬᠤᠸᠠ ᠶᠤᠸᠠᠨ ᠨᠡᠢᠭᠡᠮ ᠲᠣᠭᠣᠷᠢᠭ ᠂ ᠶᠦᠩ ᠨᠢᠩ ᠨᠡᠢᠭᠡᠮ ᠲᠣᠭᠣᠷᠢᠭ᠂ ᠱᠢᠩ ᠨᠦᠩ ᠨᠡᠢᠭᠡᠮ ᠲᠣᠭᠣᠷᠢᠭ ᠪᠣᠯᠤᠨ ᠵᠠᠮ ᠬᠠᠷᠢᠯᠴᠠᠭᠠᠨ᠎ᠤ ᠵᠡᠭᠡᠯᠢ ᠭᠤᠳᠤᠮᠵᠢ᠎ᠶ᠋ᠢᠨ ᠵᠢᠶᠠᠨ ᠺᠠᠩ ᠨᠡᠢᠭᠡᠮ ᠲᠣᠭᠣᠷᠢᠭ᠂ ᠲᠦᠩ ᠴᠤᠸᠠᠨ ᠪᠠᠯᠭᠠᠰᠤᠨ᠎ᠤ ᠲᠦᠩ ᠴᠤᠸᠠᠨ ᠲᠣᠰᠭᠣᠨ ᠵᠡᠷᠭᠡ ᠭᠣᠣᠯᠳᠠᠯᠭ᠎ᠠ᠎ᠲᠠᠶ ᠣᠷᠣᠨ ᠪᠦᠰᠡ ᠳ᠋ᠤ ᠪᠦᠬᠦ᠌ ᠣᠷᠣᠨ ᠪᠦᠰᠡ᠎ᠶ᠋ᠢᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠠᠵᠢᠯ ᠎ᠢ ᠥᠷᠨᠢᠭᠦᠯᠪᠡ᠃ 3 ᠰᠠᠷ᠎ᠠ᠎ᠶ᠋ᠢᠨ 6 ᠎ᠤ᠋ ᠡᠳᠦᠷ᠎ᠦᠨ 17 ᠴᠠᠭ ᠪᠣᠯᠲᠠᠯ᠎ᠠ᠂ ᠪᠥᠭᠡᠮ ᠬᠦᠴᠢᠯ᠎ᠦᠨ ᠥᠯᠢᠭᠡᠷ ᠢ᠋ ᠨᠡᠢᠲᠡ 40267 ᠬᠤᠪᠢ ᠴᠤᠭ᠍ᠯᠠᠭᠤᠯᠵᠤ ᠂ 3 ᠰᠠᠷ᠎ᠠ ᠎ᠶ᠋ᠢᠨ 7 ᠎ᠤ᠋ ᠡᠳᠦᠷ ᠎ᠦᠨ 0 ᠴᠠᠭ 10 ᠮᠢᠨᠦ᠋ᠲ ᠪᠣᠯᠲᠠᠯ᠎ᠠ᠂ ᠥᠯᠢᠭᠡᠷ᠎ᠢ ᠪᠠᠢᠴᠠᠭᠠᠭ᠍ᠰᠠᠨ ᠳ᠋ᠦᠩ ᠨᠢ ᠴᠥᠮ ᠪᠢᠯᠢᠭ ᠴᠢᠨᠠᠷᠲᠠᠶ ᠪᠠᠢᠪᠠ᠃ ᠡᠭᠦᠨ ᠎ᠦ ᠬᠠᠮᠲᠤ᠂ ᠣᠨᠣᠱᠢᠯᠠᠭ᠍ᠳᠠᠭ᠍ᠰᠠᠨ ᠡᠪᠡᠳᠴᠢᠨ᠎ᠤ ᠵᠢᠱ᠌ᠢᠶ᠎ᠡ᠎ᠲᠡᠶ ᠨᠢᠭ᠍ᠲᠠ ᠣᠢᠷᠠᠲᠤᠭ᠍ᠴᠢ᠎ᠶᠢᠨ ᠪᠥᠭᠡᠮ᠎ᠬᠦᠴᠢᠯ᠎ᠦᠨ ᠪᠠᠢᠴᠠᠭᠠᠯᠲᠠ᠎ᠶ᠋ᠢᠨ ᠦᠷ᠎ᠡ ᠳ᠋ᠦᠩ᠎ᠨᠢ ᠪᠠᠰᠠ ᠴᠥᠮ ᠪᠢᠯᠢᠭ ᠴᠢᠨᠠᠷᠲᠠᠶ ᠪᠠᠢᠪᠠ᠃

3 ᠰᠠᠷ᠎ᠠ᠎ᠶ᠋ᠢᠨ 7 ᠎ᠤ᠋ ᠥᠷᠯᠥᠭᠡ᠎ᠶ᠋ᠢᠨ 8 ᠴᠠᠭ᠎ᠲᠤ᠂ ᠳ᠋ᠦᠩᠱᠧᠩ ᠲᠣᠭᠣᠷᠢᠭ ᠨᠢᠭᠡᠳᠦᠭᠡᠷ ᠡᠭᠡᠯᠵᠢ᠎ᠶ᠋ᠢᠨ ᠪᠥᠬᠥ᠌ ᠬᠦᠮᠦᠰ᠎ᠤᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠠᠵᠢᠯ᠎ᠢ ᠡᠬᠢᠯᠡᠭᠦᠯᠵᠦ᠍᠂ ᠪᠥᠭᠡᠮ ᠬᠦᠴᠢᠯ ᠎ᠦᠨ ᠪᠠᠢᠴᠠᠭᠠᠯᠲᠠ᠎ᠶ᠋ᠢᠨ 10 ᠪᠠᠢᠭᠤᠯᠤᠮᠵᠢ ᠵᠢ ᠠᠵᠢᠯᠯᠠᠭᠤᠯᠵᠤ᠂ 464 ᠥᠯᠢᠭᠡᠷ ᠠᠪᠬᠤ ᠴᠡᠭ ᠲᠣᠬᠢᠷᠠᠭᠤᠯᠪᠠ᠂ ᠡᠭᠦᠨ ᠎ᠳᠦ ᠬᠦᠷᠢᠶᠡᠯᠡᠩ ᠲᠣᠭᠣᠷᠢᠭ᠂ ᠪᠠᠯᠭᠠᠰᠤ ᠵᠡᠭᠡᠯᠢ ᠭᠤᠳᠤᠮᠵᠢ᠎ᠳᠤ 317 ᠥᠯᠢᠭᠡᠷ ᠠᠪᠬᠤ ᠴᠡᠭ ᠭᠠᠷᠭᠠᠵᠤ᠂ ᠰᠤᠷᠭᠠᠭᠤᠯᠢ ᠬᠡᠦᠬᠡᠳ᠎ᠦᠨ ᠴᠡᠴᠡᠷᠯᠢᠭ ᠲᠸ᠋ 147 ᠥᠯᠢᠭᠡᠷ ᠠᠪᠬᠤ ᠴᠡᠭ ᠭᠠᠷᠭᠠᠵᠤ᠂ ᠨᠡᠢᠲᠡ 1600 ᠭᠠᠷᠤᠶ ᠡᠮᠨᠡᠯᠭᠡ᠎ᠶ᠋ᠢᠨ ᠠᠵᠢᠯᠲᠠᠨ ᠲᠣᠬᠢᠷᠠᠭᠤᠯᠵᠤ᠂ ᠥᠯᠢᠭᠡᠷ ᠢ᠋ ᠱᠢᠯᠵᠢᠭᠦᠯᠦᠨ ᠲᠡᠭᠡᠭᠡᠪᠦᠷᠢᠯᠡᠬᠦ᠌ ᠲᠡᠷᠭᠡ ᠬᠥᠰᠭᠡ ᠵᠢ 293 ᠲᠣᠬᠢᠷᠠᠭᠤᠯᠵᠤ᠂ 4000 ᠭᠠᠷᠤᠶ ᠺᠠᠳ᠋ᠷ ᠠᠵᠢᠯᠲᠠᠨ ᠠᠵᠢᠯᠴᠢᠨ ᠳᠠᠭᠠᠭᠠᠴᠢᠯᠠᠨ ᠬᠠᠷᠢᠯᠴᠠᠬᠤ ᠲᠣᠭᠣᠷᠢᠭ᠎ᠤᠨ ᠪᠥᠭᠡᠮ ᠬᠦᠴᠢᠯ᠎ᠦᠨ ᠥᠯᠢᠭᠡᠷ ᠠᠪᠬᠤ ᠴᠡᠭ᠎ᠲᠦ ᠬᠦᠷᠴᠦ᠍ ᠦᠶ᠋ᠯᠡᠴᠢᠯᠡᠪᠡ᠃ 3 ᠰᠠᠷ᠎ᠠ᠎ᠶ᠋ᠢᠨ 7 ᠎ᠤ᠋ ᠡᠳᠦᠷ᠎ᠦᠨ 16 ᠴᠠᠭ 10 ᠮᠢᠨᠦ᠋ᠲ ᠪᠣᠯᠲᠠᠯ᠎ᠠ᠂ ᠨᠡᠢᠲᠡ 430023 ᠬᠥᠮᠦᠨ᠎ᠦ ᠥᠯᠢᠭᠡᠷ ᠢ᠋ ᠴᠤᠭ᠍ᠯᠠᠭᠤᠯᠵᠤ ᠂ ᠣᠳᠣᠬᠠᠨ᠎ᠳᠤ ᠥᠯᠢᠭᠡᠷ ᠠᠪᠴᠤ᠌ ᠪᠠᠢᠴᠠᠭᠠᠨ ᠬᠡᠮᠵᠢᠬᠦ᠌ ᠠᠵᠢᠯ ᠶᠠᠭ ᠡᠮᠬᠢ ᠵᠢᠷᠤᠮ ᠎ᠲᠠᠶ ᠶᠠᠪᠤᠭ᠍ᠳᠠᠵᠤ ᠪᠠᠢᠨ᠎ᠠ᠃

ᠲᠤᠰ ᠡᠭᠡᠯᠵᠢ᠎ᠶᠢᠨ ᠬᠢᠵᠢᠭ᠎ᠦᠨ ᠪᠠᠢᠳᠠᠯ ᠭᠠᠷᠤᠭ᠍ᠰᠠᠨ᠎ᠡᠴᠡ ᠨᠠᠭᠠᠰᠢ᠂ ᠳ᠋ᠦᠩᠱᠧᠩ ᠲᠣᠭᠣᠷᠢᠭ ᠪᠦᠬᠦ᠌ ᠲᠠᠯ᠎ᠠ᠎ᠪᠠᠷ ᠲᠠᠢᠯᠠᠯᠳᠤᠭᠠᠨ᠎ᠤ ᠪᠠᠢᠳᠠᠯ ᠎ᠳᠤ ᠣᠷᠣᠵᠤ᠂ ᠡᠷᠡᠰ ᠱᠢᠭᠤᠷᠬᠠᠢ᠂ ᠪᠦᠲᠦᠮᠵᠢᠲᠡᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠢ᠎ᠡ ᠠᠪᠴᠤ᠌ ᠬᠢᠵᠢᠭ ᠎ᠦᠨ ᠪᠠᠢᠳᠠᠯ ᠤ᠋ᠨ ᠦᠷᠪᠢᠰᠦᠨ ᠳᠡᠯᠭᠡᠷᠡᠬᠦ᠌ ᠎ᠶ᠋ᠢ ᠴᠢᠩᠭ᠎ᠠ ᠰᠡᠷᠭᠡᠢᠯᠡᠪᠡ᠃ ᠬᠠᠮᠤᠭ᠎ᠤᠨ ᠣᠬᠣᠷᠬᠠᠨ ᠬᠤᠭᠤᠴᠠᠭᠠᠨ᠎ᠳᠤ ᠣᠨᠣᠱᠢᠯᠠᠭᠳᠠᠭ᠍ᠰᠠᠨ ᠡᠪᠡᠳᠴᠢᠨ᠎ᠤ ᠵᠢᠱ᠌ᠢᠶ᠎ᠡ ᠵᠢ ᠬᠦᠯᠢᠶᠡᠨ ᠠᠪᠴᠤ᠌᠂ ᠱᠢᠯᠢᠳᠡᠭ ᠲᠤᠰᠭᠠᠢ ᠮᠡᠷᠭᠡᠵᠢᠯᠲᠡᠨ ᠪᠣᠯᠤᠨ ᠡᠮᠴᠢᠯᠡᠭᠡᠨ᠎ᠦ ᠡᠬᠢ ᠪᠠᠶᠠᠯᠢᠭ᠎ᠢ ᠲᠥᠪᠯᠡᠷᠡᠭᠦᠯᠦᠨ ᠴᠠᠭ ᠲᠤᠬᠠᠢ᠎ᠳᠤᠨᠢ ᠠᠪᠤᠷᠠᠨ ᠡᠮᠨᠡᠪᠡ ᠃ ᠡᠬᠦᠨ ᠳ᠋ᠤ ᠠᠮᠢᠰᠭᠤᠯ᠎ᠤᠨ ᠳᠣᠲᠣᠷ ᠰᠠᠯᠠᠭᠠᠨ᠎ᠤ 1 ᠲᠤᠰᠭᠠᠢ ᠮᠡᠷᠭᠡᠵᠢᠯᠲᠡᠨ᠂ ᠬᠠᠯᠳᠠᠪᠤᠷᠢᠯᠠᠯ᠎ᠢ ᠡᠵᠡᠮᠳᠡᠬᠦ᠌ ᠬᠢᠨᠠᠯᠲᠠ ᠲᠠᠯᠪᠢᠭ᠍ᠴᠢ 1 ᠬᠦᠮᠦᠨ ᠵᠢᠴᠢ 12 ᠡᠮᠴᠢ ᠰᠤᠪᠢᠯᠠᠭ᠍ᠴᠢ᠎ᠪᠠᠷ ᠪᠦᠷᠢᠯᠳᠦᠭ᠌ᠰᠡᠨ ᠡᠮᠴᠢᠯᠡᠭᠡᠨ᠎ᠦ ᠪᠦᠯᠬᠦᠮ ᠲᠤᠬᠢᠷᠠᠭᠤᠯᠵᠤ ᠠᠪᠤᠷᠠᠨ ᠡᠮᠨᠡᠵᠡᠢ᠂ 3 ᠡᠪᠡᠳᠴᠢᠲᠡᠨ᠎ᠦ ᠡᠪᠡᠳᠴᠢᠨ᠎ᠦ ᠪᠠᠢᠳᠠᠯ ᠲᠣᠭ᠍ᠲᠠᠭᠤᠨ᠂ ᠰᠡᠳᠭᠢᠴᠡ᠎ᠶ᠋ᠢᠨ ᠪᠠᠢᠳᠠᠯ ᠰᠠᠢ᠌ᠨ ᠪᠠᠢᠵᠤ ᠂ ᠡᠮᠨᠡᠨ ᠵᠠᠰᠠᠬᠤ᠎ᠳᠤ ᠢᠳᠡᠪᠬᠢᠲᠡᠢ ᠬᠠᠮᠵᠢᠯᠴᠠᠪᠠ ᠃ ᠤᠳᠤᠬᠠᠨ ᠠᠮᠢᠳᠤᠷᠠᠯ ᠎ᠤᠨ ᠡᠳ᠋ ᠪᠠᠷᠠᠭ᠎ᠠ ᠎ᠶ᠋ᠢᠨ ᠲᠠᠯ᠎ᠠ ᠎ᠪᠠᠷ᠂ ᠪᠥᠬᠥ᠌ ᠲᠤᠭᠤᠷᠢᠭ᠎ᠤᠨ ᠢᠳᠡᠱᠢᠨ ᠨᠣᠭᠣᠭ᠎ᠠ᠂ ᠠᠮᠤ ᠪᠤᠳᠠᠭ᠎ᠠ᠂ ᠮᠢᠬᠠᠨ᠎ᠤ ᠲᠥᠷᠥᠯ ᠪᠠ ᠪᠤᠰᠤᠳ ᠦᠨᠳᠦᠰᠦᠨ ᠠᠮᠢᠳᠤᠷᠠᠯ᠎ᠤᠨ ᠡᠳ᠋ ᠪᠠᠷᠠᠭ᠎ᠠ᠎ᠶ᠋ᠢᠨ ᠢᠷᠡᠯᠲᠡ ᠲᠣᠭ᠍ᠲᠠᠭᠤᠨ ᠪᠠᠢᠵᠤ᠂ ᠬᠥᠮᠥᠷᠭᠡ᠎ᠶ᠋ᠢᠨ ᠬᠠᠳᠠᠭᠠᠯᠠᠯᠲᠠ ᠭᠦᠶ᠋ᠴᠡᠳ᠂ ᠦᠨ᠎ᠡ ᠬᠠᠩᠰᠢ ᠲᠣᠭ᠍ᠲᠠᠭᠤᠨ ᠪᠠᠢᠵᠤ᠂ ᠣᠯᠠᠨ ᠲᠦᠮᠡᠨ᠎ᠦ ᠬᠡᠪ᠎ᠦᠨ ᠠᠮᠢᠳᠤᠷᠠᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠵᠤ ᠪᠠᠢᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠦᠪᠦᠷ ᠮᠤᠩᠭᠤᠯ ‍ᠤᠨ ᠡᠳᠦᠷ ‍ᠤᠨ ᠰᠤᠨᠢᠨ
兼容浏览器的HTML页面