ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-03-08 15:03:09

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

( 2022 ᠣᠨ᠎ᠤ 35 ᠳ᠋ᠤᠭᠠᠷ ᠲᠣᠭᠠᠲᠤ )

ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠠᠴᠠ᠎ᠶ᠋ᠢᠨ《ᠱᠢᠨ᠎ᠡ ᠲᠢᠲᠢᠮᠯᠢᠭ᠎ᠠᠭᠤᠰᠭᠢᠨ᠎ᠦᠷᠪᠢᠰᠦᠯ᠎ᠦᠨ᠎ᠬᠢᠵᠢᠭ᠎ᠦᠨ᠎ᠪᠠᠢᠳᠠᠯ᠎ᠢ᠎ᠣᠷᠣᠨ᠎ᠬᠤᠪᠢᠶᠠᠨ ᠲᠠᠰ ᠬᠤᠪᠢᠶᠠᠬᠤ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠵᠦ᠍ ᠲᠤᠢᠯ᠎ᠤᠨ ᠣᠨᠣᠪᠴᠢᠲᠠᠶ᠎ᠪᠠᠷ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠬᠦ᠌ ᠲᠤᠬᠠᠶ ᠮᠡᠳᠡᠭ᠌ᠳᠡᠯ》᠎ᠤᠨ ᠲᠣᠭ᠍ᠲᠠᠭᠠᠯ ᠶᠤᠰᠤᠭᠠᠷ᠂ ᠮᠡᠷᠭᠡᠵᠢᠯᠲᠡᠨ᠎ᠦ ᠳᠤᠭᠤᠢᠯᠠᠩ᠎ᠤᠨ ᠦᠨᠡᠯᠡᠯᠲᠡ᠎ᠪᠡᠷ᠂ ᠬᠣᠲᠠ᠎ᠶ᠋ᠢᠨ ᠵᠢᠯᠣᠭᠣᠳᠭᠤ ᠭᠠᠵᠠᠷ ᠰᠤᠳᠤᠯᠤᠯᠳᠠ ᠪᠡᠷ ᠳᠠᠮᠵᠢᠨ᠂ 3 ᠰᠠᠷ᠎ᠠ᠎ᠶ᠋ᠢᠨ 7 ᠎ᠤ ᠡᠳᠦᠷ᠎ᠦᠨ 8 ᠴᠠᠭ᠎ᠠᠴᠠ ᠡᠬᠢᠯᠡᠨ᠂ ᠰᠠᠢᠬᠠᠨ ᠲᠣᠭᠣᠷᠢᠭ᠎ᠤᠨ ᠢᠦᠶ ᠯᠢᠨ ᠪᠠᠯᠭᠠᠰᠤᠨ᠎ᠤ ᠲᠣᠪᠴᠢ ᠲᠣᠰᠭᠣᠨ᠎ᠢ ᠳᠤᠮᠳᠠ ᠲᠦᠭ᠌ᠰᠢᠭᠦᠷᠢᠲᠡᠶ ᠭᠠᠵᠠᠷ ᠣᠷᠣᠨ ᠪᠣᠯᠭᠠᠨ ᠲᠣᠬᠢᠷᠠᠭᠤᠯᠵᠦ᠂ ᠱᠢᠨ᠎ᠡ ᠬᠤᠳᠡ ᠲᠣᠭᠣᠷᠢᠭ᠎ᠤᠨ ᠪᠠᠷᠠᠭᠤᠨ ᠵᠡᠭᠡᠯᠢ ᠭᠤᠳᠤᠮᠵᠢ᠎ᠶ᠋ᠢᠨ ᠤᠷᠠᠯᠢᠭ᠎ᠤᠨ ᠲᠢᠩᠬᠢᠮ᠎ᠤᠨ ᠬᠣᠢᠲᠤ ᠵᠡᠭᠡᠯᠢ᠎ᠶ᠋ᠢᠨ ᠨᠡᠢᠭᠡᠮ ᠲᠣᠭᠣᠷᠢᠭ᠂ ᠶᠢᠩ ᠱᠢᠨ ᠵᠠᠮ ᠵᠡᠭᠡᠯᠢ ᠭᠤᠳᠤᠮᠵᠢ᠎ᠶ᠋ᠢᠨ ᠰᠢᠨ ᠴᠦᠨ ᠨᠡᠢᠭᠡᠮ ᠲᠣᠭᠣᠷᠢᠭ᠂ ᠬᠤᠳᠤᠠᠭ᠌ ᠡᠠᠷᠠᠳ᠎ᠤᠨ ᠲᠣᠭᠣᠷᠢᠭ᠎ᠤᠨ ᠶᠦᠮ᠎ᠤᠨ ᠪᠠᠢᠰᠢᠡᠭ ᠪᠠᠯᠭᠠᠰᠤ᠎ᠶ᠋ᠢᠨ ᠳᠠᠯ᠎ᠠ ᠵᠢᠨ ᠪᠤᠯᠠᠭ ᠨᠡᠢᠭᠡᠮ ᠲᠣᠭᠣᠷᠢᠭ᠂ ᠢᠦᠢᠴᠢᠤᠸᠠᠡ ᠲᠣᠭᠣᠷᠢᠭ᠎ᠤᠨ ᠱᠢᠩ ᠯᠥᠩ ᠱᠢᠶᠠᠩ ᠵᠡᠭᠡᠯᠢ ᠭᠤᠳᠤᠮᠵᠢ᠎ᠶ᠋ᠢᠨ ᠰᠧ ᠯᠢ ᠶᠢᠩ ᠵᠡᠭᠦᠨ ᠨᠡᠢᠭᠡᠮ ᠲᠣᠭᠣᠷᠢᠭ᠂ ᠣᠷᠳᠣᠰ ᠵᠠᠮ᠎ᠤᠨ ᠵᠡᠭᠡᠯᠢ ᠭᠤᠳᠤᠮᠵᠢ᠎ᠶ᠋ᠢᠨ ᠡᠮᠦᠨ᠎ᠡ ᠪᠠ ᠯᠢ ᠵᠤᠸᠠᠩ ᠲᠣᠰᠭᠣᠨ᠂ ᠵᠣᠣ ᠵᠢᠶᠦ᠋ᠨ ᠵᠠᠮ ᠵᠡᠭᠡᠯᠢ ᠭᠤᠳᠤᠮᠵᠢ᠎ᠶ᠋ᠢᠨ ᠲᠢᠶᠠᠨ ᠵᠢᠶᠤᠤ ᠨᠡᠢᠭᠡᠮ ᠲᠣᠭᠣᠷᠢᠭ᠂ ᠰᠠᠢᠬᠠᠨ ᠲᠣᠭᠣᠷᠢᠭ᠎ᠤᠨ ᠵᠤᠤ ᠤᠳᠠ ᠡᠮᠦᠨ᠎ᠡ ᠵᠠᠮ᠎ᠤᠨ ᠵᠡᠭᠡᠯᠢ ᠭᠤᠳᠤᠮᠵᠢ᠎ᠶ᠋ᠢᠨ ᠵᠢᠨ ᠱᠢᠤ ᠨᠡᠢᠭᠡᠮ ᠲᠣᠭᠣᠷᠢᠭ᠂ ᠢᠦᠶ ᠯᠢᠨ ᠪᠠᠯᠭᠠᠰᠤᠨ᠎ᠤ ᠵᠡᠭᠦᠨ ᠭᠠᠭᠴᠠᠬᠠᠨ ᠬᠤᠳᠳᠤᠭ ᠳᠤᠰᠬᠤᠨ᠂ ᠲᠦᠮᠡᠳ ᠵᠡᠭᠦᠨ ᠬᠣᠱᠢᠭᠤᠨ᠎ᠤ ᠴᠠᠭᠠᠨ ᠰᠦᠮ᠎ᠡ ᠪᠠᠯᠭᠠᠰᠤᠨ᠎ᠤ ᠴᠠᠭᠠᠨ ᠰᠦᠮ᠎ᠡ ᠲᠣᠰᠭᠣᠨ᠎ᠢ ᠳᠤᠤᠷ᠎ᠠ ᠲᠦᠭ᠌ᠰᠢᠭᠦᠷᠢᠲᠠᠢ ᠭᠠᠵᠠᠷ ᠣᠷᠣᠨ ᠪᠣᠯᠭᠠᠨ ᠲᠣᠬᠢᠷᠠᠭᠤᠯᠪᠠ᠃ ᠪᠤᠰᠤᠳ ᠭᠠᠵᠠᠷ ᠣᠷᠣᠨ᠎ᠤ ᠲᠦᠭ᠌ᠰᠢᠭᠦᠷᠢ᠎ᠶ᠋ᠢᠨ ᠳᠡᠰ᠎ᠢ ᠬᠤᠪᠢᠷᠠᠭᠤᠯᠬᠤ ᠥᠬᠡᠶ᠃

ᠲᠣᠬᠢᠷᠠᠭᠤᠯᠤᠯᠲᠠ ᠬᠢᠭ᠌ᠰᠡᠨ᠎ᠦ ᠳᠠᠷᠠᠭ᠎ᠠ᠂ ᠬᠥᠬᠡᠬᠣᠲᠠ᠎ᠳᠤ ᠨᠡᠢᠲᠡ 7 ᠦᠨᠳᠦᠷ ᠲᠦᠭ᠌ᠰᠢᠭᠦᠷᠢᠲᠡᠶ ᠭᠠᠵᠠᠷ ᠣᠷᠣᠨ᠂ 50 ᠳᠤᠮᠳᠠ ᠲᠦᠭ᠌ᠰᠢᠭᠦᠷᠢᠲᠡᠶ ᠭᠠᠵᠠᠷ ᠣᠷᠣᠨ ᠪᠣᠯᠵᠠᠢ᠃

ᠡᠭᠦᠨ᠎ᠦ ᠲᠤᠯᠠ ᠣᠨᠴᠠᠭᠠᠢᠯᠠᠨ ᠵᠠᠷᠯᠠᠪᠠ᠃

ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ

2022 ᠣᠨ᠎ᠤ 3 ᠰᠠᠷ᠎ᠠ᠎ᠶ᠋ᠢᠨ 7 ᠎ᠤ ᠡᠳᠦᠷ

ᠢᠷᠡᠯᠲᠡ᠄ ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ



  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面