2022-03-14 14:04:50
ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ᠎ᠤᠨ ᠮᠠᠨ᠎ᠤ ᠬᠣᠲᠠ᠎ᠶ᠋ᠢᠨ ᠬᠡᠰᠡᠭ ᠭᠠᠵᠠᠷ ᠣᠷᠣᠨ᠎ᠤ ᠬᠢᠵᠢᠭ᠎ᠦᠨ ᠪᠠᠢᠳᠠᠯ᠎ᠤᠨ ᠲᠦᠭ᠌ᠰᠢᠭᠦᠷᠢ᠎ᠶ᠋ᠢᠨ ᠳᠡᠰ᠎ᠢ ᠲᠣᠬᠢᠷᠠᠭᠤᠯᠬᠤ ᠲᠤᠬᠠᠶ ᠠᠯᠪᠠᠨ ᠵᠠᠷᠯᠠᠯ
( 2022 ᠣᠨ᠎ᠤ 43 ᠳ᠋ᠤᠭᠠᠷ ᠲᠣᠭᠠᠲᠤ )
ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠠᠴᠠ᠎ᠶ᠋ᠢᠨ《ᠱᠢᠨ᠎ᠡ ᠲᠢᠲᠢᠮᠯᠢᠭᠠᠭᠤᠰᠭᠢᠨᠦᠷᠪᠢᠰᠦᠯᠦᠨᠬᠢᠵᠢᠭᠦᠨᠪᠠᠢᠳᠠᠯᠢᠣᠷᠣᠨᠬᠤᠪᠢᠶᠠᠨ ᠲᠠᠰ ᠬᠤᠪᠢᠶᠠᠬᠤ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠵᠦ᠍ ᠲᠤᠢᠯ᠎ᠤᠨ ᠣᠨᠣᠪᠴᠢᠲᠠᠶ᠎ᠪᠠᠷ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠬᠦ᠌ ᠲᠤᠬᠠᠶ ᠮᠡᠳᠡᠭ᠌ᠳᠡᠯ》᠎ᠤᠨ ᠲᠣᠭ᠍ᠲᠠᠭᠠᠯ ᠶᠤᠰᠤᠭᠠᠷ᠂ ᠮᠡᠷᠭᠡᠵᠢᠯᠲᠡᠨ᠎ᠦ ᠳᠤᠭᠤᠢᠯᠠᠩ᠎ᠤᠨ ᠦᠨᠡᠯᠡᠯᠲᠡ᠂ ᠬᠣᠲᠠ᠎ᠶ᠋ᠢᠨ ᠵᠢᠯᠣᠭᠣᠳᠭᠤ ᠭᠠᠵᠠᠷ ᠰᠤᠳᠤᠯᠤᠯᠳᠠ ᠪᠡᠷ ᠳᠠᠮᠵᠢᠨ᠂ 3 ᠰᠠᠷ᠎ᠠ᠎ᠶ᠋ᠢᠨ 14 ᠤ ᠡᠳᠦᠷ᠎ᠦᠨ 8 ᠴᠠᠭ᠎ᠠᠴᠠ ᠡᠬᠢᠯᠡᠨ᠂ ᠲᠦᠮᠡᠳ ᠵᠡᠭᠦᠨ ᠬᠤᠰᠢᠭᠤᠨ᠎ᠤ ᠪᠡᠭᠡᠵᠢᠡᠭ — ᠪᠤᠭᠤᠲᠦ ᠵᠢᠨ ᠲᠡᠮᠦᠷ ᠵᠠᠮ᠎ᠤᠨ ᠱᠤᠭᠤᠮ ᠡᠴᠡ ᠬᠤᠢᠰᠢ᠂ ᠰᠢᠨ᠎ᠠ ᠪᠡᠷ ᠪᠠᠢᠭᠤᠯᠵᠤ ᠪᠠᠢᠭ᠎ᠠ ᠭᠤᠷᠪᠠᠳᠤᠭᠠᠷ ᠲᠤᠭᠤᠷᠢᠯ ᠵᠠᠮ(ᠲᠦᠮᠡᠳ ᠵᠡᠭᠦᠨ ᠬᠤᠰᠢᠭᠤᠨ᠎ᠤ ᠵᠢᠨᠴᠤᠸᠠᠨᠤ ᠬᠡᠰᠡᠭ)᠎ᠡᠴᠡ ᠵᠡᠭᠦᠨᠰᠢ᠂ ᠤᠤᠯ᠎ᠤᠨ 110 ᠤᠯᠤᠰ᠎ᠤᠨ ᠵᠠᠮ ᠡᠮᠦᠨᠡᠰᠢ᠂ ᠵᠢᠨ ᠰᠠᠨ ᠳ᠋ᠤᠦ ᠵᠠᠮ ᠡᠴᠡ ᠪᠠᠷᠠᠭᠤᠨᠰᠢ᠂ ᠵᠢᠨ ᠰᠸ ᠳ᠋ᠤᠤ ᠵᠠᠮ ᠡᠴᠡ ᠬᠤᠢᠰᠢ᠂ ᠵᠢᠨ ᠬᠤᠸᠠ ᠰᠢᠤᠸᠠᠢ ᠹᠦ ᠰᠠᠭᠤᠭᠠᠯᠢ ᠲᠤᠭᠤᠷᠢᠭ᠎ᠤᠨ ᠵᠡᠭᠦᠨ ᠬᠡᠷᠡᠮ ᠡᠴᠡ ᠪᠠᠷᠠᠭᠤᠨᠰᠢ ᠬᠦᠷᠢᠶᠡᠯᠡᠭᠰᠡᠨ ᠭᠠᠵᠠᠷ ᠤᠷᠤᠨ᠎ᠢ ᠲᠤᠮᠳᠠ ᠲᠦᠭ᠌ᠰᠢᠭᠦᠷᠢᠲᠠᠢ ᠭᠠᠵᠠᠷ ᠣᠷᠣᠨ ᠪᠣᠯᠭᠠᠨ ᠲᠣᠬᠢᠷᠠᠭᠤᠯᠵᠤ᠂ ᠲᠦᠮᠡᠳ ᠵᠡᠭᠦᠨ ᠬᠤᠰᠢᠭᠤᠨ᠎ᠤ ᠴᠠᠭᠠᠨ ᠰᠦᠮ᠎ᠠ ᠪᠠᠯᠭᠠᠰᠤᠨ᠎ᠤ ᠳ᠋ᠦᠡᠭ ᠪᠠ ᠱᠢ ᠲᠤᠰᠬᠤᠨ᠎ᠢ ᠲᠤᠤᠷ᠎ᠠ ᠲᠦᠭᠰᠢᠭᠦᠷᠢ᠎ᠲᠠᠢ ᠭᠠᠵᠠᠷ ᠤᠷᠤᠨ ᠪᠤᠯᠭᠠᠨ ᠲᠤᠬᠢᠷᠠᠭᠤᠯᠪᠠ᠃ ᠪᠤᠰᠤᠳ ᠭᠠᠵᠠᠷ ᠣᠷᠣᠨ᠎ᠤ ᠲᠦᠭ᠌ᠰᠢᠭᠦᠷᠢ᠎ᠶ᠋ᠢᠨ ᠳᠡᠰ᠎ᠢ ᠬᠤᠪᠢᠷᠠᠭᠤᠯᠬᠤ ᠥᠬᠡᠶ᠃
ᠲᠣᠬᠢᠷᠠᠭᠤᠯᠤᠯᠲᠠ ᠬᠢᠭ᠌ᠰᠡᠨ᠎ᠦ ᠳᠠᠷᠠᠭ᠎ᠠ᠂ ᠬᠥᠬᠡᠬᠣᠲᠠ᠎ᠳᠤ ᠤᠳᠤ 16 ᠳᠤᠮᠳᠠ ᠲᠦᠭ᠌ᠰᠢᠭᠦᠷᠢᠲᠡᠶ ᠭᠠᠵᠠᠷ ᠣᠷᠣᠨ ᠪᠣᠢ᠃
ᠡᠭᠦᠨ᠎ᠦ ᠲᠤᠯᠠ ᠣᠨᠴᠠᠭᠠᠢᠯᠠᠨ ᠵᠠᠷᠯᠠᠪᠠ᠃
ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ
2022 ᠣᠨ᠎ᠤ 3 ᠰᠠᠷ᠎ᠠ᠎ᠶ᠋ᠢᠨ 14᠎ᠤ ᠡᠳᠦᠷ

ᠢᠷᠡᠯᠲᠡ᠄ ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ
ᠦᠷᠪᠢᠰᠦᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃