2022-03-15 11:00:07
ᠬᠥᠬᠡᠬᠣᠲᠠ᠎ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠦᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠰᠣᠨᠢᠨ ᠮᠡᠳᠡᠭᠡ ᠨᠡᠢᠲᠡᠯᠡᠬᠦ ᠬᠤᠷᠠᠯ (24 ᠳ᠋ᠤᠭᠡᠷ ᠲᠠᠯᠠᠪᠠᠢ)᠎ᠡᠴᠠ ᠣᠢᠯᠠᠭᠠᠭᠰᠠᠨ ᠨᠢ᠂ ᠲᠥᠷᠥ᠍᠎ᠶᠢᠨ ᠶᠠᠪᠤᠳᠠᠯ᠎ᠤᠨ ᠬᠣᠷᠢᠶᠠᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠦᠨ ᠬᠢᠵᠢᠭ᠌᠎ᠦᠨ ᠪᠠᠢᠳᠠᠯ᠎ᠢ ᠬᠤᠯᠪᠤᠭᠠᠯᠠᠨ ᠰᠡᠷᠭᠡᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ᠎ᠶᠢᠨ ᠶᠡᠷᠦᠩᠬᠡᠢᠯᠡᠭᠰᠡᠨ ᠳᠤᠭᠤᠢᠯᠠᠩ ᠮᠡᠳᠡᠭᠳᠡᠯ ᠳᠠᠷᠤᠮᠠᠯᠯᠠᠨ ᠲᠠᠷᠬᠠᠭᠠᠵᠤ᠂ ᠪᠥᠭᠡᠮ ᠬᠦᠴᠢᠯ᠎ᠦᠨ ᠪᠠᠢᠴᠠᠭᠠᠯᠲᠠ᠎ᠶᠢᠨ ᠰᠠᠭᠤᠷᠢᠨ ᠳᠡᠭᠡᠷ᠎ᠡ᠂ ᠥᠳᠥᠭᠡᠭᠴᠢ᠎ᠶᠢᠨ ᠪᠠᠢᠴᠠᠭᠠᠨᠯᠲᠠᠶᠢ ᠨᠡᠮᠡᠵᠦ ᠨᠥᠬᠥᠪᠦᠷᠢ ᠪᠣᠯᠭᠠᠬᠤ᠎ᠪᠠᠷ ᠲᠣᠭᠲᠠᠭᠰᠠᠨ ᠪᠥᠭᠡᠳ 《ᠰᠢᠨ᠎ᠡ ᠲᠢᠲᠢᠮᠯᠢᠭ ᠸᠢᠷᠦ᠋ᠰ᠎ᠦᠨ ᠥᠳᠥᠭᠡᠭᠴᠢ᠎ᠶᠢᠨ ᠪᠠᠢᠴᠠᠭᠠᠯᠲᠠ᠎ᠶᠢᠨ ᠬᠡᠷᠡᠭᠯᠡᠭᠡᠨ᠎ᠦ ᠲᠥᠰᠥᠯ(ᠲᠤᠷᠰᠢᠨ ᠬᠡᠷᠡᠭᠵᠢᠭᠦᠯᠬᠦ)》᠎ᠢ ᠵᠣᠬᠢᠶᠠᠨ ᠪᠠᠢᠭᠤᠯᠵᠤ ᠲᠣᠭᠲᠠᠭᠠᠭᠰᠠᠨ ᠪᠠᠢᠨ᠎ᠠ ᠃
ᠥᠳᠥᠭᠡᠭᠴᠢ᠎ᠶᠢᠨ ᠪᠠᠢᠴᠠᠭᠠᠯᠲᠠ ᠭᠡᠵᠦ ᠴᠣᠬᠣᠮ ᠶᠠᠭᠤ ᠪᠤᠢ︖ᠡᠨᠡ ᠨᠢ ᠪᠥᠭᠡᠮ ᠬᠦᠴᠢᠯ᠎ᠦᠨ ᠪᠠᠢᠴᠠᠭᠠᠯᠲᠠ᠎ᠲᠠᠢ ᠶᠠᠮᠠᠷ ᠢᠯᠭᠠᠭ᠎ᠠ᠎ᠲᠠᠢ ᠪᠣᠢ︖ᠶᠠᠭᠤᠨ ᠳ᠋ᠦ ᠤᠯᠤᠰ᠎ᠠᠴᠠ ᠥᠳᠥᠭᠡᠭᠴᠢ᠎ᠵᠢᠨ ᠪᠠᠢᠴᠠᠭᠠᠯᠲᠠ᠎ᠪᠠᠷ ᠨᠥᠬᠥᠪᠦᠷᠢ ᠪᠣᠯᠭᠠᠳᠠᠭ ᠪᠤᠢ︖ ᠬᠥᠬᠡᠬᠣᠲᠠ᠎ᠶᠢᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ ᠲᠥᠪ᠎ᠦᠨ ᠳᠡᠳ᠋ ᠡᠷᠬᠢᠯᠡᠭᠴᠢ ᠸᠠᠩ ᠳᠠ ᠸᠧᠢ ᠡᠲᠡᠭᠡᠷ ᠠᠰᠠᠭᠤᠳᠠᠯ᠎ᠳᠤ ᠬᠠᠷᠢᠭᠤᠯᠲᠠ ᠦᠭᠪᠡ ᠃
ᠸᠢᠷᠦ᠋ᠰ ᠬᠥᠮᠥᠨ᠎ᠦ ᠪᠡᠶᠡᠳᠦ ᠬᠠᠯᠳᠠᠪᠤᠷᠢᠯᠠᠨ ᠣᠷᠣᠭᠰᠠᠨ ᠡᠰᠡᠬᠦ᠎ᠶᠢ ᠣᠳᠣᠬᠠᠨ᠎ᠳᠤ ᠭᠣᠣᠯᠳᠠᠭᠤ 3 ᠵᠦᠢᠯ᠎ᠦᠨ ᠠᠷᠭ᠎ᠠ᠎ᠪᠠᠷ ᠪᠠᠢᠴᠠᠭᠠᠵᠤ ᠪᠠᠢᠨ᠎ᠠ᠂ ᠳᠠᠷᠤᠢ ᠪᠥᠭᠡᠮ ᠬᠦᠴᠢᠯ᠎ᠦᠨ ᠪᠠᠢᠴᠠᠭᠠᠯᠲᠠ᠂ ᠥᠳᠥᠭᠡᠭᠴᠢ᠎ᠶᠢᠨ ᠪᠠᠢᠴᠠᠭᠠᠯᠲᠠ ᠪᠠ ᠳᠠᠭᠠᠭᠠᠭᠴᠢ ᠵᠢᠨ ᠪᠠᠢᠴᠠᠭᠠᠯᠲᠠ ᠪᠣᠯᠣᠨ᠎ᠠ᠂ ᠡᠮᠦᠨᠡᠬᠢ ᠬᠣᠶᠠᠷ ᠵᠦᠢᠯ ᠨᠢ ᠸᠢᠷᠦ᠋ᠰ᠎ᠢ ᠰᠢᠭᠤᠳ ᠪᠠᠢᠴᠠᠭᠠᠬᠤ ᠠᠷᠭ᠎ᠠ᠎ᠳᠤ ᠲᠣᠭᠠᠴᠠᠭᠳᠠᠨ᠎ᠠ᠃ ᠪᠥᠭᠡᠮ ᠬᠦᠴᠢᠯ᠎ᠦᠨ ᠪᠠᠢᠴᠠᠭᠠᠯᠲᠠ᠎ᠲᠠᠢ ᠬᠠᠷᠢᠴᠠᠭᠤᠯᠪᠠᠯ᠂ ᠥᠳᠥᠭᠡᠭᠴᠢ᠎ᠶᠢᠨ ᠪᠠᠢᠴᠠᠭᠠᠯᠲᠠ ᠨᠢ ᠭᠡᠷ᠎ᠲᠡᠬᠡᠨ ᠪᠤᠶᠤ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠳᠤ ᠬᠦᠷᠴᠦ ᠪᠠᠢᠴᠠᠭᠠᠯᠲᠠ ᠬᠢᠵᠦ ᠲᠡᠢᠯᠣᠨᠠ᠂ ᠪᠠᠢᠴᠠᠭᠠᠯᠲᠠ᠎ᠶᠢᠨ ᠬᠤᠷᠳᠤᠴᠠ ᠨᠢ ᠨᠡᠩ ᠲᠦᠷᠭᠡᠨ᠂ ᠬᠡᠷᠡᠭᠯᠡᠬᠦ᠎ᠳᠦ ᠴᠦ᠍ ᠨᠡᠩ ᠳᠥᠭᠥᠮ ᠪᠠᠢᠳᠠᠭ᠂ ᠭᠡᠪᠡᠴᠦ ᠣᠨᠣᠪᠴᠢ᠎ᠶᠢᠨ ᠬᠡᠮᠵᠢᠶ᠎ᠡ ᠨᠢ ᠨᠡᠯᠢᠶᠡᠳ ᠳᠣᠣᠷ᠎ᠠ᠂ ᠶᠡᠷᠦ᠎ᠳᠡᠭᠡᠨ ᠬᠠᠯᠳᠠᠪᠤᠷᠢᠯᠠᠯ᠎ᠤᠨ ᠡᠬᠢᠨ᠎ᠦ ᠬᠤᠭᠤᠴᠠᠭᠠᠨ᠎ᠳᠤ ᠬᠡᠷᠡᠭᠯᠡᠳᠡᠭ᠃ ᠬᠠᠷᠢᠨ ᠪᠥᠭᠡᠮ ᠬᠦᠴᠢᠯ᠎ᠦᠨ ᠪᠠᠢᠴᠠᠭᠠᠯᠲᠠ ᠨᠢ ᠨᠡᠩ ᠪᠤᠳᠤᠯᠢᠶᠠᠨᠲᠠᠢ᠂ ᠰᠡᠷᠭᠡᠭ ᠴᠢᠨᠠᠷ᠎ᠢᠶᠠᠷ ᠨᠡᠩ ᠥᠨᠳᠥᠷ ᠪᠠᠢᠳᠠᠭ᠂ ᠭᠡᠪᠡᠴᠦ ᠦᠷ᠎ᠡ ᠳ᠋ᠦᠩ ᠣᠯᠬᠤ᠎ᠳᠤ ᠬᠡᠷᠡᠭᠰᠡᠬᠦ ᠴᠠᠭ ᠨᠢ ᠨᠡᠩ ᠤᠷᠲᠤ ᠪᠠᠢᠳᠠᠭ᠃
ᠥᠳᠥᠭᠡᠭᠴᠢ᠎ᠶᠢᠨ ᠪᠠᠢᠴᠠᠭᠠᠯᠲᠠ ᠳ᠋ᠦ ᠲᠣᠬᠢᠷᠠᠬᠤ ᠬᠥᠮᠥᠰ ᠪᠣᠯ᠄ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠳᠤ ᠣᠴᠢᠵᠤ ᠡᠮᠨᠡᠭᠦᠯᠦᠭᠰᠡᠨ᠂ ᠠᠮᠢᠰᠬᠤᠯ᠎ᠤᠨ ᠵᠠᠮ᠂ ᠬᠠᠯᠠᠭᠤᠷᠠᠬᠤ ᠵᠡᠷᠭᠡ ᠡᠪᠡᠳᠴᠢᠨ᠎ᠦ ᠢᠯᠡᠷᠡᠯ᠎ᠲᠠᠢ ᠪᠥᠭᠡᠳ ᠡᠪᠡᠳᠴᠢᠨ᠎ᠦ ᠢᠯᠡᠷᠡᠯ ᠨᠢ 5 ᠡᠳᠦᠷ᠎ᠦᠨ ᠳᠣᠲᠣᠷ᠎ᠠ ᠪᠠᠢᠬᠤ ᠬᠥᠮᠥᠰ; ᠲᠤᠰᠠᠭᠠᠷᠯᠠᠨ ᠠᠵᠢᠭ᠍ᠯᠠᠵᠤ ᠪᠠᠢᠭ᠎ᠠ ᠬᠥᠮᠥᠰ (ᠭᠡᠷ ᠲᠡᠬᠡᠨ ᠰᠠᠭᠤᠵᠤ ᠲᠤᠰᠠᠭᠠᠷᠯᠠᠨ ᠠᠵᠢᠭ᠍ᠯᠠᠵᠤ ᠪᠠᠢᠭ᠎ᠠ ᠬᠦᠮᠦᠰ᠎ᠢ ᠪᠠᠭᠳᠠᠭᠠᠨ᠎ᠠ)᠂ ᠨᠢᠭᠲᠠ ᠦᠢᠷᠠᠳᠤᠭᠴᠢ ᠪᠠ ᠳᠡᠮ ᠦᠢᠷᠠᠳᠤᠭᠴᠢ᠂ ᠬᠢᠯᠢ᠎ᠵᠢᠨ ᠭᠠᠳᠠᠨ᠎ᠠ ᠡᠴᠡ ᠣᠷᠣᠵᠤ ᠢᠷᠡᠭᠡᠳ ᠲᠤᠰᠠᠭᠠᠷᠯᠠᠨ ᠠᠵᠢᠭ᠍ᠯᠠᠵᠤ ᠪᠠᠢᠭ᠎ᠠ᠂ ᠪᠢᠲᠡᠭᠦᠮᠵᠢᠯᠡᠨ ᠡᠵᠡᠮᠳᠡᠬᠦ ᠲᠤᠭᠤᠷᠢᠭ ᠪᠠ ᠬᠠᠮᠢᠶᠠᠷᠤᠨ ᠡᠵᠡᠮᠳᠡᠬᠦ ᠲᠤᠭᠤᠷᠢᠭ᠎ᠤᠨ ᠬᠥᠮᠥᠰ; ᠦᠪᠡᠷ ᠵᠢᠡᠨ ᠥᠳᠥᠭᠡᠭᠴᠢ᠎ᠶᠢᠨ ᠪᠠᠢᠴᠠᠭᠠᠯᠲᠠ ᠬᠢᠬᠦ ᠱᠠᠭᠠᠷᠳᠠᠯᠭ᠎ᠠ᠎ᠲᠠᠢ ᠨᠡᠢᠭᠡᠮ ᠲᠣᠭᠣᠷᠢᠭ᠋᠎ᠤᠨ ᠰᠠᠭᠤᠭᠠᠯᠢ ᠠᠷᠠᠳ ᠃
ᠥᠳᠥᠭᠡᠭᠴᠢ᠎ᠵᠢᠨ ᠪᠠᠢᠴᠠᠭᠠᠯᠲᠠ ᠵᠢᠨ ᠰᠡᠵᠢᠭᠯᠡᠯᠲᠡᠢ ᠬᠥᠮᠥᠰ᠎ᠦᠨ ᠥᠳᠥᠭᠡᠭᠴᠢ᠎ᠶᠢᠨ ᠠᠷᠭ᠎ᠠ ᠴᠢᠨᠠᠷ ᠵᠢᠴᠢ ᠪᠢᠯᠢᠭ᠌ ᠴᠢᠨᠠᠷ᠎ᠤᠨ ᠦᠷ᠎ᠡ ᠳ᠋ᠦᠩ᠎ᠳᠦ ᠴᠥᠮ ᠤᠯᠠᠮ ᠨᠢᠭᠡ ᠠᠯᠬᠤᠮ᠎ᠤᠨ ᠪᠥᠭᠡᠮ ᠬᠦᠴᠢᠯ᠎ᠦᠨ ᠪᠠᠢᠴᠠᠭᠠᠯᠲᠠ ᠬᠢᠬᠦ ᠬᠡᠷᠡᠭᠲᠡᠢ᠂ ᠠᠷᠭ᠎ᠠ ᠴᠢᠨᠠᠷ᠎ᠤᠨ ᠦᠷ᠎ᠡ ᠳ᠋ᠦᠩ᠎ᠲᠠᠢ ᠰᠡᠵᠢᠭᠯᠡᠯᠲᠡᠢ ᠬᠥᠮᠥᠰ᠎ᠢ ᠠᠩᠬᠠᠨ᠎ᠤ ᠬᠤᠭᠤᠴᠠᠭᠠᠨ᠎ᠳᠤ ᠰᠠᠯᠭᠠᠨ ᠲᠣᠬᠢᠷᠠᠭᠤᠯᠬᠤ ᠪᠠ ᠲᠦᠷᠭᠡᠨ ᠬᠠᠮᠢᠶᠠᠷᠤᠯᠲᠠ ᠬᠡᠷᠡᠭᠯᠡᠵᠦ ᠪᠣᠯᠣᠨ᠎ᠠ᠂ ᠭᠡᠪᠡᠴᠦ ᠲᠡᠭᠦᠨ᠎ᠢ ᠰᠢᠨ᠎ᠡ ᠲᠢᠲᠢᠮᠯᠢᠭ ᠸᠢᠷᠦ᠋ᠰ᠎ᠦᠨ ᠬᠠᠯᠳᠠᠪᠤᠷᠢᠯᠠᠯᠪᠤᠯᠬᠤ ᠵᠢᠨ ᠦᠨᠳᠦᠰᠦᠯᠡᠯ ᠪᠣᠯᠭᠠᠵᠤ ᠪᠣᠯᠬᠤ ᠦᠭᠡᠢ᠃
ᠤᠮᠢᠺᠷᠤᠨ ᠣᠨᠳᠣᠣᠰᠢᠭᠰᠠᠨ ᠸᠢᠷᠦ᠋ᠰ ᠢᠯᠡᠷᠡᠭᠰᠡᠨᠦ ᠳᠠᠷᠠᠭ᠎ᠠ᠂ ᠸᠢᠷᠦ᠋ᠰ᠎ᠦᠨ ᠲᠠᠷᠬᠠᠬᠤ ᠬᠤᠷᠳᠤᠴᠠ ᠨᠢ ᠪᠦᠬᠦᠯᠢ ᠴᠣᠭᠴᠠ᠎ᠶᠢᠨ ᠬᠤᠷᠳᠤᠴᠠ ᠵᠢ ᠲᠦᠷᠭᠡᠳᠬᠡᠵᠠᠢ᠂ ᠡᠨᠡ ᠦᠶ᠎ᠡ᠎ᠳᠦ ᠪᠠᠢᠴᠠᠭᠠᠯᠲᠠ ᠵᠢᠨ ᠬᠤᠷᠳᠤᠴᠠ ᠨᠢ ᠵᠥᠪᠬᠡᠨ ᠪᠥᠭᠡᠮ ᠬᠦᠴᠢᠯᠳᠦ ᠲᠦᠰᠢᠭᠯᠡᠬᠦ᠎ᠳᠦ ᠬᠦᠷᠪᠡᠯ ᠵᠣᠬᠢᠬᠤ ᠬᠡᠮᠵᠢᠶᠡᠨ᠎ᠦ ᠬᠦᠴᠢᠷᠳᠡᠯ᠎ᠲᠠᠢ ᠪᠣᠯᠣᠨ᠎ᠠ᠃ ᠥᠳᠥᠭᠡᠭᠴᠢ᠎ᠶᠢᠨ ᠪᠠᠢᠴᠠᠭᠠᠯᠲᠠ᠎ᠨᠢ ᠰᠡᠷᠭᠡᠭ ᠴᠢᠨᠠᠷ᠎ᠢᠶᠠᠷ ᠪᠠᠬᠠᠨ ᠳᠣᠣᠷ᠎ᠠ ᠪᠣᠯᠪᠠᠴᠤ ᠪᠠᠢᠴᠠᠭᠠᠯᠲᠠ ᠵᠢᠨ ᠬᠤᠷᠳᠤᠴᠠ ᠨᠢ ᠨᠡᠩ ᠲᠦᠷᠭᠡᠨ ᠪᠠᠢᠵᠤ᠂ ᠡᠪᠡᠳᠴᠢᠨ᠎ᠦ ᠵᠢᠱ᠌ᠢᠶ᠎ᠡ᠎ᠶᠢ ᠨᠡᠩ ᠡᠷᠲᠡ ᠣᠯᠵᠤ ᠮᠡᠳᠡᠬᠦ᠎ᠳᠦ ᠠᠰᠢᠭ᠍ᠲᠠᠢ ᠪᠠᠢᠳᠠᠭ᠃
ᠮᠠᠨ᠎ᠤ ᠤᠯᠤᠰ ᠤᠮᠢᠺᠷᠤᠨᠤ ᠲᠠᠮᠵᠢᠭᠳᠠᠬᠤ ᠣᠨᠴᠠᠯᠢᠭ᠋᠎ᠲᠤ ᠴᠢᠭᠯᠡᠭᠦᠯᠦᠨ᠂ ᠣᠳᠣᠬᠠᠨ᠎ᠳᠤ ᠨᠢᠭᠡᠨᠲᠡ 《ᠥᠳᠥᠭᠡᠭᠴᠢ᠎ᠶᠢᠨ ᠰᠢᠭ᠌ᠰᠢᠨ ᠪᠠᠢᠴᠠᠭᠠᠯᠲᠠ᠂ ᠪᠥᠭᠡᠮ ᠬᠦᠴᠢᠯ᠎ᠦᠨ ᠣᠨᠣᠰᠢᠯᠠᠯᠲᠠ》 ᠵᠢᠨ ᠬᠢᠨᠠᠨ ᠬᠡᠮᠵᠢᠬᠦ ᠵᠠᠭᠪᠤᠷ᠎ᠢ ᠡᠬᠢᠯᠡᠨ ᠳᠡᠯᠭᠡᠷᠡᠭᠦᠯᠵᠦ᠂ ᠡᠷᠲᠡ ᠢᠯᠡᠷᠡᠭᠦᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠡᠷᠭᠡᠭ᠎ᠤᠨ ᠬᠡᠮᠵᠢᠶ᠎ᠡ᠎ᠶᠢ ᠳᠡᠭᠡᠭᠰᠢᠯᠡᠭᠦᠯᠬᠦ᠎ᠳᠦ ᠠᠰᠢᠭ᠍ᠲᠠᠢ ᠶᠤᠮ᠃ ᠬᠥᠬᠡᠬᠣᠲᠠ᠎ᠶᠢᠨ ᠬᠢᠨ ᠤᠯᠤᠰ᠂ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠢ ᠪᠠᠢᠷᠢᠯᠠᠭᠤᠯᠤᠯᠲᠠ ᠶᠣᠰᠣᠭᠠᠷ᠂ ᠲᠣᠰ ᠠᠵᠢᠯ᠎ᠤᠨ ᠨᠠᠢᠳᠠᠪᠤᠷᠢᠵᠢᠭᠤᠯᠤᠯᠲᠠ᠎ᠶᠢ ᠲᠦᠷᠭᠡᠳᠬᠡᠨ ᠠᠬᠢᠭᠤᠯᠤᠨ᠎ᠠ ᠃
ᠣᠳᠣᠬᠠᠨ᠎ᠳᠤ ᠬᠥᠬᠡᠬᠣᠲᠠ᠎ᠶᠢᠨ ᠬᠢᠨ ᠨᠡᠢᠭᠡᠮ᠎ᠦᠨ ᠲᠠᠯ᠎ᠠ᠎ᠶᠢᠨ ᠪᠠ ᠲᠤᠰᠠᠭᠠᠷᠯᠠᠨ ᠬᠠᠮᠢᠶᠠᠷᠤᠨ ᠡᠵᠡᠮᠳᠡᠬᠦ ᠬᠥᠮᠥᠰ᠎ᠦᠨ ᠰᠢᠨ᠎ᠡ᠎ᠪᠡᠷ ᠨᠡᠮᠡᠭᠳᠡᠭᠰᠡᠨ ᠡᠪᠡᠳᠴᠢᠨ᠎ᠦ ᠵᠢᠱ᠌ᠢᠶ᠎ᠡ᠎ᠶᠢ ᠬᠦᠳᠡᠯᠦᠡᠭᠭᠦᠢ ᠪᠡᠷ ᠠᠷᠢᠯᠭᠠᠵᠤ᠂ ᠪᠦᠬᠦ ᠬᠤᠳᠠ᠎ᠶᠢᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ ᠱᠠᠲᠤᠴᠢ ᠴᠢᠨᠠᠷᠲᠠᠢ ᠴᠢᠬᠤᠯᠠ ᠦᠷ᠎ᠡ ᠪᠦᠲᠦᠮᠵᠢ ᠣᠯᠪᠠ᠃ ᠭᠡᠪᠡᠴᠦ ᠣᠳᠣᠬᠠᠨ᠎ᠳᠤ ᠲᠤᠯᠭᠠᠷᠠᠵᠤ ᠪᠠᠢᠭ᠎ᠠ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠪᠠᠢᠳᠠᠯ᠎ᠢ ᠰᠡᠷᠭᠡᠭ᠎ᠢᠶᠡᠷ ᠲᠠᠨᠢᠵᠤ᠂ ᠪᠦᠬᠦ ᠪᠥᠮᠪᠥᠷᠴᠡᠭ᠎ᠦᠨ ᠬᠢᠵᠢᠭ᠌᠎ᠦᠨ ᠪᠠᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠢᠵᠤ᠂ ᠤᠯᠤᠰ᠎ᠤᠨ ᠳᠣᠲᠣᠭᠠᠳᠤᠳ᠋ᠦ ᠬᠢᠵᠢᠭ᠌᠎ᠦᠨ ᠪᠠᠢᠳᠠᠯ ᠤᠯᠠᠨ ᠭᠠᠵᠠᠷ᠎ᠲᠤ ᠲᠠᠷᠬᠠᠵᠤ᠂ ᠬᠡᠰᠡᠭ ᠭᠠᠵᠠᠷ᠎ᠲᠤ ᠭᠡᠨᠡᠳᠲᠡ ᠡᠭᠦᠰᠦᠭᠰᠡᠨ ᠪᠠᠢᠳᠠᠯ᠎ᠢ ᠦᠨᠳᠦᠰᠦᠯᠡᠨ᠂ ᠬᠥᠬᠡᠬᠣᠲᠠ᠎ᠶᠢᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠵᠤ ᠲᠠᠬᠢᠨ ᠡᠭᠦᠰᠬᠦ᠎ᠶᠢ ᠰᠡᠷᠭᠡᠢᠯᠡᠬᠦ᠂ ᠭᠠᠳᠠᠨ᠎ᠠ ᠡᠴᠡ ᠬᠠᠯᠳᠠᠪᠤᠷᠢᠯᠠᠨ ᠤᠷᠤᠵᠤ ᠢᠷᠡᠬᠦ ᠵᠢ ᠰᠡᠷᠭᠡᠢᠯᠡᠬᠦ ᠡᠭᠦᠷᠭᠡ ᠮᠥᠨ ᠴᠦ᠍ ᠲᠤᠢᠯ᠎ᠤᠨ ᠪᠡᠷᠬᠡ ᠬᠠᠲᠠᠭᠤᠵᠢᠯᠲᠠᠢ ᠪᠠᠢᠨ᠎ᠠ᠃ ᠥᠷᠭᠡᠨ ᠤᠯᠠᠨ ᠬᠤᠳᠠ᠎ᠶᠢᠨ ᠠᠷᠠᠳ ᠨᠠᠢᠵᠢ ᠨᠠᠷ᠎ᠤᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠡᠨᠡᠬᠦ ᠬᠥᠪᠴᠢ᠎ᠪᠡᠨ ᠦᠷᠭᠦᠯᠵᠢᠯᠡᠨ ᠴᠢᠩᠭᠠᠷᠠᠭᠤᠯᠵᠤ᠂ ᠰᠡᠷᠭᠡᠢᠯᠡᠨ ᠬᠠᠮᠠᠭᠠᠯᠠᠬᠤ ᠤᠬᠠᠮᠰᠠᠷ᠎ᠢᠶᠠᠨ ᠦᠨᠡᠨᠬᠦ ᠴᠢᠩᠭᠠᠳᠬᠠᠵᠤ᠂ ᠬᠤᠪᠢ ᠬᠥᠮᠥᠨ᠎ᠦ ᠰᠡᠷᠭᠡᠢᠯᠡᠨ ᠬᠠᠮᠠᠭᠠᠯᠠᠯᠲᠠ᠎ᠪᠠᠨ ᠰᠠᠢᠲᠤᠷ ᠬᠢᠵᠦ᠂ ᠡᠯ᠎ᠡ ᠵᠦᠢᠯ᠎ᠦᠨ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠦᠷᠭᠦᠯᠵᠢᠯᠡᠨ ᠬᠠᠮᠵᠢᠯᠴᠠᠨ ᠰᠠᠢᠲᠤᠷ ᠨᠠᠢᠳᠠᠪᠤᠷᠢᠵᠢᠭᠤᠯᠵᠤ᠂ ᠬᠢᠯᠪᠡᠷ ᠪᠤᠰᠤ᠎ᠪᠠᠷ ᠣᠯᠣᠭᠰᠠᠨ ᠰᠡᠷᠭᠡᠢᠯᠡᠨ ᠡᠵᠡᠮᠳᠡᠬᠦ ᠦᠷ᠎ᠡ ᠪᠦᠲᠦᠭᠡᠯ᠎ᠢᠶᠡᠨ ᠡᠷᠡᠰ ᠪᠠᠲᠤ ᠰᠠᠬᠢᠬᠤ᠎ᠶᠢ ᠬᠦᠰᠡᠵᠦ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃