2022-03-15 11:04:57
ᠬᠥᠬᠡᠬᠣᠲᠠ᠎ᠳᠤ ᠨᠢᠭᠡᠨᠲᠡ 2 ᠡᠳᠦᠷ ᠳᠠᠷᠠᠭᠠᠯᠠᠨ ᠰᠢᠨ᠎ᠡ᠎ᠪᠡᠷ ᠨᠡᠮᠡᠭᠳᠡᠭᠰᠡᠨ ᠲᠤᠳᠤᠯᠠᠭᠰᠠᠨ ᠡᠪᠡᠳᠴᠢᠨ᠎ᠦ ᠵᠢᠱ᠌ᠢᠶ᠎ᠡ ᠭᠠᠷᠤᠭᠰᠠᠨ ᠦᠭᠡᠢ᠂ ᠬᠢᠵᠢᠭ᠌᠎ᠦᠨ ᠪᠠᠢᠳᠠᠯ᠎ᠢ ᠪᠦᠲᠦᠮᠵᠢᠲᠡᠶ᠎ᠪᠡᠷ ᠡᠵᠡᠮᠳᠡᠪᠡ᠃ ᠭᠡᠪᠡᠴᠦ ᠣᠢᠷ᠎ᠠ ᠶᠢᠨ ᠬᠤᠭᠤᠴᠠᠭᠠᠨ᠎ᠳᠤ ᠤᠯᠤᠰ᠎ᠤᠨ ᠳᠣᠲᠣᠭᠠᠳᠤ᠎ᠳᠤ ᠬᠢᠵᠢᠭ᠌᠎ᠦᠨ ᠪᠠᠢᠳᠠᠯ ᠣᠯᠠᠨᠲᠠ ᠡᠭᠦᠰᠴᠦ᠂ ᠰᠡᠷᠭᠡᠢᠯᠡᠨ ᠡᠵᠡᠮᠳᠡᠬᠦ ᠪᠠᠢᠳᠠᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠢᠨ᠎ᠠ᠃ ᠡᠢᠮᠦᠷᠬᠦᠦ ᠪᠠᠢᠳᠠᠯ᠎ᠤᠨ ᠳᠣᠣᠷ᠎ᠠ ᠬᠥᠬᠡᠬᠣᠲᠠ᠎ᠶᠢᠨ ᠬᠢᠨ 《ᠭᠠᠳᠠᠨ᠎ᠠ᠎ᠠᠴᠠ ᠬᠠᠯᠳᠠᠪᠤᠷᠢᠯᠠᠨ ᠤᠷᠤᠵᠤ ᠢᠷᠡᠬᠦ ᠵᠢ ᠰᠡᠷᠭᠡᠢᠯᠡᠬᠦ᠂ ᠳᠣᠲᠣᠭᠠᠳᠤ᠎ᠳᠠᠭᠠᠨ ᠳᠠᠬᠢᠨ ᠡᠭᠦᠰᠬᠦ᠎ᠶᠢ ᠰᠡᠷᠭᠡᠢᠯᠡᠬᠦ》ᠲᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ ? ᠬᠥᠬᠡᠬᠣᠲᠠ᠎ᠶᠢᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ ᠲᠥᠪ᠎ᠦᠨ ᠳᠡᠳ᠋ ᠡᠷᠬᠢᠯᠡᠭᠴᠢ ᠸᠠᠩ ᠳᠠ ᠸᠧᠢ 3 ᠰᠠᠷ᠎ᠠ᠎ᠶᠢᠨ 14᠎ᠦ ᠡᠳᠦᠷ ᠶᠠᠪᠤᠭᠳᠠᠭᠰᠠᠨ ᠬᠥᠬᠡᠬᠣᠲᠠ᠎ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠦᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠰᠣᠨᠢᠨ ᠮᠡᠳᠡᠭᠡ ᠨᠡᠢᠲᠡᠯᠡᠬᠦ ᠬᠤᠷᠠᠯ(24 ᠳ᠋ᠤᠭᠡᠷ ᠲᠠᠯᠠᠪᠠᠢ)ᠳᠡᠭᠡᠷ᠎ᠡ ᠢᠡᠭᠬᠢᠵᠤ ᠲᠠᠨᠢᠯᠴᠠᠭᠤᠯᠪᠠ᠄ 3 ᠰᠠᠷ᠎ᠠ᠎ᠶᠢᠨ 1᠎ᠦ ᠡᠳᠦᠷ᠎ᠡᠴᠡ ᠣᠲᠣ᠌ ᠪᠣᠯᠲᠠᠯ᠎ᠠ ᠨᠡᠢᠭᠡᠮᠲᠤᠭᠤᠷᠢᠭ ᠲᠠᠬᠢ ᠲᠠᠷᠬᠠᠯᠲᠠ ᠡᠴᠡ ᠠᠷᠭ᠎ᠠ ᠴᠢᠨᠠᠷᠲᠠᠢ ᠥᠯᠢᠭᠡᠷ᠎ᠢ ᠪᠠᠢᠴᠠᠭᠠᠵᠤ ᠭᠠᠷᠭᠠᠭᠰᠠᠨ ᠦᠭᠡᠢ ᠪᠥᠭᠡᠳ ᠪᠥᠬᠥ ᠬᠣᠲᠠ᠎ᠳᠤ 2 ᠡᠳᠦᠷ ᠳᠠᠷᠠᠭᠠᠯᠠᠨ ᠲᠤᠳᠤᠯᠠᠭᠰᠠᠨ ᠡᠪᠡᠳᠴᠢᠨ᠎ᠦ ᠵᠢᠱ᠌ᠢᠶ᠎ᠡ《ᠰᠢᠨ᠎ᠡ᠎ᠪᠡᠷ ᠨᠡᠮᠡᠭᠳᠡᠭᠰᠡᠨ ᠦᠭᠡᠢ》᠃ ᠭᠡᠪᠡᠴᠦ ᠪᠢᠳᠡ ᠮᠥᠨ ᠬᠦ᠌ ᠰᠡᠷᠭᠡᠢᠯᠡᠨ ᠡᠵᠡᠮᠳᠡᠬᠦ ᠬᠥᠪᠴᠢ᠎ᠪᠡᠨ ᠴᠢᠩᠭᠠᠯᠠᠵᠤ᠂ ᠬᠢᠵᠢᠭ᠌᠎ᠦᠨ ᠪᠠᠢᠳᠠᠯ ᠳᠠᠬᠢᠨ ᠡᠭᠦᠰᠬᠦ᠎ᠶᠢ ᠡᠷᠡᠰ ᠰᠡᠷᠭᠡᠢᠯᠡᠬᠦ ᠬᠡᠷᠡᠭᠲᠡᠢ ᠃
○ᠵᠠᠰᠠᠮᠠᠯ ᠵᠠᠮ᠂ ᠲᠡᠮᠦᠷ ᠵᠠᠮ᠂ ᠠᠷᠠᠳ᠎ᠤᠨ ᠠᠭᠠᠷ᠎ᠤᠨ ᠲᠡᠭᠡᠭᠡᠪᠦᠷᠢ ᠵᠡᠷᠭᠡ 《ᠬᠤᠳᠠ᠎ᠶᠢᠨ ᠭᠠᠷᠴᠤ ᠤᠷᠤᠬᠤ ᠭᠠᠵᠠᠷ》᠎ᠢ ᠡᠷᠡᠰᠰᠠᠢᠲᠤᠷ ᠠᠳᠬᠤᠬᠤ ᠬᠡᠷᠡᠭᠲᠡᠢ᠃ ᠨᠢᠰᠬᠡᠯ᠎ᠦᠨ ᠪᠠᠭᠤᠳᠠᠯ᠂ ᠭᠠᠯᠲᠤ ᠲᠡᠷᠭᠡᠨ ᠥᠷᠲᠡᠭᠡ᠎ᠪᠡᠷ ᠳᠡᠮᠵᠢᠨ ᠬᠥᠬᠡᠬᠣᠲᠠ᠎ᠡᠴᠡ ᠭᠠᠷᠴᠤ ᠤᠷᠤᠬᠤ᠎ᠳᠤ᠂ ᠳᠤᠯᠠᠭᠠᠨ᠎ᠢ ᠨᠢ ᠬᠡᠮᠵᠢᠵᠦ᠂ ᠡᠷᠡᠭᠦᠯ ᠮᠡᠨᠳᠦ᠎ᠶᠢᠨ ᠺᠣᠳ᠋ ᠪᠠ 48 ᠴᠠᠭ᠎ᠤᠨ ᠳᠣᠲᠣᠷᠠᠬᠢ 2 ᠤᠳᠠᠭᠠᠨ᠎ᠤ ᠪᠥᠭᠡᠮ ᠬᠦᠴᠢᠯ᠎ᠦᠨ ᠪᠢᠯᠢᠭ᠌ ᠴᠢᠨᠠᠷ᠎ᠤᠨ ᠭᠡᠷᠡᠴᠢ᠎ᠶᠢ ᠪᠠᠢᠴᠠᠭᠠᠬᠤ ᠬᠡᠷᠡᠭᠲᠡᠢ᠃ ᠵᠠᠰᠠᠮᠠᠯ ᠵᠠᠮ᠎ᠤᠨ ᠵᠠᠮ ᠬᠠᠷᠢᠯᠴᠠᠭᠠᠨ᠎ᠤ ᠲᠠᠯ᠎ᠠ᠎ᠪᠠᠷ᠂ ᠲᠦᠷᠭᠡᠨ᠎ᠤ ᠵᠠᠰᠠᠮᠠᠯ ᠵᠠᠮ᠎ᠤᠨ ᠭᠠᠷᠴᠤ ᠤᠷᠤᠬᠤ ᠭᠠᠵᠠᠷ᠂ ᠤᠯᠤᠰ ᠪᠠ ᠮᠤᠵᠢ᠎ᠶᠢᠨ ᠭᠣᠣᠯ ᠱᠤᠭᠤᠮ᠂ ᠭᠣᠣᠯ ᠪᠣᠯᠬᠤ ᠬᠤᠰᠢᠭᠤ ᠰᠢᠶᠠᠨ᠎ᠤ ᠵᠠᠮ᠎ᠳᠤ ᠲᠦᠰᠢᠭᠯᠡᠨ 57 ᠵᠠᠰᠠᠮᠠᠯ ᠵᠠᠮ᠎ᠤᠨ ᠪᠠᠢᠴᠠᠭᠠᠬᠤ ᠴᠡᠭ ᠭᠠᠷᠭᠠᠵᠤ᠂ ᠡᠭᠦᠨ᠎ᠳᠦ ᠬᠣᠲᠠ᠎ᠶᠢᠨ ᠲᠣᠭᠣᠷᠢᠭ᠋᠎ᠤᠨ ᠭᠣᠣᠯ ᠪᠣᠯᠬᠤ ᠭᠠᠷᠴᠤ ᠤᠷᠤᠬᠤ ᠭᠠᠵᠠᠷ 12᠂ ᠬᠣᠰᠢᠭᠤ ᠰᠢᠶᠠᠨ ᠲᠣᠭᠣᠷᠢᠭ᠋᠎ᠤᠨ ᠭᠣᠣᠯᠳᠠᠯᠭ᠎ᠠ᠎ᠲᠠᠢ ᠭᠠᠷᠴᠤ ᠤᠷᠤᠬᠤ ᠭᠠᠵᠠᠷ 23᠂ ᠰᠢᠶᠠᠨ᠎ᠤ ᠲᠤᠳᠤᠷᠠᠬᠢ 22 ᠪᠠᠢᠵᠤ᠂ 《ᠴᠢᠬᠤᠯᠠ ᠪᠤᠰᠤ ᠪᠣᠯ ᠬᠥᠬᠡᠬᠣᠲᠠ᠎ᠠᠴᠠ ᠭᠠᠷᠬᠤ ᠦᠭᠡᠢ᠂ ᠴᠢᠬᠤᠯᠠ ᠪᠤᠰᠤ ᠪᠣᠯ ᠰᠢᠯᠵᠢᠬᠦ ᠦᠭᠡᠢ》 ᠪᠠᠢᠬᠤ ᠵᠠᠷᠴᠢᠮ ᠶᠣᠰᠣᠭᠠᠷ ᠵᠠᠰᠠᠮᠠᠯ ᠵᠠᠮ᠎ᠤᠨ ᠪᠠᠢᠴᠠᠭᠠᠬᠤ ᠠᠵᠢᠯ᠎ᠢ ᠥᠷᠨᠢᠭᠦᠯᠦᠨ᠎ᠠ᠃ ᠬᠥᠬᠡᠬᠣᠲᠠ᠎ᠡᠴᠡ ᠭᠠᠷᠴᠤ ᠤᠷᠤᠬᠤ ᠴᠢᠬᠤᠯᠠ ᠦᠭᠡᠢ ᠬᠥᠮᠥᠰ᠎ᠢ ᠢᠳᠬᠠᠨ ᠪᠤᠴᠠᠭᠠᠨ᠎ᠠ᠂ ᠪᠠᠴᠢᠮ ᠪᠠᠢᠳᠠᠯ᠎ᠢ ᠠᠷᠭᠠᠴᠠᠭᠠᠬᠤ᠂ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠡᠭᠦᠷᠭᠡ᠎ᠶᠢ ᠭᠦᠢᠴᠡᠳᠬᠡᠬᠦ ᠵᠡᠷᠭᠡ ᠤᠨᠴᠠᠭᠠᠢ ᠪᠠᠢᠳᠠᠯ᠎ᠳᠤ ᠬᠥᠬᠡᠬᠣᠲᠠ᠎ᠡᠴᠡ ᠭᠠᠷᠴᠤ ᠤᠷᠤᠬᠤ ᠴᠢᠬᠤᠯᠠᠲᠠᠢ ᠬᠥᠮᠥᠰ᠎ᠲᠦ ᠬᠠᠮᠢᠶ᠎ᠠ ᠪᠦᠬᠦᠢ ᠭᠡᠷᠡᠴᠢ ᠬᠠᠩᠭᠠᠵᠤ᠂ ᠲᠤᠬᠠᠢ᠎ᠶᠢᠨ ᠲᠠᠯᠠᠪᠤᠷ᠎ᠤᠨ ᠪᠡᠶ᠎ᠡ᠎ᠶᠢᠨ ᠳᠤᠯᠠᠭᠠᠨ᠎ᠤ ᠬᠡᠮᠵᠢᠯᠲᠡ ᠬᠢᠵᠦ᠂ 48 ᠴᠠᠭ᠎ᠤᠨ ᠳᠣᠲᠣᠷᠠᠬᠢ 1 ᠤᠳᠠᠭ᠎ᠠ᠎ᠶᠢᠨ ᠪᠥᠭᠡᠮ ᠬᠦᠴᠢᠯ᠎ᠦᠨ ᠪᠠᠢᠴᠠᠭᠠᠯᠲᠠ᠎ᠶᠢᠨ ᠪᠢᠯᠢᠭ᠌ ᠴᠢᠨᠠᠷ᠎ᠤᠨ ᠭᠡᠷᠡᠴᠢ ᠪᠣᠯᠣᠨ《ᠬᠥᠬᠡᠬᠣᠲᠠ᠎ᠶᠢᠨ ᠴᠠᠭᠳᠠᠭᠠᠨ ᠨᠣᠮᠧᠷ》᠎ᠢ ᠪᠠᠢᠴᠠᠭᠠᠵᠤ᠂ ᠬᠡᠪ᠎ᠦᠨ ᠪᠤᠰᠤ ᠪᠠᠢᠳᠠᠯ ᠦᠭᠡᠢ ᠪᠣᠯ ᠡᠮᠬᠢ ᠵᠢᠷᠤᠮ᠎ᠲᠠᠢ᠎ᠪᠠᠷ ᠨᠡᠪᠲᠡᠷᠡᠵᠦ ᠪᠣᠯᠣᠨ᠎ᠠ᠃ ᠴᠢᠬᠤᠯᠠ ᠪᠦᠬᠦᠢ ᠦᠢᠯᠡᠳᠪᠦᠷᠢᠯᠡᠯ ᠠᠮᠢᠳᠤᠷᠠᠯ᠎ᠤᠨ ᠡᠳ᠋ ᠪᠠᠷᠠᠭ᠎ᠠ᠎ᠶᠢ ᠬᠥᠬᠡᠬᠣᠲᠠ᠎ᠳᠤ ᠬᠦᠷᠭᠡᠬᠦ ᠲᠡᠷᠭᠡ ᠵᠢ ᠠᠷᠢᠭᠤᠳᠬᠠᠬᠤ᠂ ᠪᠠᠢᠴᠠᠭᠠᠬᠤ ᠵᠡᠷᠭᠡ ᠠᠷᠭ᠎ᠠ ᠬᠡᠮᠵᠢᠶ᠎ᠡ᠎ᠶᠢ ᠴᠢᠩᠭ᠎ᠠ ᠨᠠᠢᠳᠠᠪᠤᠷᠢᠵᠢᠭᠤᠯᠤᠨ᠂ ᠲᠡᠷᠭᠡᠨ ᠳᠡᠭᠡᠷᠡᠬᠢ ᠬᠦᠮᠦᠰ ᠬᠤᠪᠢ ᠬᠥᠮᠥᠨ᠎ᠦ ᠬᠠᠮᠠᠭᠠᠯᠠᠯᠲᠠ᠎ᠶᠢ ᠰᠠᠢᠲᠤᠷ ᠬᠢᠵᠦ᠂ ᠵᠠᠮ ᠳᠤᠮᠳᠠ᠎ᠪᠠᠨ ᠰᠢᠯᠲᠠᠭᠠᠨ ᠦᠭᠡᠢ᠎ᠪᠡᠷ ᠰᠠᠭᠠᠲᠠᠵᠤ ᠪᠣᠯᠬᠤ ᠦᠭᠡᠢ᠃ ᠦᠢᠯᠡᠳᠪᠦᠷᠢᠯᠡᠯ ᠠᠮᠢᠳᠤᠷᠠᠯ᠎ᠤᠨ ᠴᠢᠬᠤᠯᠠ ᠪᠦᠬᠦᠢ ᠡᠳ᠋ ᠪᠠᠷᠠᠭ᠎ᠠ ᠲᠡᠭᠡᠭᠡᠪᠦᠷᠢᠯᠡᠨ ᠬᠦᠷᠭᠡᠬᠦ ᠪᠠᠷᠠᠭᠠᠨ ᠲᠡᠷᠭᠡ ᠲᠠᠮᠵᠢᠭᠤᠯᠤᠨ ᠲᠡᠭᠡᠭᠡᠪᠦᠷᠢᠯᠡᠬᠦ ᠨᠥᠬᠥᠴᠡᠯ ᠲᠠᠢ ᠪᠤᠯ ᠠᠯᠢ ᠴᠢᠳᠠᠬᠤ ᠪᠡᠷ ᠬᠤᠳᠠ ᠵᠢᠨ ᠬᠡᠪᠴᠢᠶᠡᠨ ᠤ 4 ᠲᠦᠷᠭᠡᠨ᠎ᠤ ᠵᠠᠰᠠᠮᠠᠯ ᠵᠠᠮ᠎ᠤᠨ ᠦᠢᠯᠡᠴᠢᠯᠡᠭᠡᠨ᠎ᠤ ᠲᠣᠭᠣᠷᠢᠭ᠋᠎ᠤᠨ ᠪᠠᠷᠠᠭ᠎ᠠ ᠲᠠᠮᠵᠢᠭᠤᠯᠤᠨ ᠲᠡᠭᠡᠭᠡᠪᠦᠷᠢᠯᠡᠬᠦ ᠦᠷᠲᠡᠭᠡ᠎ᠵᠢ ᠠᠰᠢᠭ᠍ᠯᠠᠨ ᠳᠠᠮᠵᠢᠭᠤᠯᠤᠨ ᠲᠡᠭᠡᠭᠡᠪᠦᠷᠢᠯᠡᠬᠦ ᠬᠡᠷᠡᠭᠲᠡᠢ᠃
○ᠨᠡᠢᠭᠡᠮ᠎ᠦᠨ ᠲᠠᠯ᠎ᠠ᠎ᠶᠢᠨ ᠬᠠᠮᠢᠶᠠᠷᠤᠯᠲᠠ ᠡᠵᠡᠮᠳᠡᠯ᠎ᠢ ᠦᠷᠭᠦᠯᠵᠢᠯᠡᠨ ᠴᠢᠩᠭᠠᠳᠬᠠᠨ᠎ᠠ᠃ ᠨᠢᠭᠡ᠎ᠳᠦ᠂ ᠨᠠᠷᠢᠨ ᠵᠦᠢᠯᠡᠰ᠎ᠢ ᠴᠢᠩᠭ᠎ᠠ ᠠᠩᠬᠠᠷᠴᠤ᠂ ᠠᠯᠳᠠᠰᠢ ᠭᠠᠷᠬᠤ᠎ᠶᠢ ᠴᠢᠩᠭ᠎ᠠ ᠰᠡᠷᠭᠡᠢᠯᠡᠵᠦ᠂ ᠰᠠᠭᠤᠭᠠᠯᠢ ᠠᠷᠠᠳ᠎ᠤᠨ ᠲᠣᠭᠣᠷᠢᠭ᠋ ᠪᠠ ᠪᠠᠢᠭᠤᠯᠭ᠎ᠠ᠂ ᠡᠮᠨᠡᠯᠭᠡ᠎ᠶᠢᠨ ᠬᠣᠷᠢᠶ᠎ᠠ᠂ ᠬᠤᠳᠠᠯᠳᠤᠭᠠᠨ᠎ᠤ ᠲᠠᠯᠠᠪᠤᠷ᠂ ᠬᠡᠳᠦ ᠳᠡᠯᠭᠡᠭᠦᠷ ᠵᠡᠷᠭᠡ ᠤᠯᠠᠨ ᠨᠡᠶ᠋ᠢᠲᠡ᠎ᠶᠢᠨ ᠲᠠᠯᠠᠪᠤᠷ᠎ᠢᠶᠠᠷ ᠭᠠᠷᠴᠤ ᠤᠷᠤᠬᠤ᠎ᠳᠤ ᠴᠥᠮ ᠺᠤᠳ᠋ ᠰᠢᠯᠭᠠᠵᠤ᠂ ᠳᠤᠯᠠᠭᠠᠨ᠎ᠢ ᠨᠢ ᠬᠡᠮᠵᠢᠵᠦ᠂ ᠠᠮᠠᠪᠴᠢ ᠵᠡᠭᠦᠵᠦ᠂ ᠰᠠᠭᠤᠭᠠᠯᠢ ᠠᠷᠠᠳ᠎ᠤᠨ ᠲᠣᠭᠣᠷᠢᠭ᠋᠎ᠤᠨ ᠰᠠᠭᠤᠭᠠᠯᠢ ᠠᠷᠠᠳ ᠴᠢᠬᠤᠯᠠ ᠪᠤᠰᠤ ᠪᠤᠯ ᠰᠢᠯᠵᠢᠬᠦ ᠦᠭᠡᠢ᠂ ᠣᠪᠣᠭᠠᠷᠠᠨ ᠴᠤᠭᠯᠠᠷᠠᠬᠤ᠎ᠶᠢ ᠴᠢᠩᠭ᠎ᠠ ᠴᠠᠭᠠᠵᠠᠯᠠᠨ᠎ᠠ᠃ ᠬᠣᠶᠠᠷ᠎ᠲᠤ᠂ ᠰᠣᠶᠣᠯ ᠰᠤᠷᠭᠠᠨ ᠬᠥᠮᠦᠵᠢᠯ᠂ ᠵᠤᠭ᠎ᠠ ᠴᠡᠩᠭᠡᠯ᠂ ᠵᠢᠭᠤᠯᠴᠢᠯᠠᠯ ᠵᠡᠷᠭᠡ ᠲᠠᠯᠠᠪᠤᠷ᠎ᠤᠨ ᠬᠠᠮᠢᠶᠠᠷᠤᠯᠲᠠ ᠡᠵᠡᠮᠳᠡᠯ᠎ᠦᠨ ᠠᠷᠭ᠎ᠠ ᠬᠡᠮᠵᠢᠶ᠎ᠡ᠎ᠶᠢ ᠴᠢᠩᠭᠠᠳᠬᠠᠵᠤ᠂ ᠰᠣᠶᠣᠯ᠎ᠤᠨ ᠵᠠᠬ᠎ᠠ ᠳᠡᠯᠭᠡᠭᠦᠷ᠂ ᠨᠣᠮ᠎ᠤᠨ ᠰᠠᠩ᠂ ᠲᠣᠭᠯᠠᠯᠲᠠ᠎ᠶᠢᠨ ᠲᠠᠯᠠᠪᠤᠷ᠂ ᠭᠡᠷ ᠳᠣᠲᠣᠷᠠᠬᠢ ᠲᠠᠮᠢᠷ᠎ᠤᠨ ᠲᠠᠯᠠᠪᠤᠷ᠂ ᠪᠡᠶ᠎ᠡ ᠴᠢᠭᠢᠷᠠᠭᠵᠢᠭᠤᠯᠬᠤ ᠭᠠᠵᠠᠷ᠂ ᠺᠢᠨᠣ᠋᠎ᠶᠢᠨ ᠣᠷᠳᠣᠨ᠂ ᠮᠦᠽᠧᠢ᠂ ᠦᠵᠡᠰᠬᠦᠯᠡᠩ᠎ᠦᠨ ᠣᠷᠳᠣᠨ᠂ ᠵᠢᠭᠤᠯᠴᠢᠯᠠᠯ ᠦᠵᠡᠮᠵᠢ᠎ᠶᠢᠨ ᠣᠷᠣᠨ ᠪᠠ KTV᠂ ᠲᠣᠭᠯᠠᠭᠠᠮ᠎ᠤᠨ ᠲᠢᠩᠬᠢᠮ᠂ ᠠᠷᠢᠬᠢᠨ ᠪᠠᠭᠠᠷ᠂ ᠰᠦᠯᠵᠢᠶᠡᠨ᠎ᠦ ᠪᠠᠭᠠᠷ᠂ ᠴᠢᠴᠢᠭᠦᠷ ᠪᠥᠮᠪᠥᠭᠡ᠎ᠶᠢᠨ ᠲᠢᠩᠬᠢᠮ ᠵᠡᠷᠭᠡ ᠵᠤᠭ᠎ᠠ ᠴᠡᠩᠭᠡᠯ᠎ᠦᠨ ᠲᠠᠯᠠᠪᠤᠷ ᠡᠵᠡᠩᠨᠡᠯᠲᠡ᠎ᠪᠡᠨ ᠲᠦᠷ ᠬᠣᠢᠰᠢᠯᠠᠭᠤᠯᠤᠨᠠ᠃ ᠴᠡᠴᠡᠷᠯᠢᠭ᠂ ᠠᠭᠤᠳᠠᠮ ᠲᠠᠯᠠᠪᠠᠶ ᠵᠡᠷᠭᠡ ᠨᠡᠢᠭᠡᠮ᠎ᠦᠨ ᠣᠯᠠᠨ ᠨᠡᠶ᠋ᠢᠲᠡ᠎ᠶᠢᠨ ᠲᠠᠯᠠᠪᠤᠷ᠎ᠲᠤ ᠣᠪᠣᠭᠠᠷᠠᠵᠤ ᠴᠤᠭᠯᠠᠷᠠᠬᠤ᠎ᠶᠢ ᠴᠢᠩᠭ᠎ᠠ ᠴᠠᠭᠠᠵᠠᠯᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠦᠳ ᠴᠦ᠍ ᠪᠥᠬᠥ ᠬᠣᠲᠠ᠎ᠶᠢᠨ ᠬᠡᠪᠴᠢᠶᠡᠨ᠎ᠳᠦ ᠠᠵᠢᠯ ᠲᠥᠷᠥᠯ᠎ᠦᠨ ᠲᠠᠯᠠᠪᠤᠷ ᠭᠠᠵᠠᠷ᠎ᠤᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠪᠠᠢᠴᠠᠭᠠᠯᠲᠠ᠎ᠶᠢ ᠲᠠᠰᠤᠷᠠᠯᠲᠠ ᠦᠭᠡᠢ ᠥᠷᠨᠢᠭᠦᠯᠵᠦ᠂ ᠢᠳᠡᠭᠡᠨ ᠤᠮᠳᠠᠭᠠᠨ᠎ᠤ ᠦᠢᠯᠡᠰᠭᠡᠷ ᠲᠡᠭᠡᠨ ᠬᠤᠭᠤᠯᠯᠠᠬᠤ ᠦᠢᠯᠡᠴᠢᠯᠡᠭᠡ ᠵᠢ ᠲᠦᠷ ᠬᠠᠡᠭᠭᠠᠬᠤ ᠦᠭᠡᠢ ᠃
○ᠭᠠᠳᠠᠷ ᠣᠷᠣᠨ᠎ᠳᠤ ᠬᠦᠷᠭᠡᠬᠦ᠂ ᠬᠠᠮᠵᠢᠨ ᠪᠠᠢᠴᠠᠭᠠᠬᠤ ᠬᠥᠮᠥᠰ᠎ᠢ ᠰᠢᠭ᠌ᠰᠢᠨ ᠪᠠᠢᠴᠠᠭᠠᠬᠤ᠎ᠶᠢ ᠴᠢᠩᠭᠠᠳᠬᠠᠵᠤ᠂ ᠨᠠᠷᠢᠯᠢᠭ᠋ ᠣᠨᠣᠪᠴᠢᠲᠠᠢ᠂ ᠲᠦᠷᠭᠡᠨ᠂ ᠨᠢᠭᠡ ᠬᠥᠮᠥᠨ᠎ᠢ ᠴᠦ᠍ ᠣᠷᠬᠢᠭ᠍ᠳᠠᠭᠤᠯᠬᠤ ᠦᠭᠡᠢ ᠪᠠᠢᠬᠤ ᠱᠠᠭᠠᠷᠳᠠᠯᠭ᠎ᠠ ᠶᠣᠰᠣᠭᠠᠷ᠂ ᠭᠠᠳᠠᠷ ᠣᠷᠣᠨ᠎ᠳᠤ ᠬᠠᠮᠵᠢᠨ ᠪᠠᠢᠴᠠᠭᠠᠬᠤ ᠮᠡᠳᠡᠭᠡ ᠵᠠᠩᠭᠢ᠎ᠶᠢ ᠬᠦᠷᠭᠡᠨ ᠰᠢᠢᠳᠪᠦᠷᠢᠯᠡᠬᠦ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠬᠠᠮᠤᠭ᠎ᠤᠨ ᠲᠡᠷᠢᠭᠦᠨ᠎ᠳᠦ ᠡᠯ᠎ᠡ ᠬᠣᠰᠢᠭᠤ ᠰᠢᠶᠠᠨ ᠲᠣᠭᠣᠷᠢᠭ᠋᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ ᠲᠥᠪ᠎ᠲᠦ ᠬᠦᠷᠭᠡᠵᠦ᠂ ᠦᠳᠲᠡᠷ ᠲᠦᠷᠭᠡᠨ᠎ᠢᠶᠡᠷ ᠲᠠᠬᠤᠯ ᠡᠪᠡᠳᠴᠢᠨ᠎ᠤ ᠰᠤᠳᠤᠯᠤᠯ᠎ᠤᠨ ᠪᠠᠢᠴᠠᠭᠠᠯᠲᠠ ᠵᠢᠨ ᠵᠢᠭ᠍ᠰᠠᠭᠠᠨ ᠪᠠᠢᠴᠠᠭᠠᠯᠲᠠ᠂ ᠨᠢᠭ᠍ᠲᠠ ᠤᠢᠷᠠᠳᠤᠭᠴᠢ᠂ ᠲᠠᠮ ᠦᠢᠷᠠᠳᠤᠭᠴᠢ ᠵᠢᠴᠢ ᠴᠠᠭ ᠬᠤᠭᠤᠴᠠᠭ᠎ᠠ ᠪᠠ ᠣᠷᠣᠨ ᠵᠠᠢ᠎ᠶᠢᠨ ᠳᠠᠭᠠᠯᠲᠠ ᠵᠡᠷᠭᠡ ᠠᠳᠠᠯᠢ ᠪᠤᠰᠤ ᠪᠠᠢᠳᠠᠯ᠎ᠢ ᠦᠨᠳᠦᠰᠦᠯᠡᠨ᠂ ᠲᠤᠰᠠᠭᠠᠷᠯᠠᠨ ᠬᠠᠮᠢᠶᠠᠷᠤᠨ ᠡᠵᠡᠮᠳᠡᠬᠦ ᠵᠣᠬᠢᠴᠠᠩᠭᠤᠢ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠤᠨ᠎ᠠ ᠬᠡᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃