ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-03-21 10:09:49

ᠵᠣᠬᠢᠶᠠᠭ᠍ᠴᠢ᠄ ᠬᠤᠤ ᠱᠢᠤᠸᠠᠢ ᠯᠢᠶᠠᠨ ᠣᠩᠱᠢᠭ᠍ᠰᠠᠨ ᠣᠳᠠᠭ᠎ᠠ᠄ 3

3 ᠰᠠᠷ᠎ᠠ᠎ᠶ᠋ᠢᠨ 20 ᠎ᠤ᠋ ᠡᠳᠦᠷ᠂ ᠣᠷᠳᠣᠰ ᠬᠣᠲᠠ᠎ᠶ᠋ᠢᠨ ᠬᠠᠮᠤᠭ᠎ᠤᠨ ᠰᠡᠭᠦᠯᠴᠢ᠎ᠶ᠋ᠢᠨ ᠨᠢᠭᠡ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢᠶᠡᠷ ᠣᠨᠣᠱᠢᠯᠠᠭ᠍ᠳᠠᠭ᠍ᠰᠠᠨ ᠡᠪᠡᠳᠴᠢᠨ᠎ᠤ ᠵᠢᠱ᠌ᠢᠶ᠎ᠡ ᠣᠯᠠᠨ ᠡᠳᠦᠷ ᠤ᠋ᠨ ᠨᠢᠮᠪᠠᠶ ᠡᠮᠨᠡᠨ ᠵᠠᠰᠠᠯᠳᠠ ᠪᠡᠷ ᠲᠠᠮᠵᠢᠵᠦ᠂ ᠪᠡᠶ᠎ᠡ᠎ᠶ᠋ᠢᠨ ᠪᠠᠢᠳᠠᠯ ᠨᠢ ᠰᠠᠢᠵᠢᠷᠠᠵᠦ᠂ ᠲᠤᠰᠭᠠᠶ ᠮᠡᠷᠭᠡᠵᠢᠯᠲᠡᠨ᠎ᠦ ᠳᠤᠭᠤᠢᠯᠠᠩ᠎ᠤᠨ ᠬᠠᠮᠲᠤᠷᠠᠬᠰᠠᠨ ᠣᠨᠣᠱᠢᠯᠠᠯᠲᠠ᠎ᠪᠠᠷ ᠳᠡᠮᠵᠢᠨ᠂ ᠡᠮᠨᠡᠯᠭᠡ᠎ᠡᠴᠡ ᠭᠠᠷᠬᠤ ᠪᠠᠷᠢᠮᠵᠢᠶ᠎ᠠ᠎ᠳᠤ ᠨᠡᠢᠴᠡᠵᠦ᠍᠂ ᠲᠣᠰ ᠡᠳᠦᠷ᠎ᠦᠨ ᠦᠳᠡ᠎ᠶ᠋ᠢᠨ ᠬᠣᠢᠨ᠎ᠠ ᠡᠮᠨᠡᠯᠭᠡ᠎ᠡᠴᠡ ᠭᠠᠷᠪᠠ᠂ ᠡᠨᠡ ᠨᠢ ᠲᠣᠰ ᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢᠶᠡᠷ ᠣᠨᠣᠱᠢᠯᠠᠭ᠍ᠳᠠᠭ᠍ᠰᠠᠨ ᠡᠪᠡᠳᠴᠢᠨ᠎ᠤ ᠵᠢᠱ᠌ᠢᠶ᠎ᠡ ᠥᠬᠡᠶ ᠪᠣᠯᠤᠭ᠍ᠰᠠᠨ᠎ᠢ ᠬᠠᠷᠠᠭᠤᠯᠵᠠᠢ᠃

ᠣᠢᠯᠠᠭᠠᠭ᠍ᠰᠠᠨ᠎ᠢᠶᠠᠷ᠂ 3 ᠰᠠᠷ᠎ᠠ᠎ᠶ᠋ᠢᠨ 5 ᠎ᠤ᠋ ᠡᠳᠦᠷ ᠪᠠ 6 ᠎ᠤ᠋ ᠡᠳᠦᠷ᠂ ᠣᠷᠳᠣᠰ ᠬᠣᠲᠠ ᠤᠷᠢᠳ ᠬᠣᠵᠢᠳ ᠭᠠᠳᠠᠨ᠎ᠠ ᠮᠤᠵᠢ ᠡᠴᠡ ᠪᠤᠴᠠᠵᠤ ᠢᠷᠡᠭᠰᠡᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠵᠢᠡᠷ ᠣᠨᠣᠱᠢᠯᠠᠭ᠍ᠳᠠᠭ᠍ᠰᠠᠨ 3 ᠡᠪᠡᠳᠴᠢᠨ᠎ᠦ ᠵᠢᠱ᠌ᠢᠶ᠎ᠡ᠎ᠵᠢ ᠮᠡᠳᠡᠭᠦᠯᠵᠦ᠍᠂ ᠴᠥᠮ ᠣᠷᠳᠣᠰ ᠬᠣᠲᠠ᠎ᠶ᠋ᠢᠨ ᠬᠣᠶᠠᠳᠤᠭᠠᠷ ᠠᠷᠠᠳ᠎ᠤᠨ ᠡᠮᠨᠡᠯᠭᠡ᠎ᠶ᠋ᠢᠨ ᠬᠣᠷᠢᠶ᠎ᠠ᠎ᠳᠤ ᠲᠤᠰᠠᠭᠠᠷᠯᠠᠨ ᠡᠮᠨᠡᠨ ᠵᠠᠰᠠᠪᠠ᠃ ᠣᠢᠷ᠎ᠠ᠎ᠶ᠋ᠢᠨ ᠡᠳᠦᠷ᠎ᠦᠳ᠎ᠲᠦ᠂ ᠥᠪᠡᠷᠲᠡᠭᠡᠨ ᠵᠠᠰᠠᠬᠤ ᠣᠷᠣᠨ ᠪᠠ ᠬᠣᠲᠠ᠎ᠶ᠋ᠢᠨ ᠡᠮᠨᠡᠯᠭᠡ᠎ᠶ᠋ᠢᠨ ᠬᠣᠷᠢᠶᠠᠨ᠎ᠤ ᠲᠤᠰᠭᠠᠶ ᠮᠡᠷᠭᠡᠵᠢᠯᠲᠡᠨ᠎ᠦ ᠳᠤᠭᠤᠢᠯᠠᠩ᠎ᠤᠨ ᠨᠢᠮᠪᠠᠶ ᠵᠢᠯᠣᠭᠣᠳᠣᠯᠭ᠎ᠠ ᠪᠠ ᠣᠷᠳᠣᠰ ᠬᠣᠲᠠ᠎ᠶ᠋ᠢᠨ ᠬᠣᠶᠠᠳᠤᠭᠠᠷ ᠡᠮᠨᠡᠯᠭᠡ᠎ᠶ᠋ᠢᠨ ᠬᠣᠷᠢᠶᠠᠨ᠎ᠤ ᠡᠮᠴᠢ ᠰᠤᠪᠢᠯᠠᠭ᠍ᠴᠢ᠎ᠶ᠋ᠢᠨ ᠬᠠᠮᠲᠤ᠎ᠶ᠋ᠢᠨ ᠴᠢᠷᠮᠠᠢᠯᠭ᠎ᠠ᠎ᠪᠠᠷ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢᠶᠡᠷ ᠣᠨᠣᠱᠢᠯᠠᠭ᠍ᠳᠠᠭ᠍ᠰᠠᠨ 3 ᠡᠪᠡᠳᠴᠢᠨ᠎ᠤ ᠵᠢᠱ᠌ᠢᠶ᠎ᠡ ᠵᠠᠯᠭᠠᠭ᠎ᠠ᠎ᠪᠠᠷ ᠢᠯᠠᠷᠢᠰᠢᠵᠤ ᠡᠮᠨᠡᠯᠭᠡ᠎ᠡᠴᠡ ᠭᠠᠷᠪᠠ᠃ 3 ᠰᠠᠷ᠎ᠠ᠎ᠶ᠋ᠢᠨ 20 ᠎ᠤ᠋ ᠡᠳᠦᠷ᠂ ᠲᠤᠰᠭᠠᠶ ᠮᠡᠷᠭᠡᠵᠢᠯᠲᠡᠨ᠎ᠦ ᠳᠤᠭᠤᠢᠯᠠᠩ᠎ᠤᠨ ᠬᠠᠮᠲᠤᠷᠠᠨ ᠣᠨᠣᠱᠢᠯᠠᠯᠲᠠ᠎ᠪᠠᠷ ᠳᠡᠮᠵᠢᠨ᠂ ᠬᠠᠮᠤᠭ᠎ᠤᠨ ᠰᠡᠭᠦᠯᠴᠢ᠎ᠶ᠋ᠢᠨ 1 ᠡᠪᠡᠳᠴᠢᠨ᠎ᠤ ᠵᠢᠱ᠌ᠢᠶ᠎ᠡ ᠡᠮᠨᠡᠯᠭᠡ᠎ᠡᠴᠡ ᠭᠠᠷᠬᠤ ᠪᠠᠷᠢᠮᠵᠢᠶ᠎ᠠ᠎ᠳᠤ ᠨᠡᠢᠴᠡᠵᠦ᠍᠂ ᠲᠣᠰ ᠡᠳᠦᠷ᠎ᠲᠡᠬᠡᠨ ᠡᠮᠨᠡᠯᠭᠡ᠎ᠡᠴᠡ ᠭᠠᠷᠴᠠᠶ᠃ ᠡᠮᠨᠡᠯᠭᠡ᠎ᠡᠴᠡ ᠭᠠᠷᠤᠭ᠍ᠰᠠᠨ᠎ᠤ ᠳᠠᠷᠠᠭ᠎ᠠ ᠲᠤᠰ 3 ᠡᠪᠡᠳᠴᠢᠲᠡᠨ ᠳ᠋ᠤ ᠦᠷᠭᠦᠯᠵᠢᠯᠡᠨ ᠡᠷᠡᠭᠦᠯᠵᠢᠯ᠎ᠦᠨ ᠡᠮᠴᠢᠯᠡᠭᠡ ᠪᠠ ᠡᠷᠡᠭᠦᠯ ᠮᠡᠨᠳᠦ᠍᠎ᠶ᠋ᠢᠨ ᠪᠠᠢᠳᠠᠯ᠎ᠤᠨ ᠬᠢᠨᠠᠨ ᠬᠡᠮᠵᠢᠯᠲᠡ ᠬᠢᠬᠦ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面