2022-03-22 16:48:07
ᠬᠦᠷᠢᠶ᠎ᠡ ᠬᠣᠱᠢᠭᠤᠨ᠎ᠳᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ 1 ᠲᠣᠬᠠᠢ ᠵᠢᠨ ᠭᠠᠵᠠᠷ᠎ᠤᠨ ᠲᠤᠳᠤᠯᠠᠬᠰᠠᠨ ᠡᠪᠡᠳᠴᠢᠨ᠎ᠦ ᠵᠢᠱ᠌ᠢᠶ᠎ᠡ᠎ᠶ᠋ᠢ ᠢᠯᠡᠷᠡᠭᠦᠯᠦᠭ᠌ᠰᠡᠨ ᠲᠤᠬᠠᠶ ᠵᠠᠷᠯᠠᠯ
2022 ᠣᠨ᠎ᠤ 3 ᠰᠠᠷ᠎ᠠ᠎ᠶ᠋ᠢᠨ 21᠎ᠤ ᠡᠳᠦᠷ᠂ ᠬᠦᠷᠢᠶ᠎ᠡ ᠬᠣᠱᠢᠭᠤᠨ᠎ᠳᠤ ᠭᠠᠳᠠᠷ ᠮᠤᠵᠢ ᠡᠴᠡ ᠪᠤᠴᠠᠬᠰᠠᠨ 1 ᠭᠣᠣᠯᠳᠠᠯᠭ᠎ᠠ᠎ᠲᠠᠶ ᠬᠥᠮᠦᠨ᠎ᠤ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠠᠩᠬᠠᠨ᠎ᠤ ᠪᠠᠢᠴᠠᠭᠠᠯᠳᠠ ᠠᠷᠭ᠎ᠠ ᠴᠢᠨᠠᠷ ᠢᠯᠡᠷᠡᠵᠦ᠂ ᠲᠠᠬᠢᠨ ᠬᠠᠷᠭᠤᠭᠤᠯᠬᠤ ᠳ᠋ᠦ ᠮᠦᠨ ᠠᠷᠭ᠎ᠠ ᠴᠢᠨᠠᠷᠲᠠᠢ ᠪᠠᠢᠵᠦ᠂ ᠲᠤᠰᠭᠠᠢ ᠮᠡᠷᠭᠡᠵᠢᠯᠲᠡᠨ᠎ᠦ ᠳᠤᠭᠤᠢᠯᠠᠩ ᠡᠴᠡ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠲᠤᠳᠤᠯᠠᠬᠰᠠᠨ ᠡᠪᠡᠳᠴᠢᠨ᠎ᠦ ᠵᠢᠱ᠌ᠢᠢ᠎ᠡ(ᠬᠦᠩᠭᠡᠨ ᠬᠡᠯᠪᠡᠷᠢ)ᠪᠤᠯᠬᠤ ᠵᠢ ᠣᠨᠣᠱᠢᠯᠠᠪᠠ᠃ ᠬᠦᠷᠢᠶ᠎ᠡ ᠬᠣᠱᠢᠭᠤᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ ᠡᠴᠡ ᠪᠠᠴᠢᠮ ᠪᠠᠢᠳᠠᠯ᠎ᠢ ᠠᠷᠭᠠᠴᠠᠭᠠᠬᠤ ᠲᠣᠭ᠍ᠲᠠᠴᠠ᠎ᠶ᠋ᠢ ᠳᠠᠷᠤᠢᠬᠠᠨ ᠡᠬᠢᠯᠡᠭᠦᠯᠵᠦ᠍᠂ ᠲᠠᠬᠤᠯ ᠡᠪᠡᠳᠴᠢᠨ᠎ᠦ ᠰᠤᠳᠤᠯᠤᠯ᠎ᠤᠨ ᠪᠠᠢᠴᠠᠭᠠᠯᠲᠠ᠂ ᠪᠥᠭᠡᠮ ᠬᠦᠴᠢᠯ᠎ᠦᠨ ᠪᠠᠢᠴᠠᠭᠠᠯᠲᠠ ᠪᠠ ᠪᠢᠲᠡᠭᠦᠮᠵᠢᠯᠡᠨ ᠡᠵᠡᠮᠳᠡᠬᠦ᠌ ᠬᠠᠮᠢᠶᠠᠷᠤᠯᠲᠠ ᠵᠡᠷᠭᠡ ᠠᠷᠭ᠎ᠠ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠥᠷᠨᠢᠭᠦᠯᠵᠦ᠍᠂ ᠲᠠᠷᠠᠭᠠᠴᠢ᠎ᠶ᠋ᠢᠨ ᠪᠠᠢᠳᠠᠯ᠎ᠢ ᠲᠣᠭ᠍ᠲᠠᠭᠠᠯ ᠶᠣᠰᠣᠭᠠᠷ ᠴᠠᠭ ᠲᠤᠬᠠᠶ᠎ᠳᠤᠨᠢ ᠨᠡᠢᠲᠡᠯᠡᠬᠦ ᠪᠤᠯᠤᠨ᠎ᠠ᠃
ᠥᠷᠭᠡᠨ ᠤᠯᠠᠨ ᠰᠠᠭᠤᠭᠠᠯᠢ ᠠᠷᠠᠳ ᠠᠯᠪᠠᠨ᠎ᠤ ᠲᠠᠯ᠎ᠠ᠎ᠶ᠋ᠢᠨ ᠬᠢᠵᠢᠭ᠎ᠦᠨ ᠪᠠᠢᠳᠠᠯ᠎ᠤᠨ ᠡᠷᠬᠡ ᠰᠦᠷᠳᠦ ᠨᠡᠢᠲᠡᠯᠡᠯᠢ ᠨᠢᠭ᠍ᠲᠠ ᠠᠩᠬᠠᠷᠴᠤ᠌᠂ ᠠᠶᠤᠵᠤ ᠰᠠᠨᠳᠤᠷᠤᠭ᠍ᠰᠠᠨᠤ ᠬᠡᠷᠡᠭ ᠦᠭᠡᠢ᠂ ᠴᠤᠤᠷᠬᠠᠯ᠎ᠢ ᠢᠲᠡᠭᠡᠬᠦ᠌ ᠦᠭᠡᠢ᠂ ᠴᠤᠤᠷᠬᠠᠯ ᠲᠠᠯᠪᠢᠬᠤ ᠦᠭᠡᠢ᠂ ᠴᠤᠤᠷᠬᠠᠯ ᠲᠠᠷᠬᠠᠭᠠᠬᠤ ᠦᠭᠡᠢ ᠪᠠᠢᠵᠤ᠂ ᠬᠤᠪᠢ ᠬᠥᠮᠦᠨ᠎ᠦ ᠬᠠᠮᠠᠭᠠᠯᠠᠯᠲᠠ᠎ᠶ᠋ᠢ ᠰᠠᠨᠠᠭᠠᠴᠢᠯᠠᠭ᠎ᠠ ᠡᠴᠡ᠎ᠪᠠᠨ ᠰᠠᠢᠲᠤᠷ ᠬᠢᠵᠦ᠍᠂ ᠠᠮᠤᠷ ᠲᠦᠪᠱᠢᠨ ᠨᠡᠢᠭᠡᠮ᠎ᠦᠨ ᠬᠠᠷᠢᠯᠴᠠᠭᠠᠨ᠎ᠤ ᠵᠠᠢ᠎ᠶ᠋ᠢ ᠪᠠᠲᠤᠯᠠᠵᠤ᠂ ᠤᠯᠠᠨ ᠨᠡᠢᠲᠡ᠎ᠶ᠋ᠢᠨ ᠲᠠᠯᠠᠪᠤᠷ᠎ᠲᠤ ᠣᠷᠣᠵᠤ ᠭᠠᠷᠬᠤ᠎ᠳᠤ ᠤᠬᠠᠮᠰᠠᠷ ᠡᠴᠡ᠎ᠪᠠᠨ ᠪᠡᠶ᠎ᠡ᠎ᠶ᠋ᠢᠨ ᠳᠤᠯᠠᠭᠠᠨᠶ᠋ᠢᠡᠨ ᠬᠡᠮᠵᠢᠬᠦ᠂ ᠡᠷᠡᠭᠦᠯ ᠮᠡᠨᠳᠦ᠍᠎ᠶ᠋ᠢᠨ ᠺᠤᠳ᠋ ᠵᠢᠴᠢ ᠠᠶᠠᠯᠠᠯ᠎ᠤᠨ ᠺᠤᠳ᠋᠎ᠢ ᠪᠠᠢᠴᠠᠭᠠᠬᠤ ᠵᠡᠷᠭᠡ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ ᠵᠢ ᠲᠠᠭᠠᠬᠤ ᠬᠡᠷᠡᠭ᠌ᠲᠡᠢ᠃ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ᠎ᠦ ᠪᠠᠢᠳᠠᠯ ᠢᠯᠡᠷᠡᠪᠡᠯ ᠳᠠᠷᠤᠢᠬᠠᠨ ᠣᠢᠷᠠᠯᠴᠠᠭ᠎ᠠ ᠪᠠᠢᠭ᠎ᠠ ᠬᠠᠯᠠᠭᠤᠷᠠᠯ᠎ᠤᠨ ᠡᠭᠦᠳᠡᠨ ᠡᠮᠨᠡᠯᠭᠡ᠎ᠳᠦ ᠬᠦᠷᠴᠦ᠍ ᠡᠮᠨᠡᠭᠦᠯᠬᠦ᠌᠎ᠶ᠋ᠢᠨ ᠬᠠᠮᠲᠤ 14 ᠡᠳᠦᠷ᠎ᠦᠨ ᠠᠶᠠᠯᠠᠯ᠎ᠤᠨ ᠵᠠᠮ ᠮᠥᠷ ᠵᠢᠴᠢ ᠦᠡᠭᠭᠡᠷᠡᠯᠳᠡ ᠪᠡᠨ ᠰᠠᠨᠠᠭᠠᠴᠢᠯᠠᠭ᠎ᠠ᠎ᠠᠴᠠ᠎ᠪᠠᠨ ᠮᠡᠳᠡᠬᠦᠯᠬᠦ ᠬᠡᠷᠡᠭ᠌ᠲᠡᠶ᠃ ᠡᠪᠡᠳᠴᠢᠨ ᠦᠵᠡᠭᠦᠯᠬᠦ᠌ ᠶᠠᠪᠤᠴᠠ᠎ᠳᠤ ᠠᠮᠠᠪᠴᠢ ᠵᠡᠭᠦᠵᠦ᠍᠂ ᠠᠯᠢ ᠴᠢᠳᠠᠬᠤ᠎ᠪᠠᠷ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠪᠠᠭᠠᠵᠢ᠎ᠳᠤ ᠰᠠᠭᠤᠬᠤ ᠡᠴᠡ ᠵᠠᠢᠯᠠᠰᠭᠢᠬᠦ᠌ ᠬᠡᠷᠡᠭ᠌ᠲᠡᠶ ᠃
ᠣᠢᠷ᠎ᠠ᠎ᠶ᠋ᠢᠨ 14 ᠡᠳᠦᠷ᠎ᠦᠨ ᠳᠣᠲᠣᠷ᠎ᠠ ᠳᠤᠮᠳᠠ ᠲᠦᠭ᠌ᠰᠢᠭᠦᠷᠢᠲᠡᠶ ᠭᠠᠵᠠᠷ ᠣᠷᠣᠨ ᠵᠢᠴᠢ ᠲᠣᠬᠠᠢ ᠵᠢᠨ ᠭᠠᠵᠠᠷ᠎ᠤᠨ ᠬᠢᠵᠢᠭ᠎ᠦᠨ ᠪᠠᠢᠳᠠᠯ ᠡᠭᠦᠰᠦᠭ᠌ᠰᠡᠨ ᠭᠠᠵᠠᠷ ᠲᠤ᠌ ᠵᠢᠭᠤᠯᠴᠢᠯᠠᠵᠦ ᠰᠠᠭᠤᠭ᠍ᠰᠠᠨ ᠲᠡᠸ᠋ᠬᠡ᠎ᠲᠡᠶ ᠰᠠᠭᠤᠭᠠᠯᠢ ᠠᠷᠠᠳ᠂ ᠲᠡᠷᠡ ᠳᠠᠷᠤᠶ᠎ᠳᠤᠨᠢ ᠰᠠᠭᠤᠭ᠎ᠠ ᠭᠠᠵᠠᠷ᠎ᠤᠨ ᠪᠠᠢᠭ᠎ᠠ ᠨᠡᠢᠭᠡᠮ ᠲᠣᠭᠣᠷᠢᠭ(ᠭᠠᠴᠠᠭ᠎ᠠ ᠲᠣᠰᠭᠣᠨ)᠂ ᠠᠵᠢᠯᠯᠠᠵᠤ ᠪᠠᠢᠭ᠎ᠠ ᠨᠢᠭᠡᠴᠢ ᠪᠤᠶᠤ ᠰᠠᠭᠤᠵᠤ ᠪᠠᠢᠭ᠎ᠠ ᠵᠣᠴᠢᠳ᠎ᠤᠨ ᠪᠠᠭᠤᠳᠠᠯ᠎ᠳᠤ ᠮᠡᠳᠡᠭᠦᠯᠦᠨ ᠳᠠᠩᠰᠠᠯᠠᠭᠤᠯᠬᠤ᠎ᠶ᠋ᠢᠨ ᠬᠠᠮᠲᠤ ᠬᠠᠮᠢᠶ᠎ᠠ ᠪᠥᠬᠥᠶ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠬᠠᠮᠵᠢᠯᠴᠠᠨ ᠨᠠᠢᠳᠠᠪᠤᠷᠢᠵᠢᠭᠤᠯᠬᠤ ᠬᠡᠷᠡᠭ᠌ᠲᠡᠶ ᠃
ᠬᠦᠷᠢᠶ᠎ᠡ ᠬᠣᠱᠢᠭᠤᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ
ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ
2022 ᠣᠨ᠎ᠤ 3 ᠰᠠᠷ᠎ᠠ᠎ᠶ᠋ᠢᠨ 21᠎ᠤ ᠡᠳᠦᠷ
ᠢᠷᠡᠯᠳᠡ᠄ ᠲᠦᠡᠭᠯᠢᠶᠤᠤ ᠵᠢᠨ ᠡᠳᠦᠷ᠎ᠤᠨ ᠰᠤᠨᠢᠨ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃