2022-03-21 10:07:03
ᠸᠠᠺᠼᠢᠨ᠎ᠤ ᠲᠠᠷᠢᠯᠭ᠎ᠠ ᠲᠠᠷᠢᠬᠤ 100 ᠴᠡᠭ᠎ᠢ ᠰᠡᠷᠭᠦᠭᠡᠪᠡ
3 ᠰᠠᠷ᠎ᠠ᠎ᠶ᠋ᠢᠨ 20 ᠤ᠋ ᠡᠳᠦᠷ᠎ᠦᠨ 10 ᠴᠠᠭ᠎ᠲᠤ᠂ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠡᠴᠡ᠂ 3 ᠰᠠᠷ᠎ᠠ᠎ᠶ᠋ᠢᠨ 19 ᠤ᠋ ᠡᠳᠦᠷ᠎ᠦᠨ 0 ᠴᠠᠭ᠎ᠡᠴᠡ 24 ᠴᠠᠭ ᠪᠣᠯᠲᠠᠯ᠎ᠠ᠂ ᠬᠥᠬᠡᠬᠣᠲᠠ᠎ᠳᠤ ᠲᠤᠬᠠᠢ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢᠶᠡᠷ ᠣᠨᠣᠱᠢᠯᠠᠭ᠍ᠳᠠᠭ᠍ᠰᠠᠨ ᠡᠪᠡᠳᠴᠢᠨ᠎ᠤ ᠵᠢᠱ᠌ᠢᠶ᠎ᠠ ᠱᠢᠨ᠎ᠡ᠎ᠪᠡᠷ ᠨᠡᠮᠡᠭ᠌ᠳᠡᠭ᠌ᠰᠡᠨ ᠦᠭᠡᠢ᠂ ᠲᠤᠬᠠᠢ᠎ᠶ᠋ᠢᠨ ᠭᠠᠵᠠᠷ᠎ᠤᠨ ᠡᠪᠡᠳᠴᠢᠨ᠎ᠦ ᠢᠯᠡᠷᠡᠯ ᠦᠭᠡᠢ ᠬᠠᠯᠳᠠᠪᠤᠷᠢᠯᠠᠭ᠍ᠳᠠᠬᠴᠢ ᠰᠢᠨ᠎ᠠ ᠪᠡᠷ 7 ᠨᠡᠮᠡᠭ᠌ᠳᠡᠵᠦ᠍᠂ ᠴᠦᠮ ᠬᠣᠲᠣᠩ ᠠᠷᠠᠳ᠎ᠤᠨ ᠲᠣᠭᠣᠷᠢᠭ᠎ᠲᠦ ᠪᠤᠢ᠂ ᠡᠳᠡᠭᠡᠷ ᠢ ᠲᠤᠰᠠᠭᠠᠷᠯᠠᠬᠤ ᠴᠡᠭ᠎ᠦᠨ ᠨᠢᠭ᠍ᠲᠠ ᠤᠢᠷᠠᠳᠤᠬᠰᠡᠳᠦᠨ ᠪᠥᠭᠡᠮ ᠬᠦᠴᠢᠯ᠎ᠦᠨ ᠪᠠᠢᠴᠠᠭᠠᠯᠲᠠ᠎ᠡᠴᠡ ᠣᠯᠵᠤ ᠢᠯᠡᠷᠡᠬᠦᠯᠵᠠᠢ ᠭᠡᠵᠤ ᠨᠠᠢᠳᠠᠯᠠᠪᠠ᠃
ᠬᠥᠬᠡᠬᠣᠲᠠ᠎ᠶ᠋ᠢᠨ ᠲᠣᠰ ᠡᠭᠡᠯᠵᠢ᠎ᠶ᠋ᠢᠨ ᠬᠢᠵᠢᠭ᠎ᠦᠨ ᠪᠠᠢᠳᠠᠯ᠎ᠳᠤ ᠲᠤᠬᠠᠶ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯᠵᠢᠡᠷ ᠤᠨᠤᠰᠢᠯᠠᠬᠳᠠᠬᠰᠡᠨ ᠡᠪᠡᠳᠴᠢᠨ᠎ᠦ ᠵᠢᠱ᠌ᠢᠶ᠎ᠡ ᠨᠠᠢᠳᠠ 430 ᠪᠠᠢᠵᠤ᠂ ᠲᠤᠬᠠᠶ᠎ᠶ᠋ᠢᠨ ᠭᠠᠵᠠᠷ᠎ᠤᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭ᠍ᠳᠠᠬᠰᠠᠳ 14 ᠪᠣᠶ᠃ ᠣᠲᠣ ᠪᠣᠯᠲᠠᠯ᠎ᠠ᠂ ᠨᠡᠢᠲᠡ 426 ᠡᠪᠡᠳᠴᠢᠲᠡᠨ ᠵᠠᠯᠭᠠᠭ᠎ᠠ᠎ᠪᠠᠷ ᠢᠯᠡᠷᠢᠰᠢᠵᠤ ᠡᠮᠨᠡᠯᠭᠡ᠎ᠡᠴᠡ ᠭᠠᠷᠪᠠ᠂ ᠪᠥᠬᠥ᠌ ᠬᠣᠲᠠ᠎ᠳᠤ ᠣᠲᠣ ᠲᠤᠬᠠᠶ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢᠶᠡᠷ ᠣᠨᠣᠱᠢᠯᠠᠭ᠍ᠳᠠᠭ᠍ᠰᠠᠨ ᠡᠪᠡᠳᠴᠢᠨ᠎ᠤ ᠵᠢᠱ᠌ᠢᠶ᠎ᠠ 4᠂ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭ᠍ᠳᠠᠬᠰᠠᠳ 14 ᠪᠠᠢᠨ᠎ᠠ᠃
ᠱᠢᠨ᠎ᠡ᠎ᠪᠡᠷ ᠨᠡᠮᠡᠭ᠌ᠳᠡᠭ᠌ᠰᠡᠨ ᠣᠨᠣᠱᠢᠯᠠᠭᠳᠠᠬᠰᠡᠨ ᠡᠪᠡᠳᠴᠢᠨ᠎ᠦ ᠵᠢᠱ᠌ᠢᠶ᠎ᠡ ᠪᠠ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭ᠍ᠳᠠᠬᠰᠠᠳ᠎ᠲᠠᠶ ᠤᠶᠠᠯᠳᠤᠭᠤᠯᠤᠨ᠂ 3 ᠰᠠᠷ᠎ᠠ᠎ᠶ᠋ᠢᠨ 19 ᠤ᠋ ᠡᠳᠦᠷ᠎ᠦᠨ 24 ᠴᠠᠭ ᠪᠣᠯᠲᠠᠯ᠎ᠠ᠂ ᠬᠥᠬᠡᠬᠣᠲᠠ᠎ᠳᠤ ᠨᠡᠢᠲᠡ 445 ᠨᠢᠭ᠍ᠲᠠ ᠣᠢᠷᠠᠲᠤᠭ᠍ᠰᠠᠳᠢ ᠪᠠᠢᠴᠠᠭᠠᠨ ᠭᠠᠷᠭᠠᠵᠤ᠂ 819 ᠲᠠᠮ ᠣᠢᠷᠠᠲᠤᠭ᠍ᠰᠠᠳᠢ ᠪᠠᠢᠴᠠᠭᠠᠨ ᠭᠠᠷᠭᠠᠵᠤ᠂ ᠴᠥᠮ ᠲᠤᠰᠠᠭᠠᠷᠯᠠᠨ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠪᠠ᠃ ᠬᠥᠬᠡᠬᠣᠲᠠ᠎ᠡᠴᠡ ᠪᠤᠴᠠᠬᠰᠡᠨ 3 ᠨᠢᠬᠳᠠ ᠤᠢᠷᠠᠳᠤᠬᠰᠡᠳᠢ ᠵᠢᠭ᠍ᠰᠠᠭᠠᠨ ᠪᠠᠢᠴᠠᠭᠠᠵᠤ ᠭᠠᠷᠭᠠᠨ᠂ ᠴᠥᠮ ᠴᠠᠭ ᠲᠤᠬᠠᠶ᠎ᠳᠤᠨᠢ ᠬᠠᠮᠵᠢᠯᠴᠠᠨ ᠪᠠᠢᠴᠠᠭᠠᠬᠤ ᠵᠠᠬᠢᠳᠠᠯ ᠶᠠᠪᠤᠭᠤᠯᠤᠨ ᠵᠢᠭ᠍ᠰᠠᠭᠠᠨ ᠪᠠᠢᠴᠠᠭᠠᠵᠤ ᠬᠠᠮᠢᠶᠠᠷᠤᠨ ᠡᠵᠡᠮᠳᠡᠵᠦ᠍᠂ ᠬᠢᠵᠢᠭ᠎ᠢ ᠭᠠᠳᠠᠭ᠍ᠰᠢ ᠬᠠᠯᠳᠠᠪᠤᠷᠢᠯᠠᠬᠤ᠎ᠶ᠋ᠢ ᠴᠢᠩᠭ᠎ᠠ ᠰᠡᠷᠭᠡᠢᠯᠡᠪᠡ᠃ ᠣᠳᠣᠬᠠᠨ᠎ᠳᠤ᠂ ᠲᠠᠬᠤᠯ ᠡᠪᠡᠳᠴᠢᠨ᠎ᠤ ᠪᠠᠢᠴᠠᠭᠠᠯᠳᠠ ᠡᠬᠢ ᠡᠬᠦᠰᠤᠯᠢ ᠨᠢ ᠡᠷᠢᠬᠦ᠌ ᠠᠵᠢᠯ ᠮᠥᠨ ᠬᠦ᠌ ᠡᠮᠬᠢ ᠵᠢᠷᠤᠮ᠎ᠲᠠᠶ ᠶᠠᠪᠤᠭ᠍ᠳᠠᠵᠤ ᠪᠠᠢᠨ᠎ᠠ᠃
ᠣᠳᠣᠬᠠᠨ᠎ᠳᠤ᠂ ᠬᠥᠬᠡᠬᠣᠲᠠ᠎ᠳᠤ ᠳᠤᠮᠳᠠ ᠠᠶᠤᠯ ᠲᠦᠭᠰᠢᠬᠦᠷᠢ ᠲᠠᠶ ᠭᠠᠵᠠᠷ ᠣᠷᠣᠨ 2 ᠪᠤᠢ᠂ ᠲᠤᠬᠠᠢᠯᠠᠪᠠᠯ ᠱᠢᠨ᠎ᠡ ᠬᠤᠳᠠ ᠲᠣᠭᠣᠷᠢᠭ᠎ᠤᠨ ᠴᠢᠩᠭᠢᠰ ᠬᠠᠭᠠᠨ ᠶᠡᠬᠡ ᠵᠡᠭᠡᠯᠢ ᠵᠢᠨ ᠵᠡᠭᠡᠯᠢ ᠭᠤᠳᠤᠮᠵᠢ᠎ᠶ᠋ᠢᠨ ᠬᠠᠭᠤᠴᠢᠨ ᠠᠢᠯ ᠲᠣᠰᠭᠣᠨ᠂ ᠬᠣᠲᠣᠩ ᠠᠷᠠᠳ᠎ᠤᠨ ᠲᠣᠭᠣᠷᠢᠭ᠎ᠤᠨ ᠲᠦᠩ ᠳ᠋ᠤᠤ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠶᠢᠣ ᠢ ᠭᠤᠳᠤᠮᠵᠢ ᠵᠢᠨ ᠨᠡᠢᠭᠡᠮ ᠲᠣᠭᠣᠷᠢᠭ ᠪᠣᠯᠤᠨ᠎ᠠ᠃ 3 ᠰᠠᠷ᠎ᠠ᠎ᠶ᠋ᠢᠨ 19 ᠤ᠋ ᠡᠳᠦᠷ᠎ᠦᠨ 24 ᠴᠠᠭ ᠪᠣᠯᠲᠠᠯ᠎ᠠ᠂ ᠪᠥᠬᠥ᠌ ᠬᠣᠲᠠ᠎ᠶ᠋ᠢᠨ 147 ᠪᠢᠲᠡᠭᠦᠮᠵᠢᠯᠡᠨ ᠡᠵᠡᠮᠳᠡᠬᠦ᠌ ᠣᠷᠣᠨ᠎ᠤ 141᠎ᠶ᠋ᠢ ᠨᠢ ᠨᠢᠭᠡᠨᠲᠡ ᠬᠤᠷᠢᠭ᠎ᠠ ᠲᠠᠢᠯᠵᠤ᠂ 6 ᠦᠯᠡᠳᠡᠵᠤ ᠪᠠᠢᠨ᠎ᠠ;136 ᠬᠠᠮᠢᠶᠠᠷᠤᠨ ᠡᠵᠡᠮᠳᠡᠬᠦ᠌ ᠣᠷᠣᠨ᠎ᠤ 131 ᠵᠢ ᠨᠢ ᠬᠤᠷᠢᠭ᠎ᠠ ᠲᠠᠢᠯᠵᠤ᠂ 5 ᠦᠯᠡᠳᠡᠵᠤ ᠪᠠᠢᠨ᠎ᠠ᠃ 3 ᠰᠠᠷ᠎ᠠ᠎ᠶ᠋ᠢᠨ 17 ᠤ᠋ ᠡᠳᠦᠷ᠎ᠡᠴᠡ ᠨᠠᠭᠠᠱᠢᠬᠢ ᠱᠢᠨ᠎ᠡ᠎ᠪᠡᠷ ᠨᠡᠮᠡᠭ᠌ᠳᠡᠭ᠌ᠰᠡᠨ ᠡᠪᠡᠳᠴᠢᠨ᠎ᠦ ᠵᠢᠱ᠌ᠢᠢ᠎ᠡ᠎ᠳᠦ ᠴᠢᠭ᠌ᠯᠡᠭᠦᠯᠦᠨ᠂ ᠬᠥᠬᠡᠬᠣᠲᠠ ᠠᠶᠤᠯ ᠲᠦᠭ᠌ᠰᠢᠭᠦᠷᠢ ᠲᠠᠢ ᠣᠷᠣᠨ ᠪᠦᠰᠡ᠎ᠪᠡᠷ ᠲᠤᠬ᠍ᠳᠠᠭᠠᠬ᠍ᠳᠠᠬ᠍ᠰᠠᠨ ᠬᠥᠮᠦᠰ᠎ᠤᠨ ᠡᠷᠡᠭᠦᠯ ᠮᠡᠨᠳᠦ᠍᠎ᠶ᠋ᠢᠨ ᠺᠣᠳ᠋ ᠢ ᠨᠢ ᠤᠯᠠᠭᠠᠨ ᠺᠤᠳ᠋ ᠪᠤᠯᠭᠠᠨ ᠬᠤᠪᠢᠷᠠᠭᠤᠯᠵᠤ᠂ 2828 ᠬᠥᠮᠦᠨ᠎ᠳᠦ ᠱᠢᠨ᠎ᠡ ᠪᠡᠷ ᠤᠯᠠᠭᠠᠨ ᠺᠣᠳ᠋ ᠣᠯᠭᠣᠪᠠ᠃ 3 ᠰᠠᠷ᠎ᠠ᠎ᠶ᠋ᠢᠨ 19 ᠤ᠋ ᠡᠳᠦᠷ᠎ᠦᠨ 24 ᠴᠠᠭ ᠪᠣᠯᠲᠠᠯ᠎ᠠ᠂ ᠪᠥᠬᠥ᠌ ᠬᠣᠲᠠ᠎ᠳᠤ ᠤᠯᠠᠭᠠᠨ ᠺᠣᠳ᠋ᠤᠯᠤᠬᠰᠡᠳ 11570 ᠬᠥᠮᠦᠨ᠂ ᠱᠢᠷ᠎ᠠ ᠺᠣᠳ᠋ᠤᠯᠤᠬᠰᠡᠳ 11700 ᠬᠥᠮᠦᠨ ᠪᠠᠢᠵᠤ᠂ ᠨᠡᠢᠲᠡ 218489 ᠬᠥᠮᠦᠨ᠎ᠤ ᠺᠣᠳ᠋ ᠨᠢ ᠬᠤᠪᠢᠷᠠᠪᠠ᠃
ᠱᠢᠨ᠎ᠡ ᠲᠢᠲᠢᠮᠯᠢᠭ ᠸᠢᠷᠦ᠋ᠰ᠎ᠦᠨ ᠬᠠᠯᠳᠠᠪᠤᠷᠢᠯᠠᠯ᠎ᠤᠨ ᠠᠶᠤᠯ ᠲᠦᠭ᠌ᠰᠢᠭᠦᠷᠢ᠎ᠶ᠋ᠢ ᠪᠦᠲᠦᠮᠵᠢᠲᠡᠶ ᠠᠷᠭᠠᠴᠠᠭᠠᠬᠤ᠎ᠶ᠋ᠢᠨ ᠲᠥᠯᠥᠭᠡ᠂ ᠬᠥᠬᠡᠬᠣᠲᠠ 9 ᠬᠣᠱᠢᠭᠤ ᠱᠢᠶᠠᠨ ᠲᠣᠭᠣᠷᠢᠭ᠎ᠲᠤ ᠸᠠᠺᠼᠢᠨ᠎ᠤ ᠲᠠᠷᠢᠯᠭ᠎ᠠ ᠲᠠᠷᠢᠬᠤ ᠠᠵᠢᠯ᠎ᠢ ᠦᠷᠭᠦᠯᠵᠢᠯᠡᠨ ᠰᠡᠷᠭᠦᠭᠡᠵᠦ᠍ ᠥᠷᠭᠡᠳᠭᠡᠪᠡ᠃ ᠣᠳᠣᠬᠠᠨ᠎ᠳᠤ᠂ ᠪᠥᠬᠥ᠌ ᠬᠣᠲᠠ᠎ᠶ᠋ᠢᠨ ᠸᠠᠺᠼᠢᠨ᠎ᠤ ᠲᠠᠷᠢᠯᠭ᠎ᠠ ᠲᠠᠷᠢᠬᠤ ᠴᠡᠭ ᠢ ᠨᠢᠭᠡᠨᠲᠡ 100 ᠰᠡᠷᠬᠦᠭᠡᠵᠤ᠂ ᠲᠠᠷᠢᠯᠭ᠎ᠠ ᠲᠠᠷᠢᠬᠤ ᠠᠵᠢᠯ ᠶᠠᠭ ᠡᠮᠬᠢ ᠵᠢᠷᠤᠮ᠎ᠲᠠᠶ ᠶᠠᠪᠤᠭ᠍ᠳᠠᠵᠤ ᠪᠠᠢᠨ᠎ᠠ᠃ 3 ᠰᠠᠷ᠎ᠠ᠎ᠶ᠋ᠢᠨ 19 ᠤ᠋ ᠡᠳᠦᠷ᠎ᠦᠨ 17 ᠴᠠᠭ ᠪᠣᠯᠲᠠᠯ᠎ᠠ᠂ ᠪᠥᠬᠥ᠌ ᠬᠣᠲᠠ᠎ᠳᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ᠎ᠢ ᠨᠡᠢᠲᠡ 693.4 ᠲᠦᠮᠡᠨ ᠤᠳᠠᠭ᠎ᠠ ᠳᠠᠷᠢᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃