ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-03-21 18:08:41

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠤᠷᠪᠤᠯᠵᠢᠯᠠᠭ᠍ᠴᠢ ᠡᠨᠡ ᠡᠳᠦᠷ ( 3 ᠰᠠᠷ᠎ᠠ᠎ᠶ᠋ᠢᠨ 4 ᠎ᠦ ᠡᠳᠦᠷ ) ᠎ᠤᠨ ᠦᠳᠡ᠎ᠶ᠋ᠢᠨ ᠡᠮᠦᠨᠡᠬᠢ 10 ᠴᠠᠭ᠎ᠲᠤ ᠶᠠᠪᠤᠭ᠍ᠳᠠᠭ᠍ᠰᠠᠨ ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ ᠣᠢᠯᠠᠭᠠᠭ᠍ᠰᠠᠨ᠎ᠢᠶᠠᠷ᠂ ᠬᠢᠵᠢᠭ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠪᠠᠢᠳᠠᠯ ᠎ᠢ ᠦᠨᠳᠦᠰᠦᠯᠡᠨ᠂ ᠥᠨᠥᠳᠦᠷ᠎ᠦᠨ ᠥᠷᠯᠥᠭᠡ᠎ᠶ᠋ᠢᠨ 5 ᠴᠠᠭ᠎ᠠᠴᠠ ᠦᠳᠡ᠎ᠶ᠋ᠢᠨ ᠬᠣᠢᠨᠠᠬᠢ 14 ᠴᠠᠭ ᠪᠣᠯᠲᠠᠯ᠎ᠠ᠂ ᠬᠥᠬᠡᠬᠣᠲᠠ ᠬᠣᠶᠠᠷ ᠱᠠᠲᠤ ᠬᠤᠪᠢᠶᠠᠨ ᠭᠤᠤᠯᠳᠠᠯᠭ᠎ᠠ᠎ᠲᠠᠶ ᠣᠷᠣᠨ ᠪᠦᠰᠡ᠎ᠳᠦ ᠦᠷᠭᠦᠯᠵᠢᠯᠡᠨ ᠪᠥᠭᠡᠮ ᠬᠦᠴᠢᠯ᠎ᠦᠨ ᠪᠠᠢᠴᠠᠭᠠᠯᠲᠠ ᠬᠢᠨ᠎ᠠ᠂ ᠪᠠᠢᠴᠠᠭᠠᠬᠤ ᠬᠡᠪᠴᠢᠶ᠎ᠡ᠎ᠨᠢ ᠲᠦᠮᠡᠳ ᠵᠡᠭᠦᠨ ᠬᠣᠱᠢᠭᠤ᠂ ᠱᠢᠨ᠎ᠡ ᠬᠣᠲᠠ ᠲᠣᠭᠣᠷᠢᠭ᠂ ᠬᠣᠲᠣᠩ ᠠᠷᠠᠳ᠎ᠤᠨ ᠲᠣᠭᠣᠷᠢᠭ᠂ ᠢᠦᠢᠴᠢᠤᠸᠠᠨ ᠲᠣᠭᠣᠷᠢᠭ᠂ ᠰᠠᠢᠬᠠᠨ ᠲᠣᠭᠣᠷᠢᠭ᠂ ᠠᠵᠤ ᠠᠬᠤᠶ ᠮᠡᠷᠭᠡᠵᠢᠯ ᠎ᠦᠨ ᠨᠡᠭᠡᠭᠡᠯᠲᠡ᠎ᠶ᠋ᠢᠨ ᠲᠣᠭᠣᠷᠢᠭ ᠵᠢᠴᠢ ᠦᠴᠦᠸᠠᠨ ᠱᠢᠶᠠᠨ᠎ᠤ ᠬᠥᠬᠡ ᠪᠠᠯᠭᠠᠰᠤ᠂ ᠳᠡᠭᠡᠷ᠎ᠡ ᠲᠣᠬᠣᠶ ᠱᠢᠶᠠᠩ ᠪᠣᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面