2022-03-21 17:52:19
《 ᠣᠯᠠᠨ᠎ᠢᠶᠠᠷ᠎ᠢᠶᠠᠨ ᠦᠵᠡᠭᠡᠴᠢ᠂ ᠡᠨᠡ ᠪᠣᠯ ᠨᠢᠭᠡᠨ 84 ᠨᠠᠰᠤᠲᠠᠶ ᠡᠪᠦᠭᠡ ᠪᠣᠯᠤᠨ᠎ᠠ᠂ ᠬᠡᠷ᠎ᠦᠨ ᠬᠥᠮᠦᠰ᠎ᠲᠡᠶ᠎ᠪᠡᠨ ᠬᠠᠮᠲᠤ ᠪᠥᠭᠡᠮ ᠬᠦᠴᠢᠯ᠎ᠤᠨ ᠪᠠᠢᠴᠠᠭᠠᠯᠲᠠ ᠬᠢᠵᠦ᠍ ᠪᠠᠢᠨ᠎ᠠ᠂ ᠰᠠᠶᠢ ᠪᠠᠰᠠ ᠬᠡᠳᠦᠨ ᠥᠨᠳᠥᠷ ᠨᠠᠰᠤᠲᠠᠶ ᠨᠠᠰᠤᠲᠠᠨ ᠪᠦᠭᠡᠮ ᠬᠦᠴᠢᠯ᠎ᠤᠨ ᠪᠠᠢᠴᠠᠭᠠᠯᠲᠠ ᠬᠢᠵᠤ ᠪᠠᠢᠭᠰᠠᠨ ᠱᠢᠦ᠂ ᠬᠠᠮᠤᠭ᠎ᠤᠨ ᠶᠡᠬᠡ᠎ᠨᠢ 92 ᠨᠠᠰᠤᠲᠠᠶ᠂ ᠴᠥᠮ ᠪᠡᠶ᠎ᠡ᠎ᠪᠡᠷ᠎ᠢᠶᠡᠨ ᠠᠰᠠᠷ᠎ᠠᠴᠠ ᠪᠠᠭᠤᠵᠤ ᠪᠥᠭᠡᠮ ᠬᠦᠴᠢᠯ᠎ᠤᠨ ᠪᠠᠢᠴᠠᠭᠠᠯᠲᠠ ᠬᠢᠵᠦ᠍ ᠪᠠᠢᠨ᠎ᠠ᠃ ᠬᠡᠳᠦᠢᠪᠡᠷ ᠨᠠᠰᠤ ᠠᠬᠢᠭ᠍ᠰᠠᠨ ᠪᠣᠯᠪᠠᠴᠤ᠌᠂ ᠡᠳᠡᠭᠡᠷ ᠨᠠᠰᠤᠲᠠᠨ ᠪᠦᠷ ᠪᠢᠳᠡᠨ᠎ᠦ ᠠᠵᠢᠯ᠎ᠳᠤ ᠮᠠᠰᠢ ᠶᠡᠬᠡ ᠳᠡᠮᠵᠢᠯᠭᠡ ᠦᠵᠡᠭᠦᠯᠦᠭᠰᠡᠨ᠃ ᠮᠠᠨ᠎ᠤ ᠪᠥᠬᠥ᠌ ᠠᠵᠢᠯᠲᠠᠳ ᠮᠠᠰᠢ ᠰᠡᠳᠭᠢᠯ ᠬᠥᠳᠡᠯᠵᠦ᠍᠂ ᠨᠠᠰᠤᠲᠠᠳᠲᠦᠮᠠᠰᠢ ᠲᠠᠯᠠᠷᠬᠠᠵᠤ ᠪᠠᠢᠨ᠎ᠠ》!2 ᠰᠠᠷ᠎ᠠ᠎ᠶ᠋ᠢᠨ 28᠎ᠤ ᠡᠳᠦᠷ᠂ ᠬᠥᠬᠡᠬᠣᠲᠠ᠎ᠶ᠋ᠢᠨ ᠨᠢᠭᠡᠳᠦᠭᠡᠷ ᠡᠮᠨᠡᠯᠭᠡ᠎ᠶ᠋ᠢᠨ ᠬᠣᠷᠢᠶᠠᠨ᠎ᠤ ᠡᠮᠴᠢ ᠰᠤᠪᠢᠯᠠᠭ᠍ᠴᠢᠳ ᠢᠦᠶ ᠴᠢᠤᠸᠠᠨ ᠲᠣᠭᠣᠷᠢᠭ᠎ᠤᠨ ᠪᠥᠭᠡᠮ ᠬᠦᠴᠢᠯ᠎ᠦᠨ ᠥᠯᠢᠭᠡᠷ ᠠᠪᠬᠤ ᠴᠡᠭ᠎ᠲᠦ 90 ᠭᠠᠷᠤᠭ᠍ᠰᠠᠨ ᠬᠤᠶᠠᠷ ᠨᠠᠰᠤᠲᠠᠨ ᠠᠰᠠᠷ᠎ᠠᠴᠠ ᠪᠡᠨ ᠪᠠᠭᠤᠵᠤ ᠪᠥᠭᠡᠮ ᠬᠦᠴᠢᠯ᠎ᠦᠨ ᠪᠠᠢᠴᠠᠭᠠᠯᠲᠠ ᠬᠢᠯᠭᠡᠵᠤ ᠪᠠᠢᠭ᠎ᠠ ᠦᠵᠡᠭᠳᠡᠯ᠎ᠢ ᠰᠡᠭᠦᠳᠡᠷᠯᠡᠭᠰᠡᠨ ᠪᠠᠢᠨ᠎ᠠ᠃
ᠲᠤᠰ ᠰᠠᠭᠤᠭᠠᠯᠢ ᠲᠤᠭᠤᠷᠢᠭ᠎ᠦᠨ ᠠᠵᠢᠯᠲᠠᠨ ᠰᠤᠷᠪᠤᠯᠵᠢᠯᠠᠭ᠍ᠴᠢ᠎ᠳᠤ᠂ ᠤᠢ᠍ᠢᠷ᠎ᠠ᠎ᠶ᠋ᠢᠨ ᠡᠳᠦᠷ᠎ᠦᠳ᠎ᠲᠦ᠂ ᠬᠥᠬᠡᠬᠣᠲᠠ᠎ᠶ᠋ᠢᠨ ᠨᠢᠭᠡᠳᠦᠭᠡᠷ ᠡᠮᠨᠡᠯᠭᠡ᠎ᠶ᠋ᠢᠨ ᠬᠣᠷᠢᠶᠠᠨ᠎ᠤ ᠡᠮᠴᠢ ᠰᠤᠪᠢᠯᠠᠭ᠍ᠴᠢ ᠨᠠᠷ ᠢᠦᠢ ᠴᠢᠤᠸᠠᠨ ᠲᠣᠭᠣᠷᠢᠭ᠎ᠤᠨ ᠨᠡᠢᠭᠡᠮ ᠲᠣᠭᠣᠷᠢᠭ᠎ᠤᠨ ᠪᠥᠭᠡᠮ ᠬᠦᠴᠢᠯ᠎ᠦᠨ ᠦᠯᠢᠭᠡᠷ ᠠᠪᠬᠤ ᠴᠡᠭ᠎ᠲᠦ ᠠᠵᠢᠯᠯᠠᠵᠤ ᠪᠠᠢᠬᠤ ᠳᠠᠭᠠᠨ ᠨᠠᠨ ᠬ᠍ᠤ ᠨᠡᠢᠭᠡᠮ ᠲᠣᠭᠣᠷᠢᠭ᠂ ᠸᠠᠨ ᠵᠢᠨ ᠨᠡᠢᠭᠡᠮ ᠲᠣᠭᠣᠷᠢᠭ᠂ ᠨᠠᠨ ᠶᠤᠸᠠᠨ ᠨᠡᠢᠭᠡᠮ ᠲᠣᠭᠣᠷᠢᠭ᠎ᠤᠨ ᠦᠯᠢᠭᠡᠷ ᠠᠪᠬᠤ ᠲᠤᠬᠠᠢ᠎ᠶ᠋ᠢᠨ ᠲᠠᠯᠠᠪᠤᠷ ᠢ ᠵᠢᠷᠤᠭ᠍ᠯᠠᠪᠠ᠃ ᠦᠨᠡᠨ ᠳᠡᠭᠡᠨ 80 ~ 90 ᠨᠠᠰᠤᠲᠠᠢ ᠨᠠᠰᠤᠲᠠᠳ ᠡᠮᠴᠢ ᠰᠤᠪᠢᠯᠠᠭᠴᠢ ᠭᠡᠷ᠎ᠲᠦᠨᠢ ᠬᠦᠷᠴᠦ᠍ ᠦᠯᠢᠭᠡᠷ ᠶᠠᠩᠵᠤ ᠠᠪᠬᠤ᠎ᠶ᠋ᠢ ᠬᠦᠯᠢᠶᠡᠵᠦ᠍ ᠪᠤᠯᠬᠤ ᠪᠠᠢᠭ᠍ᠰᠠᠨ ᠴᠤ᠌ ᠡᠮᠴᠢ ᠰᠤᠪᠢᠯᠠᠭ᠍ᠴᠢ᠂ ᠨᠡᠢᠭᠡᠮ ᠲᠣᠭᠣᠷᠢᠭ᠎ᠤᠨ ᠠᠵᠢᠯᠳᠠᠨ᠎ᠤ ᠳᠠᠷᠤᠭᠠᠰᠤ᠎ᠶ᠋ᠢ ᠬᠥᠩᠭᠡᠷᠡᠭᠦᠯᠬᠦ᠌᠎ᠶ᠋ᠢᠨ ᠲᠥᠯᠥᠭᠡ᠂ ᠲᠡᠲᠡ ᠰᠠᠭᠤᠭᠠᠯᠢ ᠠᠷᠠᠳ᠎ᠤᠨ ᠲᠣᠭᠣᠷᠢᠭ᠎ᠤᠨ ᠷᠠᠳᠢᠣ᠋᠎ᠶ᠋ᠢ ᠰᠣᠨᠣᠰᠤᠭ᠍ᠰᠠᠨ᠎ᠤ ᠲᠠᠷᠠᠭ᠎ᠠ᠂ ᠭᠡᠷ᠎ᠦᠨ ᠬᠥᠮᠦᠰ᠎ᠦᠨ᠎ᠢᠶᠡᠨ ᠬᠠᠪᠰᠤᠷᠤᠯᠭ᠎ᠠ ᠳᠡᠮᠵᠢᠯᠭᠡ ᠳᠣᠣᠷ᠎ᠠ᠂ ᠥᠪᠡᠷ᠎ᠢᠶᠡᠨ ᠠᠰᠠᠷ᠎ᠠᠴᠠ ᠪᠡᠨ ᠪᠠᠭᠤᠵᠤ ᠪᠥᠭᠡᠮ ᠬᠦᠴᠢᠯ᠎ᠤᠨ ᠪᠠᠢᠴᠠᠭᠠᠯᠲᠠ ᠬᠢᠵᠤ᠂ ᠤᠯᠠᠨ᠎ᠤ ᠰᠡᠳᠭᠢᠯ ᠢ ᠶᠡᠬᠡᠳᠡ ᠳᠣᠭ᠍ᠳᠣᠯᠤᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃