2022-03-21 18:16:16
ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ ( 20 ᠳ᠋ᠤᠭᠠᠷ ᠲᠠᠯᠠᠪᠠᠶ ) ᠳᠡᠭᠡᠷ᠎ᠡ᠂ ᠬᠥᠬᠡᠬᠣᠲᠠ᠎ᠶ᠋ᠢᠨ ᠡᠪᠡᠳᠴᠢᠨ ᠡᠮᠭᠡᠭ ᠢ ᠰᠡᠷᠭᠡᠢᠯᠡᠨ ᠡᠵᠡᠮᠳᠡᠬᠦ᠌ ᠲᠥᠪ᠎ᠦᠨ ᠳᠡᠳ᠋ ᠡᠷᠬᠢᠯᠡᠭ᠌ᠴᠢ ᠸᠠᠩ ᠳ᠋ᠠ ᠸᠧᠶ ᠲᠠᠨᠢᠯᠴᠠᠭᠤᠯᠬᠤ᠎ᠳᠠᠭᠠᠨ᠂ ᠣᠳᠣᠬᠠᠨ᠎ᠳᠤ᠂ ᠡᠯ᠎ᠡ ᠵᠦᠶ᠋ᠯ᠎ᠦᠨ ᠴᠢᠩᠭ᠎ᠠ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠬᠦ᠌᠎ᠪᠡᠷ ᠳᠡᠮᠵᠢᠨ᠂ ᠬᠥᠬᠡᠬᠣᠲᠠ᠎ᠶ᠋ᠢᠨ ᠲᠣᠰ ᠡᠭᠡᠯᠵᠢ᠎ᠶ᠋ᠢᠨ ᠬᠢᠵᠢᠭ᠎ᠦᠨ ᠪᠠᠢᠳᠠᠯ ᠶᠡᠷᠦᠩᠬᠡᠢ ᠳ᠋ᠡᠭᠡᠨ ᠬᠥᠳᠡᠯᠦᠩᠭᠦᠶ᠎ᠪᠡᠷ ᠪᠠᠭᠤᠷᠠᠵᠤ ᠰᠠᠢᠵᠢᠷᠠᠵᠣ᠂ ᠲᠦᠭ᠌ᠰᠢᠭᠦᠷᠢᠳᠤ ᠣᠷᠣᠨ ᠪᠦᠰᠡ ᠠᠯᠬᠤᠮ ᠠᠯᠬᠤᠮ᠎ᠢᠶᠠᠷ ᠪᠠᠭᠠᠰᠴᠤ᠌᠂ ᠨᠡᠢᠭᠡᠮ ᠳᠡᠭᠡᠷᠡᠬᠢ ᠡᠪᠡᠳᠴᠢᠨ᠎ᠦ ᠵᠢᠱ᠌ᠢᠶ᠎ᠡ᠎ᠶ᠋ᠢ ᠦᠷᠭᠦᠯᠵᠢᠯᠡᠨ ᠦᠭᠡᠢᠰᠭᠡᠬᠦ᠌ ᠪᠠᠢᠳᠠᠯ᠎ᠢ ᠪᠠᠲᠤᠯᠠᠵᠤ᠂ ᠰᠡᠷᠭᠡᠢᠯᠡᠨ ᠡᠵᠡᠮᠳᠡᠬᠦ᠌ ᠠᠵᠢᠯ ᠠᠩᠬ᠎ᠠ ᠠᠯᠬᠤᠮ᠎ᠤᠨ ᠦᠷ᠎ᠡ ᠪᠦᠲᠦᠮᠵᠢ ᠤᠯᠪᠠ᠃ ᠭᠡᠪᠡᠴᠦ᠍ ᠱᠢᠨ᠎ᠡ ᠲᠢᠲᠢᠮᠯᠢᠭ ᠸᠢᠷᠦ᠋ᠰ᠎ᠲᠦ ᠨᠢᠭᠤᠭ᠍ᠳᠠᠮᠠᠯ ᠴᠢᠨᠠᠷ ᠣᠷᠣᠱᠢᠵᠤ᠂ ᠳᠠᠯᠳᠠ ᠠᠶᠤᠯ ᠲᠦᠭ᠌ᠰᠢᠭᠦᠷᠢ᠎ᠶ᠋ᠢ ᠬᠠᠷᠠᠬᠠᠨ ᠦᠨᠳᠦᠰᠦᠨ᠎ᠡᠴᠡ᠎ᠨᠢ ᠠᠷᠢᠯᠭᠠᠭᠠᠳᠤᠶ ᠪᠠᠢᠵᠤ᠂ ᠲᠣᠭ᠍ᠲᠠᠭᠠᠯᠲᠤ ᠪᠤᠰᠤ ᠬᠦᠴᠦᠨ ᠵᠦᠶ᠋ᠯ ᠮᠥᠨ ᠬᠦ᠌ ᠣᠷᠣᠱᠢᠭ᠍ᠰᠠᠭᠠᠷ ᠪᠠᠢᠨ᠎ᠠ᠃ ᠥᠷᠭᠡᠨ ᠤᠯᠠᠨ ᠬᠤᠳᠠ᠎ᠶ᠋ᠢᠨ ᠠᠷᠠᠳ ᠰᠣᠨᠣᠷ ᠰᠡᠷᠡᠮᠵᠢ᠎ᠪᠡᠨ ᠶᠠᠭᠠᠬᠢᠭ᠍ᠰᠠᠨ ᠴᠤ᠌ ᠰᠤᠯᠠᠷᠠᠭᠤᠯᠵᠤ ᠪᠣᠯᠬᠤ ᠦᠭᠡᠢ᠂ ᠬᠥᠮᠦᠨ ᠬᠠᠷ᠎ᠠ᠎ᠶ᠋ᠢᠨ ᠱᠢᠯᠵᠢᠯᠲᠡ᠎ᠶ᠋ᠢ ᠪᠠᠭᠠᠰᠭᠠᠵᠤ᠂ ᠨᠡᠢᠭᠡᠮ᠎ᠦᠨ ᠲᠠᠯ᠎ᠠ᠎ᠶ᠋ᠢᠨ ᠬᠠᠮᠢᠶᠠᠷᠤᠯᠲᠠ ᠡᠵᠡᠮᠳᠡᠯ ᠢ ᠴᠢᠩᠳᠠᠯᠠᠬᠤ ᠶᠡᠷᠦᠩᠬᠡᠢ ᠱᠠᠭᠠᠷᠳᠠᠯᠭ᠎ᠠ᠎ᠶ᠋ᠢ ᠪᠠᠷᠢᠮᠲᠠᠯᠠᠵᠤ᠂ ᠡᠯ᠎ᠡ ᠵᠦᠢᠯ᠎ᠦᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠦᠷᠭᠦᠯᠵᠢᠯᠡᠨ ᠢᠳᠡᠪᠬᠢᠲᠡᠢ ᠬᠠᠮᠵᠢᠯᠴᠠᠨ ᠰᠠᠢᠲᠤᠷ ᠨᠠᠢᠳᠠᠪᠤᠷᠢᠵᠢᠭᠤᠯᠵᠤ᠂ ᠬᠤᠪᠢ ᠬᠥᠮᠦᠨ ᠦ ᠰᠡᠷᠭᠡᠢᠯᠡᠯᠲᠡ ᠬᠠᠮᠠᠭᠠᠯᠠᠯᠲᠠ ᠶ᠋ᠢ ᠦᠷᠭᠦᠯᠵᠢᠯᠡᠨ ᠰᠠᠢᠲᠤᠷ ᠬᠢᠵᠦ᠍᠂ ᠬᠢᠵᠢᠭ᠎ᠦᠨ ᠪᠠᠢᠳᠠᠯ᠎ᠤᠨ ᠲᠠᠬᠢᠨ ᠳᠡᠯᠭᠡᠷᠡᠬᠦ᠌᠎ᠶ᠋ᠢ ᠡᠷᠡᠰ ᠰᠡᠷᠭᠡᠢᠯᠡᠵᠦ᠍᠂ ᠬᠢᠵᠢᠭ᠎ᠦᠨ ᠪᠠᠢᠳᠠᠯ ᠢ ᠰᠡᠷᠭᠡᠢᠯᠡᠨ ᠡᠵᠡᠮᠳᠡᠬᠦ᠌ ᠬᠣᠷᠢᠭ᠍ᠯᠠᠯᠲᠠ ᠶ᠋ᠢᠨ ᠳᠠᠢᠯᠠᠯᠳᠤᠭᠠᠨ᠎ᠤ ᠢᠯᠠᠯᠲᠠ᠎ᠶ᠋ᠢ ᠲᠤᠢᠯᠪᠤᠷᠢᠲᠠᠢ ᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃