2022-03-22 17:46:32
3 ᠰᠠᠷ᠎ᠠ᠎ᠶ᠋ᠢᠨ 12 ᠤᠨ ᠦᠳᠡ᠎ᠶ᠋ᠢᠨ ᠡᠮᠦᠨ᠎ᠡ ᠬᠤᠷᠠᠯᠳᠤᠭ᠍ᠰᠠᠨ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ᠂ ᠬᠥᠬᠡᠬᠣᠲᠠ᠎ᠶ᠋ᠢᠨ ᠡᠪᠡᠳᠴᠢᠨ ᠡᠮᠭᠡᠭ ᠢ ᠰᠡᠷᠭᠡᠢᠯᠡᠨ ᠬᠤᠷᠢᠭ᠍ᠯᠠᠬᠤ ᠲᠥᠪ᠎ᠦᠨ ᠳᠡᠳ᠋ ᠡᠷᠬᠢᠯᠡᠭ᠌ᠴᠢ ᠸᠠᠩ ᠳ᠋ᠠ ᠸᠧᠶ ᠡᠴᠡ ᠱᠢᠨ᠎ᠡ ᠲᠢᠲᠢᠮᠯᠢᠭ ᠸᠢᠷᠦ᠋ᠰ ᠢ ᠬᠡᠷᠬᠢᠨ ᠰᠡᠷᠭᠡᠢᠯᠡᠬᠦ᠌ ᠲᠤᠬᠠᠢ ᠲᠠᠢᠯᠪᠦᠷᠢᠯᠠᠯᠲᠠ ᠬᠢᠵᠡᠢ᠃
ᠣᠢᠯᠠᠭᠠᠭ᠍ᠰᠠᠨ ᠢᠶᠠᠷ᠂ ᠣᠮᠢᠺᠷᠤᠨ ᠣᠨᠳᠣᠣᠱᠢᠭ᠍ᠰᠠᠨ ᠸᠢᠷᠦ᠋ᠰ᠎ᠢ 2021 ᠣᠨ᠎ᠤ 11 ᠰᠠᠷ᠎ᠠ᠎ᠶ᠋ᠢᠨ 9 ᠦ ᠡᠳᠦᠷ ᠡᠮᠦᠨᠡᠲᠦ ᠠᠹᠷᠢᠺᠠ᠎ᠶ᠋ᠢᠨ ᠡᠪᠡᠳᠴᠢᠨ᠎ᠦ ᠵᠢᠱ᠌ᠢᠶ᠎ᠡ᠎ᠶ᠋ᠢᠨ ᠦᠯᠢᠭᠡᠷ ᠡᠴᠡ ᠠᠩᠬ᠎ᠠ ᠤᠳᠠᠭ᠎ᠠ ᠪᠠᠢᠴᠠᠭᠠᠨ ᠭᠠᠷᠭᠠᠭ᠍ᠰᠠᠨ᠎ᠠᠴᠠ ᠬᠣᠢᠰᠢ ᠨᠡᠮᠡᠭ᠌ᠳᠡᠬᠦ᠌ ᠬᠤᠷᠳᠤᠴᠠ ᠨᠢ ᠦᠳᠲᠡᠷ ᠲᠦᠷᠭᠡᠨ ᠪᠠᠢᠪᠠ᠃ ᠣᠳᠣᠬᠠᠨ᠎ᠳᠤ᠂ ᠤᠮᠢᠺᠷᠤᠨ ᠸᠢᠷᠦ᠋ᠰ ᠨᠢ ᠨᠢᠭᠡᠨᠲᠡ ᠳ᠋ᠸᠯᠲ᠋ᠠ ᠸᠢᠷᠦ᠋ᠰ ᠢ ᠣᠷᠣᠯᠠᠭᠠᠳ ᠪᠥᠬᠥ᠌ ᠳᠡᠯᠡᠬᠡᠶ᠎ᠶ᠋ᠢᠨ ᠬᠡᠪᠴᠢᠶᠡᠨ᠎ᠳᠦ ᠭᠣᠣᠯ ᠳᠡᠯᠭᠡᠷᠡᠵᠦ᠍ ᠪᠠᠢᠭ᠎ᠠ ᠸᠢᠷᠦ᠋ᠰ ᠪᠣᠯᠤᠭ᠍ᠰᠠᠨ ᠪᠠᠢᠨ᠎ᠠ᠃ ᠣᠮᠢᠺᠷᠤᠨ ᠣᠨᠳᠣᠣᠱᠢᠭ᠍ᠰᠠᠨ ᠸᠢᠷᠦ᠋ᠰ᠎ᠤᠨ ᠬᠠᠯᠳᠠᠪᠤᠷᠢᠯᠠᠬᠤ ᠴᠢᠨᠠᠷ ᠨᠢ ᠴᠢᠩᠭ᠎ᠠ᠂ ᠲᠠᠷᠬᠠᠨ ᠳᠡᠯᠭᠡᠷᠡᠬᠦ᠌ ᠨᠢ ᠨᠡᠩ ᠨᠠᠷᠢᠨ ᠪᠤᠳᠤᠯᠢᠶᠠᠨᠲᠠᠢ ᠪᠥᠭᠡᠳ ᠳᠠᠯᠳᠠ ᠪᠣᠯᠵᠤ᠂ ᠰᠡᠷᠭᠡᠢᠯᠡᠨ ᠡᠵᠡᠮᠳᠡᠬᠦ᠌ ᠬᠦᠴᠢᠷᠳᠡᠯ᠎ᠢ ᠨᠡᠮᠡᠭ᠌ᠳᠡᠭᠦᠯᠪᠡ᠃
ᠳᠤᠰᠭᠠᠢ ᠮᠡᠷᠭᠡᠵᠢᠯᠲᠡᠨ᠎ᠦ ᠲᠠᠨᠢᠯᠴᠠᠭᠤᠯᠤᠬᠰᠠᠨ᠎ᠢᠶᠡᠷ᠂ᠡᠩ᠎ᠦᠨ ᠰᠠᠭᠤᠭᠠᠯᠢ ᠠᠷᠠᠳ᠎ᠲᠤ ᠠᠪᠴᠤ᠌ ᠬᠡᠯᠡᠪᠡᠯ᠂ ᠠᠮᠠᠪᠴᠢ ᠵᠡᠭᠦᠬᠦ᠌ ᠪᠣᠯ ᠮᠥᠨ ᠬᠦ᠌ ᠸᠢᠷᠦ᠋ᠰ᠎ᠦᠨ ᠬᠠᠯᠳᠠᠪᠤᠷᠢᠯᠠᠯ᠎ᠢ ᠬᠣᠷᠢᠭ᠍ᠯᠠᠬᠤ ᠬᠠᠮᠤᠭ᠎ᠤᠨ ᠪᠦᠲᠦᠮᠵᠢᠲᠡᠶ ᠠᠷᠭ᠎ᠠ ᠬᠡᠯᠪᠡᠷᠢ᠎ᠶ᠋ᠢᠨ ᠨᠢᠭᠡ ᠮᠥᠨ᠂ ᠡᠨᠡ ᠨᠢ ᠣᠮᠢᠺᠷᠤᠨ ᠸᠢᠷᠦ᠋ᠰ᠎ᠢ ᠰᠡᠷᠭᠡᠢᠯᠡᠨ ᠡᠵᠡᠮᠳᠡᠬᠦ᠌ ᠳᠦ ᠴᠤ᠌ ᠠᠳᠠᠯᠢᠬᠠᠨ ᠳᠣᠭᠢᠷᠠᠨ᠎ᠠ᠃ ᠸᠠᠺᠼᠢᠨ᠎ᠤ ᠪᠦᠬᠦ᠌ ᠲᠠᠷᠢᠯᠭ᠎ᠠ᠎ᠶ᠋ᠢ ᠨᠢᠭᠡᠨᠲᠡ ᠲᠠᠷᠢᠭ᠍ᠰᠠᠨ ᠴᠤ᠌ ᠬᠡᠷ ᠳᠣᠲᠣᠷᠠᠬᠢ ᠣᠯᠠᠨ ᠨᠡᠢᠲᠡ᠎ᠶ᠋ᠢᠨ ᠲᠠᠯᠠᠪᠤᠷ᠂ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠪᠠᠭᠠᠵᠢ ᠵᠡᠷᠭᠡ ᠲᠠᠯᠠᠪᠤᠷ ᠭᠠᠵᠠᠷ᠎ᠲᠤ ᠠᠮᠠᠪᠴᠢ ᠵᠠᠪᠠᠯ ᠵᠡᠭᠦᠬᠦ᠌ ᠬᠡᠷᠡᠭ᠌ᠲᠡᠶ; ᠳᠠᠷᠠᠭ᠎ᠠ ᠳᠤ ᠨᠢ᠂ ᠬᠤᠪᠢ ᠬᠥᠮᠦᠨ᠎ᠦ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ᠎ᠶ᠋ᠢ ᠰᠠᠢᠲᠤᠷ ᠬᠢᠵᠦ᠍᠂ ᠬᠠᠯᠠᠭᠤᠷᠠᠬᠤ᠂ ᠬᠠᠨᠢᠶᠠᠬᠤ᠂ ᠠᠮᠢᠰᠭᠤᠯ ᠳᠠᠪᠬᠤᠴᠠᠬᠤ ᠵᠡᠷᠭᠡ ᠱᠢᠨ᠎ᠡ ᠲᠢᠲᠢᠮᠯᠢᠭ ᠠᠭᠤᠰᠭᠢᠨ ᠥᠷᠪᠢᠰᠦᠯ᠎ᠦᠨ ᠰᠡᠵᠢᠭ᠌ᠯᠡᠯᠲᠡᠢ ᠡᠪᠡᠳᠴᠢᠨ᠎ᠦ ᠢᠯᠡᠷᠡᠯ ᠲᠡᠶ ᠪᠣᠯ ᠴᠠᠭ ᠲᠤᠬᠠᠶ᠎ᠳᠤᠨᠢ ᠪᠡᠶ᠎ᠡ᠎ᠶ᠋ᠢᠨ ᠳᠤᠯᠠᠭᠠᠨ᠎ᠢᠶᠠᠨ ᠬᠡᠮᠵᠢᠵᠦ᠍᠂ ᠰᠠᠨᠠᠭᠠᠴᠢᠯᠠᠭ᠎ᠠ᠎ᠠᠴᠠ᠎ᠪᠠᠨ ᠬᠠᠯᠠᠭᠤᠷᠠᠯ᠎ᠤᠨ ᠡᠭᠦᠳᠡᠨ ᠡᠮᠨᠡᠯᠭᠡ ᠲᠠᠢ ᠡᠮᠴᠢᠯᠡᠭᠡᠨ᠎ᠦ ᠪᠠᠢᠭᠤᠯᠤᠮᠵᠢ᠎ᠳᠤ ᠬᠦᠷᠴᠦ᠍ ᠡᠮᠨᠡᠭᠦᠯᠬᠦ᠌ ᠬᠡᠷᠡᠭ᠌ᠲᠡᠶ; ᠳᠠᠬᠢᠪᠠᠯ᠂ ᠪᠣᠯᠬᠤ ᠶ᠋ᠢᠨ ᠳᠤᠲᠤᠷ᠎ᠠ ᠭᠠᠳᠠᠭ᠍ᠰᠢ ᠭᠠᠷᠬᠤ ᠪᠠᠨ ᠴᠥᠭᠡᠳᠭᠡᠨ᠂ ᠭᠠᠳᠠᠭ᠍ᠰᠢ ᠭᠠᠷᠪᠠᠯ ᠵᠠᠮ ᠵᠠᠭᠤᠷ᠎ᠠ᠎ᠶ᠋ᠢᠨ ᠬᠤᠪᠢ ᠬᠥᠮᠦᠨ᠎ᠦ ᠬᠠᠮᠠᠭᠠᠯᠠᠯᠲᠠ᠎ᠪᠠᠨ ᠴᠢᠩᠭᠠᠳᠭᠠᠵᠤ᠂ ᠣᠮᠢᠺᠷᠤᠨ ᠸᠢᠷᠦ᠋ᠰ ᠲᠦ ᠬᠠᠯᠳᠠᠪᠤᠷᠢᠯᠠᠭ᠍ᠳᠠᠬᠤ ᠳᠤᠬᠢᠶᠠᠯᠳᠤᠯ ᠢ ᠪᠠᠭᠠᠰᠭᠠᠨ᠎ᠠ᠃
ᠡᠭᠦᠨ ᠡᠴᠡ ᠭᠠᠳᠠᠨ᠎ᠠ᠂ ᠨᠠᠩ ᠴᠢᠬᠤᠯᠠ ᠨᠢ ᠸᠠᠺᠼᠢᠨ᠎ᠤ ᠲᠠᠷᠢᠯᠭ᠎ᠠ᠎ᠶ᠋ᠢ ᠴᠢᠩᠭᠠᠳᠭᠠᠬᠤ ᠶᠠᠪᠤᠳᠠᠯ ᠪᠣᠯᠤᠨ᠎ᠠ᠃ ᠬᠡᠳᠦᠢᠪᠡᠷ ᠣᠮᠢᠺᠷᠤᠨ ᠸᠢᠷᠦ᠋ᠰ᠎ᠢ ᠪᠤᠰᠤᠳ ᠸᠢᠷᠦ᠋ᠰ ᠲᠠᠢ ᠬᠠᠷᠢᠴᠠᠭᠤᠯᠪᠠᠯ ᠸᠠᠺᠼᠢᠨ᠎ᠤ ᠦᠶ᠋ᠯᠡᠳᠦᠯ᠎ᠢ ᠨᠠᠩ ᠶᠡᠬᠡᠪᠡᠷ ᠪᠠᠭᠤᠷᠠᠭᠤᠯᠤᠭ᠍ᠰᠠᠨ ᠪᠣᠯᠪᠠᠴᠤ᠌᠂ ᠱᠢᠨ᠎ᠡ ᠲᠢᠲᠢᠮᠯᠢᠭ ᠠᠭᠤᠰᠭᠢᠨ ᠥᠷᠪᠢᠰᠦᠯ ᠦᠨ ᠸᠠᠺᠼᠢᠨ ᠨᠢ ᠬᠦᠨᠳᠦ ᠡᠪᠡᠳᠴᠢᠨ ᠪᠠ ᠦᠬᠦᠯᠢ ᠪᠠᠭᠠᠰᠭᠠᠬᠤ᠎ᠳᠤ ᠮᠥᠨ ᠬᠦᠴᠦᠨ ᠲᠡᠶ᠂ ᠢᠯᠠᠩᠭᠤᠶ᠎ᠠ ᠴᠢᠩᠭᠠᠳᠭᠠᠬᠤ ᠲᠠᠷᠢᠯᠭ᠎ᠠ ᠲᠠᠷᠢᠭ᠍ᠰᠠᠨᠤ ᠳᠠᠷᠠᠭᠠᠬᠢ ᠦᠢᠯᠡᠳᠦᠯ ᠨᠢ ᠨᠡᠩ ᠢᠯᠡᠷᠬᠡᠢ ᠶᠤᠮ᠃ ᠡᠢᠮᠦ᠍ ᠡᠴᠡ᠂ ᠸᠠᠺᠼᠢᠨ᠎ᠤ ᠲᠠᠷᠢᠯᠭ᠎ᠠ᠎ᠶ᠋ᠢᠨ ᠪᠥᠬᠥ᠌ ᠶᠠᠪᠤᠴᠠ᠎ᠶ᠋ᠢ ᠨᠢᠭᠡᠨᠲᠡ ᠪᠡᠶᠡᠯᠡᠭᠦᠯᠦᠭ᠌ᠰᠡᠨ 18 ᠨᠠᠰᠤ ᠵᠢᠴᠢ ᠲᠡᠭᠦᠨ᠎ᠡᠴᠡ ᠳᠡᠭᠡᠭ᠌ᠰᠢᠬᠢ ᠰᠠᠭᠤᠭᠠᠯᠢ ᠠᠷᠠᠳ 6 ᠰᠠᠷ᠎ᠠ᠎ᠶ᠋ᠢᠨ ᠬᠢᠨᠢ ᠳᠠᠷᠠᠭ᠎ᠠ ᠴᠢᠩᠭᠠᠳᠭᠠᠬᠤ ᠲᠠᠷᠢᠯᠭ᠎ᠠ ᠶ᠋ᠢ ᠡᠷᠲᠡᠬᠡᠨ ᠲᠠᠷᠢᠬᠤ ᠴᠢᠬᠤᠯᠠᠲᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃