ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-03-22 17:21:56

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠤᠯᠠᠮ ᠨᠢᠭᠡ ᠠᠯᠬᠤᠮ ᠰᠠᠢᠲᠤᠷ ᠬᠢᠵᠦ᠍᠂ ᠰᠦᠯᠵᠢᠶᠡᠨ ᠎ᠦ ᠢᠳᠡᠭᠡᠨ ᠤᠮᠳᠠᠭᠠᠨ᠎ᠤ ᠦᠶ᠋ᠯᠡᠴᠢᠯᠡᠭᠡ᠎ᠶ᠋ᠢᠨ ᠡᠵᠡᠩᠨᠡᠯᠲᠡ ᠶ᠋ᠢᠨ ᠠᠵᠢᠯᠯᠠᠭ᠎ᠠ᠎ᠶ᠋ᠢ ᠵᠢᠷᠤᠮᠵᠢᠭᠤᠯᠬᠤ ᠎ᠶ᠋ᠢᠨ ᠲᠤᠰᠠᠳᠠ᠂ ᠬᠥᠬᠡᠬᠣᠲᠠ᠎ᠶ᠋ᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠵᠢᠨ ᠬᠢᠨ ᠰᠦᠯᠵᠢᠶᠡᠨ ᠎ᠦ ᠢᠳᠡᠭᠡᠨ ᠤᠮᠳᠠᠭᠠᠨ᠎ᠤ ᠦᠶ᠋ᠯᠡᠴᠢᠯᠡᠭᠡ ᠎ᠶ᠋ᠢᠨ ᠡᠵᠡᠩᠨᠡᠯᠲᠡ᠎ᠶ᠋ᠢᠨ ᠠᠵᠢᠯᠯᠠᠭ᠎ᠠ ᠵᠢ ᠬᠠᠮᠢᠶᠠᠷᠤᠨ ᠡᠵᠡᠮᠳᠡᠬᠦ ᠡᠷᠴᠢᠮ ᠎ᠢᠶᠡᠨ ᠴᠢᠨᠭᠭᠠᠳᠬᠠᠪᠠ᠃

ᠰᠦᠯᠵᠢᠶᠡᠨ᠎ᠦ ᠢᠳᠡᠭᠡᠨ ᠤᠮᠳᠠᠭᠠᠨ᠎ᠤ ᠦᠶ᠋ᠯᠡᠴᠢᠯᠡᠭᠡ ᠬᠠᠩᠭᠠᠭ᠍ᠴᠢᠳ ᠎ᠢ ᠬᠢᠵᠢᠭ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠭᠣᠸ᠋ᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ᠂ ᠠᠵᠢᠯᠯᠠᠵᠤ ᠪᠠᠢᠭ᠎ᠠ ᠬᠥᠮᠦᠰ ᠎ᠦᠨ ᠡᠷᠡᠭᠦᠯ ᠮᠡᠨᠳᠦ᠍᠎ᠶ᠋ᠢᠨ ᠬᠠᠮᠢᠶᠠᠷᠤᠯᠲᠠ᠎ᠶ᠋ᠢ ᠰᠠᠢᠲᠤᠷ ᠬᠢᠵᠦ᠍᠂ ᠡᠷᠡᠭᠦᠯ ᠮᠡᠨᠳᠦ᠍ ᠎ᠶ᠋ᠢᠨ ᠦᠨᠡᠮᠯᠡᠯ᠂ ᠪᠥᠭᠡᠮ ᠬᠦᠴᠢᠯ ᠎ᠦᠨ ᠪᠠᠢᠴᠠᠭᠠᠯᠲᠠ᠎ᠶ᠋ᠢᠨ ᠪᠢᠯᠢᠭ ᠴᠢᠨᠠᠷ᠎ᠤᠨ ᠭᠡᠷᠡᠴᠢ᠎ᠪᠡᠷ ᠠᠵᠢᠯ᠎ᠤᠨ ᠪᠠᠢᠷᠢ᠎ᠳᠤ ᠭᠠᠷᠬᠤ ᠬᠡᠷᠡᠭ᠌ᠲᠡᠶ᠃《ᠠᠮᠠᠪᠴᠢ ᠵᠡᠭᠦᠬᠦ᠌᠂ ᠪᠡᠭᠡᠯᠡᠶ ᠵᠡᠭᠦᠬᠦ᠌᠂ ᠳᠤᠯᠠᠭᠠᠨ ᠎ᠢ ᠬᠡᠮᠵᠢᠬᠦ᠌᠂ ᠺᠣᠳ᠋ ᠱᠢᠷᠪᠢᠬᠦ᠌᠂ ᠠᠷᠢᠭᠤᠳᠭᠠᠬᠤ》ᠵᠡᠷᠭᠡ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠩᠭ᠎ᠠ ᠬᠡᠷᠡᠭ᠌ᠵᠢᠭᠦᠯᠬᠦ ᠬᠡᠷᠡᠭᠳᠡᠢ᠃ ᠵᠠᠬᠢᠶᠠᠯᠠᠭ᠎ᠠ ᠎ᠶ᠋ᠢᠨ ᠬᠣᠭᠣᠯᠠ ᠬᠦᠷᠭᠡᠬᠦ᠌ ᠠᠵᠢᠯᠲᠠᠨ ᠎ᠤ ᠬᠠᠮᠢᠶᠠᠷᠤᠯᠲᠠ᠎ᠶ᠋ᠢ ᠴᠢᠩᠭᠠᠷᠠᠭᠤᠯᠵᠤ᠂ ᠵᠠᠬᠢᠶᠠᠯᠠᠭ᠎ᠠ᠎ᠶ᠋ᠢᠨ ᠬᠣᠭᠣᠯᠠ ᠬᠦᠷᠭᠡᠬᠦ᠌ ᠠᠵᠢᠯᠲᠠᠨ ᠎ᠢ ᠪᠦᠬᠦᠨ ᠎ᠢ 《ᠪᠠᠢᠴᠠᠭᠠᠬᠤ ᠶᠣᠰᠣᠲᠠᠶ᠎ᠶ᠋ᠢ ᠨᠢ ᠪᠦᠬᠦᠨ ᠎ᠢ ᠪᠠᠢᠴᠠᠭᠠᠬᠤ》ᠲᠠᠪᠴᠠᠩ᠎ᠳᠤ ᠣᠷᠣᠭᠤᠯᠵᠤ᠂《ᠪᠠᠢᠴᠠᠭᠠᠬᠤ ᠶᠣᠰᠣᠲᠠᠶ᠎ᠶ᠋ᠢ ᠨᠢ ᠪᠦᠬᠦᠨ ᠎ᠢ ᠪᠠᠢᠴᠠᠭᠠᠬᠤ》᠎ᠶ᠋ᠢ ᠪᠡᠶᠡᠯᠡᠭᠦᠯᠦᠨ᠎ᠡ᠃ ᠵᠠᠬᠢᠶᠠᠯᠠᠭ᠎ᠠ᠎ᠶ᠋ᠢᠨ ᠢᠳᠡᠭᠡᠨ ᠤᠮᠳᠠᠭᠠᠨ᠎ᠳᠦ《ᠢᠳᠡᠭᠡᠨ᠎ᠦ ᠠᠮᠤᠷ ᠲᠦᠪᠱᠢᠨ᠎ᠦ ᠪᠢᠲᠡᠭᠦᠮᠵᠢᠯᠡᠭ᠌ᠰᠡᠨ ᠬᠠᠭᠤᠳᠠᠰᠦ》 ᠵᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠢᠳᠡᠭᠡᠨ ᠤᠮᠳᠠᠭᠠᠨ ᠎ᠤ ᠦᠶ᠋ᠯᠡᠴᠢᠯᠡᠭᠡ ᠬᠠᠩᠭᠠᠭ᠍ᠴᠢ᠎ᠨᠢ ᠵᠠᠬᠢᠶᠠᠯᠠᠭ᠎ᠠ᠎ᠶ᠋ᠢᠨ ᠢᠳᠡᠭᠡᠨ ᠤᠮᠳᠠᠭᠠᠨ ᠳ᠋ᠤ《ᠢᠳᠡᠭᠡᠨ ᠎ᠦ ᠠᠮᠤᠷ ᠲᠦᠪᠱᠢᠨ ᠎ᠦ ᠪᠢᠲᠡᠭᠦᠮᠵᠢᠯᠡᠭ᠌ᠰᠡᠨ ᠬᠠᠭᠤᠳᠠᠰᠦ》 ᠨᠡᠮᠡᠵᠦ᠍᠂ ᠳᠣᠭᠢᠷᠠᠭᠤᠯᠤᠨ ᠬᠦᠷᠭᠡᠬᠦ᠌ ᠶᠠᠪᠤᠴᠠ᠎ᠳᠤ ᠢᠳᠡᠭᠡᠨ ᠎ᠢ ᠪᠣᠬᠢᠷᠲᠤᠭᠤᠯᠬᠤ ᠥᠬᠡᠶ ᠪᠠᠢᠬᠤ᠎ᠶ᠋ᠢ ᠪᠠᠲᠤᠯᠠᠬᠤ ᠬᠡᠷᠡᠭ᠌ᠲᠡᠶ᠃ ᠬᠣᠭᠣᠯᠠ ᠬᠦᠷᠭᠡᠭ᠌ᠴᠢ 《ᠢᠳᠡᠭᠡᠨ᠎ᠦ ᠠᠮᠤᠷ ᠲᠦᠪᠱᠢᠨ ᠎ᠦ ᠪᠢᠲᠡᠭᠦᠮᠵᠢᠯᠡᠭ᠌ᠰᠡᠨ ᠬᠠᠭᠤᠳᠠᠰᠦ》 ᠨᠠᠭᠠᠭ᠍ᠰᠠᠨ ᠥᠬᠡᠶ ᠢᠳᠡᠭᠡᠨ ᠤᠮᠳᠠᠭᠠᠨ ᠎ᠢ ᠲᠤᠰᠴᠦ ᠬᠦᠷᠭᠡᠵᠦ᠍ ᠪᠣᠯᠬᠤ ᠥᠬᠡᠶ᠂ ᠢᠳᠡᠭᠡᠨ ᠎ᠦ ᠠᠮᠤᠷ ᠲᠦᠪᠱᠢᠨ ᠎ᠢ ᠦᠨᠡᠨᠬᠦ᠌ ᠪᠠᠲᠤᠯᠠᠬᠤ ᠬᠡᠷᠡᠭ᠌ᠲᠡᠶ᠃ ᠬᠡᠷᠡᠭ᠌ᠯᠡᠭ᠌ᠴᠢᠳ ᠎ᠦᠨ ᠲᠠᠪᠴᠠᠩ ᠎ᠠᠴᠠ ᠵᠠᠬᠢᠶᠠᠯᠠᠬᠤ ᠎ᠳᠠᠭᠠᠨ ᠬᠦᠷᠦᠯᠴᠡᠬᠦ᠌ ᠥᠬᠡᠶ ᠳᠣᠭᠢᠷᠠᠭᠤᠯᠤᠨ ᠬᠦᠷᠭᠡᠬᠦ᠌᠎ᠶ᠋ᠢ ᠰᠠᠨᠠᠭᠠᠴᠢᠯᠠᠵᠤ᠂ ᠬᠣᠭᠣᠯᠠ ᠬᠦᠷᠭᠡᠭ᠌ᠴᠢ ᠢᠳᠡᠭᠡᠨ ᠤᠮᠳᠠᠭᠠᠨ᠎ᠢᠶᠠᠨ ᠲᠣᠭ᠍ᠲᠠᠭ᠍ᠰᠠᠨ ᠪᠠᠢᠷᠢᠨ᠎ᠳᠤ ᠲᠠᠯᠪᠢᠵᠤ᠂ᠳᠣᠭᠢᠷᠠᠭᠤᠯᠤᠨ ᠬᠦᠷᠭᠡᠭ᠌ᠴᠢ ᠬᠡᠷᠡᠭ᠌ᠯᠡᠭ᠌ᠴᠢᠳ ᠎ᠲᠡᠶ ᠱᠢᠭᠤᠳ ᠣᠢᠷᠠᠳᠭᠤ᠎ᠠᠴᠠ ᠵᠠᠢᠯᠠᠰᠭᠢᠬᠦ᠌ ᠬᠡᠷᠡᠭ᠌ᠲᠡᠶ᠃ ᠢᠳᠡᠭᠡᠨ ᠤᠮᠳᠠᠭᠠᠨ᠎ᠤ ᠦᠶ᠋ᠯᠡᠴᠢᠯᠡᠭᠡᠨ ᠎ᠦ ᠨᠢᠭᠡᠴᠢ᠎ᠨᠦᠭᠦᠳ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠭᠣᠸ᠋ᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠤᠯᠠᠭᠠᠨ᠂ ᠱᠢᠷ᠎ᠠ ᠡᠷᠡᠭᠦᠯ ᠮᠡᠨᠳᠦ᠍ ᠎ᠶ᠋ᠢᠨ ᠺᠣᠳ᠋ ᠢᠯᠡᠷᠡᠭ᠌ᠰᠡᠨ ᠪᠥᠬᠥᠶ ᠬᠥᠮᠦᠰ ᠎ᠢ ᠣᠷᠣᠭᠤᠯᠬᠤ ᠎ᠶ᠋ᠢ ᠴᠠᠭᠠᠵᠠᠯᠠᠬᠤ ᠬᠡᠷᠡᠭ᠌ᠲᠡᠶ᠃ ᠪᠣᠭᠣᠳᠠᠯᠯᠠᠬᠤ ᠦᠢᠯᠡᠴᠢᠯᠡᠭᠡ ᠬᠠᠩᠭᠠᠬᠤ ᠎ᠶ᠋ᠢ ᠵᠣᠷᠢᠭ᠍ᠵᠢᠭᠤᠯᠵᠤ᠂ ᠬᠥᠮᠦᠨ ᠴᠤᠭ᠍ᠯᠠᠷᠠᠬᠤ᠎ᠠᠴᠠ ᠵᠠᠢᠯᠠᠰᠭᠢᠬᠦ ᠬᠡᠷᠭᠳᠡᠢ ᠬᠡᠵᠤ ᠱᠠᠭᠠᠷᠳᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面