ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-03-22 17:14:17

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠤᠷᠪᠤᠯᠵᠢᠯᠠᠭ᠍ᠴᠢ 3 ᠰᠠᠷ᠎ᠠ᠎ᠶ᠋ᠢᠨ 21᠎ᠤ ᠡᠳᠦᠷ᠎ᠤᠨ ᠦᠳᠡ᠎ᠶ᠋ᠢᠨ ᠡᠮᠦᠨ᠎ᠡ ᠬᠤᠷᠠᠯᠳᠤᠭᠰᠠᠨ ᠬᠥᠬᠡᠬᠤᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ ᠣᠢᠯᠠᠭᠠᠭ᠍ᠰᠠᠨ᠎ᠢᠶᠠᠷ᠂ 3 ᠰᠠᠷ᠎ᠠ᠎ᠶ᠋ᠢᠨ 20 ᠎ᠤ ᠡᠳᠦᠷ᠎ᠤᠨ 0 ᠴᠠᠭ᠎ᠠᠴᠠ 24 ᠴᠠᠭ ᠪᠣᠯᠲᠠᠯ᠎ᠠ᠂ ᠬᠥᠬᠡᠬᠤᠲᠠ᠎ᠳᠤ ᠲᠤᠬᠠᠶ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢᠶᠠᠷ ᠣᠨᠣᠱᠢᠯᠠᠭ᠍ᠳᠠᠭ᠍ᠰᠠᠨ ᠡᠪᠡᠳᠴᠢᠲᠡᠨ ᠱᠢᠨ᠎ᠡ᠎ᠪᠠᠷ 2 ᠨᠡᠮᠡᠭ᠌ᠳᠡᠵᠦ᠍᠂ ᠲᠤᠬᠠᠶ᠎ᠶ᠋ᠢᠨ ᠭᠠᠵᠠᠷ᠎ᠤᠨ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭ᠍ᠰᠠᠳ ᠱᠢᠨ᠎ᠡ᠎ᠪᠠᠷ 5 ᠨᠡᠮᠡᠭ᠌ᠳᠡᠵᠦ᠍᠂ ᠴᠥᠮ ᠲᠤᠰᠠᠭᠠᠷᠯᠠᠬᠤ ᠴᠡᠭ᠎ᠤᠨ ᠨᠢᠭ᠍ᠲᠠ ᠤᠢᠷᠠᠳᠤᠭᠰᠠᠳ᠎ᠤᠨ ᠪᠥᠭᠡᠮ ᠬᠦᠴᠢᠯ᠎ᠤᠨ ᠪᠠᠢᠴᠠᠭᠠᠯᠲᠠ᠎ᠠᠴᠠ ᠣᠯᠵᠤ ᠮᠡᠳᠡᠪᠡ᠃ ᠣᠳᠣᠬᠠᠨ᠎ᠤ ᠬᠢᠨᠠᠨ ᠬᠡᠮᠵᠢᠯᠲᠡ ᠪᠠ ᠰᠤᠳᠤᠯᠭᠠᠨ᠎ᠡᠴᠡ ᠶᠡᠷᠦᠡᠭᠭᠡᠢᠯᠡᠨ ᠦᠵᠡᠪᠡᠯ᠂ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭ᠍ᠳᠠᠭᠰᠠᠳ᠎ᠲᠤ ᠬᠠᠯᠳᠠᠪᠤᠷᠢᠯᠠᠬᠤ ᠴᠢᠨᠠᠷ ᠣᠷᠣᠱᠢᠵᠤ ᠪᠠᠢᠬᠤ ᠪᠥᠭᠡᠳ ᠬᠠᠯᠳᠠᠪᠤᠷᠢᠯᠠᠯ ᠨᠢ ᠨᠢᠭᠤᠬᠳᠠᠮᠠᠯ ᠴᠢᠨᠠᠷ᠎ᠲᠠᠢ ᠪᠠᠢᠳᠠᠭ᠃

ᠱᠢᠨ᠎ᠡ᠎ᠪᠠᠷ ᠨᠡᠮᠡᠭ᠌ᠳᠡᠭ᠌ᠰᠡᠨ 2 ᠳᠣᠲᠣᠯᠠᠭ᠍ᠰᠠᠨ ᠡᠪᠡᠳᠴᠢᠨ᠎ᠤ ᠵᠢᠱ᠌ᠢᠶ᠎ᠡ᠂ 5 ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭ᠍ᠰᠠᠳ ᠴᠥᠮ ᠬᠤᠲᠣᠩ ᠠᠷᠠᠳ᠎ᠤᠨ ᠲᠣᠭᠤᠷᠢᠭ᠎ᠠᠴᠠ ᠢᠷᠡᠵᠡᠶ᠃ ᠬᠥᠬᠡᠬᠤᠲᠠ᠎ᠳᠤ ᠣᠲᠣ ᠪᠠᠢᠭ᠎ᠠ ᠲᠤᠬᠠᠶ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢᠶᠠᠷ ᠣᠨᠣᠱᠢᠯᠠᠭ᠍ᠳᠠᠭ᠍ᠰᠠᠨ ᠡᠪᠡᠳᠴᠢᠲᠡᠨ 5᠂ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭ᠍ᠰᠠᠳ 19 ᠪᠠᠢᠵᠤ᠂ ᠴᠥᠮ 3 ᠰᠠᠷ᠎ᠠ᠎ᠶ᠋ᠢᠨ 17 ᠎ᠤ ᠡᠳᠦᠷ᠎ᠠᠴᠠ ᠨᠠᠭᠠᠰᠢ ᠱᠢᠨ᠎ᠡ᠎ᠪᠠᠷ ᠢᠯᠡᠷᠡᠭᠦᠯᠦᠭ᠌ᠰᠡᠨ ᠬᠠᠯᠳᠠᠪᠤᠷᠢᠯᠠᠭ᠍ᠳᠠᠭᠰᠠᠳ ᠪᠣᠯᠤᠨ᠎ᠠ᠃ ᠣᠳᠣᠬᠠᠨ᠎ᠳᠤ᠂ ᠬᠤᠲᠣᠩ ᠠᠷᠠᠳ᠎ᠤᠨ ᠲᠣᠭᠤᠷᠢᠭ᠎ᠤᠨ ᠲᠦᠩ ᠳ᠋ᠤᠤ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠶᠢᠦ ᠢ ᠭᠤᠳᠤᠮᠵᠢ ᠨᠡᠢᠭᠡᠮ ᠲᠣᠭᠤᠷᠢᠭ᠎ᠠᠴᠠ ᠭᠠᠳᠠᠨ᠎ᠠ᠂ ᠪᠤᠰᠤᠳ᠎ᠢ᠎ᠨᠢ ᠴᠥᠮ ᠳᠤᠤᠷ᠎ᠠ ᠲᠦᠭ᠌ᠰᠢᠭᠦᠷᠢᠲᠠᠶ ᠭᠠᠵᠠᠷ ᠣᠷᠣᠨ ᠪᠣᠯᠭᠠᠨ ᠲᠣᠬᠢᠷᠠᠭᠤᠯᠪᠠ᠃

ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭ᠍ᠳᠠᠭᠰᠠᠳ ᠨᠢ ᠬᠠᠯᠳᠠᠪᠤᠷᠢᠯᠠᠯ ᠳᠠᠭᠠᠭᠤᠯᠳᠠᠭ᠂ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭ᠍ᠳᠠᠭᠰᠠᠳ᠎ᠤᠨ ᠬᠠᠯᠳᠠᠪᠤᠷᠢᠯᠠᠬᠤ ᠠᠷᠭ᠎ᠠ ᠵᠠᠮ᠎ᠨᠢ ᠣᠨᠣᠱᠢᠯᠠᠭ᠍ᠳᠠᠭ᠍ᠰᠠᠨ ᠡᠪᠡᠳᠴᠢᠲᠡᠨ᠎ᠲᠠᠢ ᠠᠳᠠᠯᠢ ᠪᠠᠢᠳᠠᠭ᠂ ᠪᠣᠳᠠᠲᠠᠶ᠎ᠪᠠᠷ ᠬᠡᠯᠡᠪᠡᠯ ᠱᠢᠭᠤᠳ ᠬᠠᠯᠳᠠᠪᠤᠷᠢᠯᠠᠬᠤ᠂ ᠬᠡᠶ ᠴᠠᠪᠠᠤᠯᠢᠭ ᠠᠭᠤᠰᠤᠮᠠᠯ᠎ᠢᠶᠠᠷ ᠬᠠᠯᠳᠠᠪᠤᠷᠢᠯᠠᠬᠤ ᠪᠠ ᠪᠠᠰᠠ ᠬᠦᠷᠦᠯᠴᠡᠵᠦ᠍ ᠬᠠᠯᠳᠠᠪᠤᠷᠢᠯᠠᠬᠤ ᠵᠡᠷᠭᠡ ᠪᠠᠭ᠍ᠲᠠᠨ᠎ᠠ᠂ ᠭᠤᠤᠯᠳᠠᠭᠤ ᠥᠪᠡᠷ᠎ᠢ᠎ᠪᠠᠨ ᠬᠠᠮᠠᠭᠠᠯᠠᠬᠤ ᠪᠠ ᠡᠷᠡᠭᠦᠯ ᠮᠡᠨᠳᠦ᠍᠎ᠶ᠋ᠢᠨ ᠪᠣᠯᠪᠠᠰᠤᠨ᠎ᠤ ᠤᠬᠠᠮᠰᠠᠷ᠎ᠢᠶᠠᠨ ᠳᠡᠭᠡᠭ᠌ᠰᠢᠯᠡᠭᠦᠯᠬᠦ᠂ ᠣᠷᠴᠢᠨ ᠲᠣᠭᠤᠷᠢᠨ᠎ᠤ ᠡᠷᠡᠭᠦᠯ ᠬᠠᠮᠠᠭᠠᠯᠠᠯ ᠪᠠ ᠬᠤᠪᠢ ᠬᠥᠮᠦᠨ᠎ᠤ ᠡᠷᠡᠭᠦᠯ ᠬᠠᠮᠠᠭᠠᠯᠠᠯ᠎ᠤᠨ ᠰᠡᠷᠭᠡᠢᠯᠡᠯᠲᠡ᠎ᠪᠠᠨ ᠴᠢᠩᠭᠠᠳᠭᠠᠬᠤ᠂ ᠭᠠᠷ᠎ᠢᠶᠠᠨ ᠦᠷᠭᠦᠯᠵᠢ ᠤᠬᠢᠶᠠᠬᠤ᠂ ᠨᠢᠭᠡ ᠮᠧᠲᠷ ᠵᠠᠢ᠎ᠶᠢ ᠪᠠᠳᠤᠯᠠᠬᠤ᠂ ᠴᠣᠩᠬᠤ᠎ᠪᠠᠨ ᠨᠡᠭᠡᠭᠡᠵᠦ᠍ ᠰᠠᠯᠬᠢ ᠨᠡᠪᠲᠡᠷᠡᠭᠦᠯᠬᠦ᠂ ᠠᠷᠢᠭᠤᠳᠭᠠᠨ ᠴᠡᠪᠡᠷᠯᠡᠬᠦ᠂ ᠲᠤᠰᠠᠭᠠᠷ ᠬᠤᠭᠤᠯᠠᠯᠠᠬᠤ ᠲᠦᠷᠢᠮ ᠪᠠ ᠱᠢᠨᠵᠢᠯᠡᠬᠦ᠌ ᠤᠬᠠᠭᠠᠨᠴᠢ᠎ᠪᠠᠷ ᠠᠮᠠᠪᠴᠢ ᠵᠡᠭᠦᠬᠦ᠌ ᠵᠡᠷᠭᠡ ᠡᠷᠡᠭᠦᠯ ᠰᠠᠷᠠᠭᠤᠯ ᠠᠮᠢᠳᠤᠷᠠᠯ᠎ᠤᠨ ᠦᠢᠯᠡ ᠠᠵᠢᠯᠯᠠᠭ᠎ᠠ᠎ᠠᠷᠭ᠎ᠠ ᠬᠡᠯᠪᠡᠷᠢ᠎ᠶ᠋ᠢ ᠪᠣᠶ ᠪᠣᠯᠭᠠᠨ᠎ᠠ᠃

ᠢᠷᠡᠯᠳᠠ᠄ ᠬᠦᠯᠦᠭ ᠰᠢᠯᠵᠢᠶ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面