ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-03-22 17:49:33

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠦᠷᠭᠦᠯᠵᠢ ᠠᠷᠢᠬᠢ ᠤᠸ᠋ᠭᠤᠳᠠᠭ ᠬᠥᠮᠦᠰ ᠠᠩᠬᠠᠷᠤᠭᠠᠷᠠᠢ!

ᠣᠢᠷ᠎ᠠ᠎ᠳᠤ᠂ ᠶᠠᠫᠣᠨ ᠤᠯᠤᠰ᠎ᠤᠨ ᠨᠢᠭᠡᠨ ᠶᠡᠬᠡ ᠰᠤᠷᠭᠠᠭᠤᠯᠢ᠎ᠶ᠋ᠢᠨ ᠪᠠᠢᠴᠠᠭᠠᠯᠲᠠ ᠎ᠳᠤ ᠢᠯᠡᠷᠡᠭᠦᠯᠦᠭ᠌ᠰᠡᠨ᠎ᠢᠶᠡᠷ᠂ ᠦᠷᠭᠦᠯᠵᠢ ᠠᠷᠢᠬᠢ ᠤᠤᠭᠤᠬᠤ ᠨᠢ ᠱᠢᠨ᠎ᠡ ᠲᠢᠲᠢᠮᠯᠢᠭ ᠠᠭᠤᠰᠭᠢᠨ ᠥᠷᠪᠢᠰᠦᠯ᠎ᠦᠨ ᠸᠠᠺᠼᠢᠨ᠎ᠦ ᠴᠢᠩᠭᠠᠳᠭᠠᠬᠤ ᠲᠠᠷᠢᠯᠭ᠎ᠠ ᠎ᠶ᠋ᠢ ᠲᠠᠷᠢᠭ᠍ᠰᠠᠨ ᠎ᠤ ᠳᠠᠷᠠᠭᠠᠬᠢ ᠡᠰᠡᠷᠭᠦᠴᠡᠭ᠌ᠴᠢ ᠪᠡᠶ᠎ᠡ᠎ᠶ᠋ᠢᠨ ᠠᠱᠢᠭ᠍ᠯᠠᠮᠵᠢ᠎ᠶ᠋ᠢᠨ ᠳᠡᠭᠡᠭ᠌ᠰᠢᠯᠡᠯᠲᠡ ᠎ᠶ᠋ᠢ ᠪᠠᠭᠤᠷᠠᠭᠤᠯᠬᠤ ᠪᠣᠯᠣᠨ᠎ᠠ᠃

ᠰᠤᠳᠤᠯᠭᠠᠨ᠎ᠤ ᠳᠤᠭᠤᠢᠯᠠᠩ᠎ᠤᠨ ᠬᠢᠨ ᠠᠰᠠᠭᠤᠯᠲᠠ᠎ᠶ᠋ᠢᠨ ᠬᠠᠭᠤᠳᠠᠰᠤ ᠎ᠶ᠋ᠢᠨ ᠬᠡᠯᠪᠡᠷᠢ ᠎ᠪᠡᠷ ᠠᠷᠢᠬᠢ ᠤᠸ᠋ᠭᠤᠬᠤ ᠪᠠ ᠲᠠᠮᠠᠬᠢ ᠲᠠᠲᠠᠬᠤ᠎ᠶ᠋ᠢᠨ ᠱᠢᠨ᠎ᠡ ᠲᠢᠲᠢᠮᠯᠢᠭ ᠠᠭᠤᠰᠭᠢᠨ ᠥᠷᠪᠢᠰᠦᠯ᠎ᠦᠨ ᠸᠠᠺᠼᠢᠨ᠎ᠤ ᠲᠠᠷᠢᠯᠭ᠎ᠠ ᠎ᠶ᠋ᠢ ᠲᠠᠷᠢᠭ᠍ᠰᠠᠨ᠎ᠤ ᠳᠠᠷᠠᠭᠠᠬᠢ ᠡᠰᠡᠷᠭᠦᠴᠡᠭ᠌ᠴᠢ ᠪᠡᠶ᠎ᠡ᠎ᠶ᠋ᠢᠨ ᠠᠱᠢᠭ᠍ᠯᠠᠮᠵᠢ᠎ᠳᠦ ᠦᠵᠡᠭᠦᠯᠬᠦ᠌ ᠨᠥᠯᠥᠭᠡ᠎ᠶ᠋ᠢᠨ ᠲᠤᠬᠠᠶ ᠪᠠᠢᠴᠠᠭᠠᠯᠲᠠ ᠬᠢᠪᠡ᠃ ᠲᠤᠰ ᠪᠠᠢᠴᠠᠭᠠᠯᠲᠠ᠎ᠳᠦ᠂ 21 — 77 ᠨᠠᠰᠤᠨ᠎ᠤ ᠱᠢᠨ᠎ᠡ ᠲᠢᠲᠢᠮᠯᠢᠭ ᠠᠭᠤᠰᠭᠢᠨ ᠥᠷᠪᠢᠰᠦᠯ᠎ᠦᠨ ᠸᠠᠺᠼᠢᠨ ᠎ᠤ ᠭᠤᠷᠪᠠᠳᠤᠭᠠᠷ ᠲᠠᠷᠢᠯᠭ᠎ᠠ᠎ᠶ᠋ᠢ ᠳᠠᠷᠢᠭ᠍ᠰᠠᠨ 187 ᠡᠮᠨᠡᠯᠭᠡ᠎ᠶ᠋ᠢᠨ ᠠᠵᠢᠯᠲᠠᠨ᠎ᠢᠶᠠᠷ ᠪᠠᠢᠴᠠᠭᠠᠬᠤ ᠡᠲᠡᠭᠡᠳ ᠪᠣᠯᠭᠠᠵᠤ᠂ ᠲᠠᠷᠢᠯᠭ᠎ᠠ ᠬᠢᠬᠦ᠌ ᠡᠮᠦᠨ᠎ᠡ᠎ᠠᠴᠠ ᠲᠠᠷᠢᠯᠭ᠎ᠠ ᠬᠢᠭ᠌ᠰᠡᠨ᠎ᠦ ᠳᠠᠷᠠᠭᠠᠬᠢ 2 — 3 ᠭᠠᠷᠠᠭ᠎ᠤᠨ ᠬᠤᠭᠤᠷᠤᠨᠳᠤ ᠪᠡᠶ᠎ᠡ᠎ᠶ᠋ᠢᠨ ᠳᠣᠲᠣᠷᠠᠬᠢ ᠰᠠᠭᠠᠷᠮᠠᠭ᠍ᠵᠢᠬᠤ ᠡᠰᠡᠷᠭᠦᠴᠡᠭ᠌ᠴᠢ ᠪᠡᠶ᠎ᠡ᠎ᠶ᠋ᠢᠨ ᠠᠱᠢᠭ᠍ᠯᠠᠮᠵᠢ᠎ᠳᠤ ᠬᠠᠷᠢᠴᠠᠭᠤᠯᠤᠯ ᠪᠠ ᠦᠨᠡᠯᠡᠯᠲᠡ ᠬᠢᠵᠡᠢ᠃ ᠦᠷ᠎ᠡ ᠳ᠋ᠦᠩ᠎ᠳᠦ ᠢᠯᠡᠷᠡᠭᠦᠯᠦᠭ᠌ᠰᠡᠨ᠎ᠢᠶᠡᠷ᠂ ᠲᠠᠷᠢᠯᠭ᠎ᠠ ᠬᠢᠬᠦ᠌᠎ᠡᠴᠡ ᠡᠮᠦᠨᠡᠬᠢ ᠲᠡᠶ ᠬᠠᠷᠢᠴᠠᠭᠤᠯᠪᠠᠯ᠂ ᠪᠣᠶ ᠪᠥᠬᠥᠶ ᠱᠢᠨ᠎ᠡ ᠲᠢᠲᠢᠮᠯᠢᠭ ᠠᠭᠤᠰᠭᠢᠨ ᠥᠷᠪᠢᠰᠦᠯ᠎ᠦᠨ ᠸᠠᠺᠼᠢᠨ᠎ᠤ ᠭᠤᠷᠪᠠᠳᠤᠭᠠᠷ ᠲᠠᠷᠢᠯᠭ᠎ᠠ᠎ᠶ᠋ᠢ ᠲᠠᠷᠢᠭ᠍ᠰᠠᠳ ᠎ᠤᠨ ᠪᠡᠶ᠎ᠡ ᠎ᠶ᠋ᠢᠨ ᠲᠤᠲᠤᠷᠠᠬᠢ ᠳᠤᠮᠳᠠᠴᠢ ᠰᠠᠭᠠᠷᠮᠠᠭ᠍ᠵᠢᠬᠤ ᠡᠰᠡᠷᠭᠦᠴᠡᠭ᠌ᠴᠢ ᠪᠡᠶ᠎ᠡ᠎ᠶ᠋ᠢᠨ ᠠᠱᠢᠭ᠍ᠯᠠᠮᠵᠢ ᠨᠢ 34 ᠳᠠᠬᠢᠨ ᠳᠡᠭᠡᠭ᠌ᠰᠢᠯᠡᠵᠦ᠍᠂ ᠢᠯᠠᠩᠭᠤᠶ᠎ᠠ 60 — 70 ᠨᠠᠰᠤᠨ᠎ᠤ ᠨᠠᠰᠤᠲᠠᠢᠴᠤᠳ᠎ᠤᠨ ᠲᠠᠷᠢᠯᠭ᠎ᠠ ᠲᠠᠷᠢᠭ᠍ᠰᠠᠨ᠎ᠦ ᠳᠠᠷᠠᠭᠠᠬᠢ ᠳᠤᠮᠳᠠᠴᠢ ᠰᠠᠭᠠᠷᠮᠠᠭ᠍ᠵᠢᠬᠤ ᠡᠰᠡᠷᠭᠦᠴᠡᠭ᠌ᠴᠢ ᠪᠡᠶ᠎ᠡ᠎ᠶ᠋ᠢᠨ ᠠᠱᠢᠭ᠍ᠯᠠᠮᠵᠢ ᠨᠢ ᠪᠠᠷᠤᠭ 50 — 90 ᠳᠠᠬᠢᠨ ᠳᠡᠭᠡᠭ᠌ᠰᠢᠯᠡᠭ᠌ᠰᠡᠨ ᠪᠠᠢᠨ᠎ᠠ᠃

ᠠᠷᠢᠬᠢ ᠤᠤᠭᠤᠬᠤ ᠪᠤᠯᠤᠨ ᠲᠠᠮᠠᠬᠢ ᠳᠠᠲᠠᠬᠤ ᠳᠠᠳᠭᠠᠯ᠎ᠤᠨ ᠲᠤᠬᠠᠶ ᠰᠤᠳᠤᠯᠭᠠᠨ᠎ᠳᠤ ᠢᠯᠡᠷᠡᠭᠦᠯᠦᠭ᠌ᠰᠡᠨ᠎ᠢᠶᠡᠷ᠂ ᠠᠷᠢᠬᠢ ᠤᠤᠭᠤᠬᠤ ᠳᠠᠳᠭᠠᠯ ᠥᠬᠡᠶ ᠬᠥᠮᠦᠰ ᠲᠡᠶ ᠠᠳᠠᠯᠢᠳᠭᠠᠪᠠᠯ᠂ ᠠᠷᠢᠬᠢ ᠤᠸ᠋ᠭᠤᠬᠤ ᠳᠠᠳᠭᠠᠯ ᠲᠠᠶ ᠬᠥᠮᠦᠰ ᠨᠢ ᠱᠢᠨ᠎ᠡ ᠲᠢᠲᠢᠮᠯᠢᠭ ᠠᠭᠤᠰᠭᠢᠨ ᠥᠷᠪᠢᠰᠦᠯ᠎ᠦᠨ ᠸᠠᠺᠼᠢᠨ᠎ᠤ ᠭᠤᠷᠪᠠᠳᠤᠭᠠᠷ ᠲᠠᠷᠢᠯᠭ᠎ᠠ᠎ᠶ᠋ᠢ ᠳᠠᠷᠢᠭ᠍ᠰᠠᠨ᠎ᠤ ᠳᠠᠷᠠᠭ᠎ᠠ᠂ ᠡᠰᠡᠷᠭᠦᠴᠡᠭ᠌ᠴᠢ ᠪᠡᠶ᠎ᠡ ᠎ᠶ᠋ᠢᠨ ᠠᠱᠢᠭ᠍ᠯᠠᠮᠵᠢ ᠨᠢ 15% ᠎ᠪᠠᠷ ᠪᠠᠭᠤᠷᠠᠪᠠ; ᠲᠠᠮᠠᠬᠢ ᠲᠠᠲᠠᠳᠠᠭ ᠦᠭᠡᠢ ᠬᠥᠮᠥᠰ ᠲᠡᠶ ᠠᠳᠠᠯᠢᠳᠭᠠᠪᠠᠯ᠂ ᠲᠠᠮᠠᠬᠢ ᠲᠠᠲᠠᠭ᠍ᠰᠠᠳ ᠎ᠤᠨ ᠡᠰᠡᠷᠭᠦᠴᠡᠭ᠌ᠴᠢ ᠪᠡᠶ᠎ᠡ ᠎ᠶ᠋ᠢᠨ ᠠᠱᠢᠭ᠍ᠯᠠᠮᠵᠢ ᠨᠢ ᠪᠠᠭ᠎ᠠ ᠪᠠᠭᠤᠷᠠᠭ᠍ᠰᠠᠨ ᠪᠣᠯᠪᠠᠴᠤ᠌ ᠠᠷᠢᠬᠢ ᠤᠤᠭᠤᠬᠤ ᠳᠠᠳᠭᠠᠯ ᠲᠠᠶ ᠬᠥᠮᠥᠰ ᠲᠠᠢ ᠬᠠᠷᠢᠴᠠᠭᠤᠯᠪᠠᠯ ᠨᠥᠯᠥᠭᠡ ᠨᠢ ᠪᠠᠭ᠎ᠠ ᠪᠠᠢᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面