ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-03-23 10:32:03

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

3ᠰᠠᠷ᠎ᠠ᠎ᠶᠢᠨ22᠎ᠤᠨ ᠡᠳᠦᠷ᠂ ᠰᠤᠷᠪᠤᠯᠵᠢᠯᠠᠭ᠍ᠴᠢ ᠬᠥᠬᠡᠬᠣᠲᠠ᠎ᠶᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ ( ᠬᠣᠷᠢ ᠶᠢᠰᠦᠳᠦᠭᠡᠷ ᠲᠠᠯᠠᠪᠠᠶ )᠎ᠠᠴᠠ ᠣᠢᠯᠠᠭᠠᠭ᠍ᠰᠠᠨ᠎ᠢᠶᠠᠷ᠂ ᠬᠥᠬᠡᠬᠣᠲᠠ᠎ᠶᠢᠨ ᠪᠥᠬᠥ᠌ ᠣᠷᠣᠨ ᠪᠦᠰᠡ᠎ᠪᠡᠷ ᠵᠢᠡᠨ ᠳᠤᠤᠷ᠎ᠠ ᠲᠦᠭ᠌ᠰᠢᠭᠦᠷᠢᠳᠠᠢ ᠭᠠᠵᠠᠷ ᠣᠷᠣᠨ ᠪᠣᠯᠬᠤ᠎ᠠᠴᠠ ᠡᠮᠦᠨ᠎ᠡ ᠰᠤᠷᠤᠭ᠍ᠴᠢᠳ ᠰᠤᠷᠭᠠᠭᠤᠯᠢ᠎ᠳᠠᠭᠠᠨ ᠪᠤᠴᠠᠵᠤ ᠪᠣᠯᠬᠤ ᠥᠬᠡᠶ᠃

ᠣᠳᠣᠬᠠᠨ᠎ᠳᠤ᠂ ᠬᠥᠬᠡᠬᠣᠲᠠ᠎ᠶᠢᠨ ᠬᠢᠵᠢᠭ᠎ᠦᠨ ᠪᠠᠢᠳᠠᠯ ᠮᠥᠨ ᠬᠦ᠌ ᠬᠦᠨᠳᠦ ᠨᠣᠴᠢᠲᠠᠶ ᠪᠠᠢᠨ᠎ᠠ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ᠎ᠦᠨ ᠴᠡᠴᠡᠷᠯᠢᠭ᠎ᠨᠢ ᠬᠣᠲᠠ᠎ᠶᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ᠎ᠤᠨ ᠱᠢᠨᠵᠢᠯᠡᠬᠦ᠌ ᠤᠬᠠᠭᠠᠨᠴᠢ᠎ᠪᠠᠷ ᠰᠤᠳᠤᠯᠤᠨ ᠮᠠᠭᠠᠳᠯᠠᠭ᠍ᠰᠠᠨ᠎ᠤ ᠳᠠᠷᠠᠭ᠎ᠠ ᠰᠤᠷᠭᠠᠭᠤᠯᠢ ᠡᠬᠢᠯᠡᠬᠦ᠌ ᠴᠠᠭ᠎ᠢ ᠲᠣᠭ᠍ᠲᠠᠭᠠᠬᠤ᠎ᠶᠢᠨ ᠬᠠᠮᠲᠤ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠂ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ᠂ ᠬᠡᠦᠬᠡᠳ᠎ᠦᠨ ᠴᠡᠴᠡᠷᠯᠢᠭ᠎ᠦᠨ ᠲᠠᠰ ᠳᠠᠷᠠᠭᠠᠯᠠᠯ ᠶᠣᠰᠣᠭᠠᠷ ᠰᠤᠷᠤᠯᠭ᠎ᠠ᠎ᠶᠢᠨ ᠬᠤᠭᠤᠴᠠᠭ᠎ᠠ ᠵᠥᠷᠢᠬᠦᠯᠦᠨ᠂ ᠣᠨ ᠵᠥᠷᠢᠬᠦᠯᠦᠨ᠂ ᠴᠠᠭ ᠵᠥᠷᠢᠭᠦᠯᠦᠨ ᠰᠤᠷᠭᠠᠭᠤᠯᠢ᠎ᠳᠠᠭᠠᠨ ᠪᠤᠴᠠᠬᠤ ᠪᠣᠯᠤᠨ᠎ᠠ᠃

ᠪᠠᠭ᠍ᠰᠢ ᠰᠤᠷᠤᠭ᠍ᠴᠢᠳ᠎ᠤᠨ ᠠᠮᠤᠷ ᠲᠦᠪᠱᠢᠨ᠎ᠢᠶᠡᠷ ᠰᠤᠷᠭᠠᠭᠤᠯᠢ᠎ᠳᠠᠭᠠᠨ ᠪᠤᠴᠠᠵᠤ᠂ ᠤᠷᠤᠭ᠍ᠰᠢᠲᠠᠶ ᠰᠤᠷᠭᠠᠭᠤᠯᠢ ᠡᠬᠢᠯᠡᠬᠦ᠌᠎ᠶᠢ ᠦᠨᠡᠨ ᠬᠦ᠌ ᠪᠠᠲᠤᠯᠠᠬᠤ᠎ᠶᠢᠨ ᠲᠥᠯᠥᠭᠡ᠂ ᠬᠥᠬᠡᠬᠣᠲᠠ ᠳᠤᠤᠷᠠᠬᠢ ᠬᠡᠳᠦᠨ ᠲᠠᠯ᠎ᠠ᠎ᠶᠢᠨ ᠠᠵᠢᠯ᠎ᠢ ᠬᠦᠴᠦᠯᠡᠨ ᠰᠠᠢᠲᠤᠷ ᠬᠢᠬᠦ᠌ ᠪᠣᠯᠤᠨ᠎ᠠ᠃

·ᠰᠤᠷᠭᠠᠭᠤᠯᠢ ᠡᠬᠢᠯᠡᠵᠦ᠍ ᠰᠤᠷᠭᠠᠭᠤᠯᠢ᠎ᠳᠠᠭᠠᠨ ᠪᠤᠴᠠᠬᠤ ᠵᠠᠷᠴᠢᠮ᠎ᠢ ᠴᠢᠩᠭ᠎ᠠ ᠰᠠᠬᠢᠨ᠎ᠠ᠃ ᠬᠥᠬᠡᠬᠣᠲᠠ᠎ᠶᠢᠨ ᠪᠥᠬᠥ᠌ ᠣᠷᠣᠨ ᠪᠦᠰᠡ᠎ᠪᠡᠷ ᠵᠢᠡᠨ ᠳᠤᠤᠷ᠎ᠠ ᠲᠦᠭ᠌ᠰᠢᠭᠦᠷᠢᠳᠠᠢ ᠭᠠᠵᠠᠷ ᠣᠷᠣᠨ ᠪᠣᠯᠬᠤ᠎ᠠᠴᠠ ᠡᠮᠦᠨ᠎ᠡ ᠰᠤᠷᠤᠭ᠍ᠴᠢᠳ ᠰᠤᠷᠭᠠᠭᠤᠯᠢ᠎ᠳᠠᠭᠠᠨ ᠪᠤᠴᠠᠵᠤ ᠪᠣᠯᠬᠤ ᠥᠬᠡᠶ᠃ ᠰᠤᠷᠭᠠᠭᠤᠯᠢ᠎ᠶᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠨᠥᠬᠥᠴᠡᠯ᠎ᠨᠢ ᠬᠠᠷᠢᠶ᠎ᠠ ᠭᠠᠵᠠᠷ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠤᠰᠭᠠᠶ ᠰᠠᠯᠠᠭ᠎ᠠ ᠮᠥᠴᠢᠷ᠎ᠢᠶᠡᠷ ᠦᠨᠡᠯᠡᠨ ᠵᠢᠱ᠌ᠢᠭᠦᠯᠵᠦ᠍᠂ ᠵᠢᠯᠣᠭᠣᠳᠭᠤ ᠭᠠᠵᠠᠷ᠎ᠢᠶᠠᠷ ᠵᠥᠪᠱᠢᠶᠡᠷᠡᠭᠦᠯᠦᠭ᠌ᠰᠡᠨ ᠥᠬᠡᠶ ᠪᠣᠯ ᠰᠤᠷᠭᠠᠭᠤᠯᠢ᠎ᠳᠠᠭᠠᠨ ᠪᠤᠴᠠᠵᠤ ᠪᠣᠯᠬᠤ ᠥᠬᠡᠶ᠃ ᠰᠤᠷᠭᠠᠭᠤᠯᠢ᠎ᠶᠢᠨ ᠪᠠᠴᠢᠮ ᠪᠠᠢᠳᠠᠯ᠎ᠢ ᠠᠷᠭᠠᠴᠠᠭᠠᠬᠤ ᠤᠷᠢᠳᠴᠢᠯᠠᠭ᠍ᠰᠠᠨ ᠲᠥᠰᠦᠯ ᠪᠣᠯᠤᠨ ᠰᠣᠷᠢᠯᠲᠠ᠎ᠶᠢ ᠨᠠᠢᠳᠠᠪᠤᠷᠢᠵᠢᠭᠤᠯᠤᠭ᠍ᠰᠠᠨ᠎ᠢᠶᠠᠷ ᠬᠦᠷᠦᠯᠴᠡᠬᠦ᠌ ᠦᠭᠡᠶ ᠪᠣᠯ ᠰᠤᠷᠭᠠᠭᠤᠯᠢ ᠳ᠋ᠠᠭᠠᠨ ᠪᠤᠴᠠᠵᠤ ᠪᠣᠯᠬᠤ ᠦᠭᠡᠶ᠃ ᠰᠤᠷᠭᠠᠭᠤᠯᠢ᠎ᠶᠢᠨ ᠡᠯ᠎ᠡ ᠵᠦᠶ᠋ᠯ᠎ᠦᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠤᠭ᠍ᠰᠠᠨ᠎ᠢᠶᠠᠷ ᠬᠦᠷᠦᠯᠴᠡᠬᠦ᠌ ᠥᠬᠡᠶ ᠪᠣᠯ ᠰᠤᠷᠭᠠᠭᠤᠯᠢ᠎ᠳᠠᠭᠠᠨ ᠪᠤᠴᠠᠵᠤ ᠪᠣᠯᠬᠤ ᠥᠬᠡᠶ᠃

·ᠰᠤᠷᠭᠠᠭᠤᠯᠢ᠎ᠳ᠋ᠠᠭᠠᠨ ᠪᠤᠴᠠᠬᠤ ᠡᠷᠡᠭᠦᠯ ᠮᠡᠨᠳᠦ᠍᠎ᠶᠢᠨ ᠪᠠᠷᠢᠮᠵᠢᠶ᠎ᠠ᠎ᠶᠢ ᠴᠢᠩᠭ᠎ᠠ ᠡᠵᠡᠮᠳᠡᠨ᠎ᠡ᠃ ᠡᠯ᠎ᠡ ᠰᠤᠷᠭᠠᠭᠤᠯᠢ᠎ᠨᠢ ᠡᠷᠡᠭᠦᠯ ᠮᠡᠨᠳᠦ᠍᠎ᠶᠢᠨ ᠬᠢᠨᠠᠨ ᠬᠡᠮᠵᠢᠯᠲᠡ ᠪᠠ ᠪᠥᠭᠡᠮ ᠬᠦᠴᠢᠯ᠎ᠦᠨ ᠪᠠᠢᠴᠠᠭᠠᠯᠲᠠ᠎ᠶᠢ ᠤᠷᠢᠳᠴᠢᠯᠠᠨ ᠰᠠᠢᠲᠤᠷ ᠬᠢᠵᠦ᠍᠂ ᠪᠠᠭ᠍ᠰᠢ ᠰᠤᠷᠤᠭ᠍ᠴᠢᠳ ᠱᠠᠭᠠᠷᠳᠠᠯᠭ᠎ᠠ ᠶᠣᠰᠣᠭᠠᠷ 48 ᠴᠠᠭ᠎ᠤᠨ ᠳᠣᠲᠣᠷᠠᠬᠢ ᠪᠥᠭᠡᠮ ᠬᠦᠴᠢᠯ᠎ᠦᠨ ᠪᠠᠢᠴᠠᠭᠠᠯᠲᠠ᠎ᠨᠢ ᠪᠢᠯᠢᠭ ᠴᠢᠨᠠᠷ᠎ᠤᠨ ᠭᠡᠷᠡᠴᠢ᠎ᠶᠢ ᠠᠪᠴᠤ᠌᠂ 《ᠬᠥᠬᠡᠬᠣᠲᠠ᠎ᠶᠢᠨ ᠺᠤᠳ᠋》ᠨᠢ ᠨᠣᠭᠣᠭᠠᠨ ᠺᠣᠳ᠋ ᠪᠠᠢᠵᠤ᠂ ᠪᠡᠶ᠎ᠡ᠎ᠶᠢᠨ ᠳᠤᠯᠠᠭᠠᠨ᠎ᠨᠢ ᠬᠡᠪ᠎ᠦᠨ ᠪᠠᠢᠪᠠᠯ ᠰᠠᠶᠢ ᠰᠤᠷᠭᠠᠭᠤᠯᠢ᠎ᠳᠤ ᠣᠷᠣᠵᠤ ᠪᠣᠯᠤᠨ᠎ᠠ᠃ ᠳᠤᠮᠳᠠ ᠥᠨᠳᠥᠷ ᠲᠦᠭ᠌ᠰᠢᠭᠦᠷᠢᠲᠡᠶ ᠭᠠᠵᠠᠷ ᠣᠷᠣᠨ᠎ᠤ ᠪᠠᠭ᠍ᠰᠢ ᠰᠣᠷᠣᠭ᠍ᠴᠢ ᠰᠤᠷᠭᠠᠭᠤᠯᠢ᠎ᠳᠤ ᠪᠤᠴᠠᠬᠤ᠎ᠪᠠᠨ ᠲᠦᠷ ᠬᠣᠢᠱᠢᠯᠠᠭᠤᠯᠤᠨ᠎ᠠ︔ᠬᠢᠯᠢ᠎ᠶᠢᠨ ᠭᠠᠳᠠᠨᠠᠬᠢ ᠪᠠᠭ᠍ᠰᠢ ᠰᠤᠷᠤᠭ᠍ᠴᠢᠳ ᠭᠠᠳᠠᠭᠠᠳᠤ ᠶᠠᠪᠤᠳᠠᠯ᠎ᠤᠨ ᠰᠠᠯᠠᠭ᠎ᠠ ᠮᠥᠴᠢᠷ ᠪᠣᠯᠤᠨ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠎ᠦᠨ ᠬᠣᠯᠪᠣᠭ᠍ᠳᠠᠯ ᠪᠥᠬᠥᠶ ᠲᠣᠭ᠍ᠲᠠᠭᠠᠯ᠎ᠢ ᠴᠢᠩᠭ᠎ᠠ ᠵᠢᠷᠤᠮᠯᠠᠨ᠂ ᠬᠢᠯᠢ᠎ᠳᠦ ᠣᠷᠣᠵᠤ ᠢᠷᠡᠬᠦ ᠵᠢ ᠵᠥᠪᠱᠢᠶᠡᠷᠡᠭᠦᠯᠦᠭᠰᠡᠨ ᠎ᠤ ᠳᠠᠷᠠᠭ᠎ᠠ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠠᠮᠢᠶᠠᠷᠤᠯᠲᠠ᠎ᠶᠢᠨ ᠲᠣᠭ᠍ᠲᠠᠭᠠᠯ ᠶᠣᠰᠣᠭᠠᠷ 《14 + 7》 ᠲᠤᠰᠠᠭᠠᠷᠯᠠᠨ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠤᠭ᠍ᠰᠠᠨ᠎ᠤ ᠳᠠᠷᠠᠭ᠎ᠠ ᠰᠠᠶᠢ ᠰᠤᠷᠭᠠᠭᠤᠯᠢ᠎ᠳᠠᠭᠠᠨ ᠪᠤᠴᠠᠵᠤ ᠪᠣᠯᠤᠨ᠎ᠠ︔ ᠲᠤᠰᠠᠭᠠᠷᠯᠠᠬᠤ ᠬᠤᠭᠤᠴᠠᠭ᠎ᠠ ᠪᠤᠶᠤ ᠡᠷᠡᠭᠦᠯ ᠮᠡᠨᠳᠦ᠍᠎ᠶᠢ ᠬᠢᠨᠠᠨ ᠬᠡᠮᠵᠢᠬᠦ ᠬᠤᠭᠤᠴᠠᠭᠠᠨ᠎ᠳᠤ ᠪᠠᠢᠭ᠎ᠠ ᠨᠢᠭ᠍ᠲᠠ ᠦᠢᠷᠠᠳᠤᠭᠴᠢ᠂ ᠳᠠᠮ ᠦᠢᠷᠠᠳᠤᠭᠴᠢ ᠰᠤᠷᠭᠠᠭᠤᠯᠢ᠎ᠳ᠋ᠠᠭᠠᠨ ᠪᠤᠴᠠᠬᠤ᠎ᠶᠢ ᠲᠦᠷ ᠬᠣᠢᠱᠢᠯᠠᠭᠤᠯᠤᠨ᠎ᠠ᠃

· ᠭᠤᠤᠯᠳᠠᠯᠭ᠎ᠠ᠎ᠲᠠᠶ ᠬᠥᠮᠦᠰ᠎ᠢ ᠬᠠᠮᠢᠶᠠᠷᠤᠨ ᠡᠵᠡᠮᠳᠡᠬᠦ᠌᠎ᠶᠢ ᠴᠢᠩᠳᠠᠯᠠᠨ᠎ᠠ᠃ ᠡᠯ᠎ᠡ ᠰᠤᠷᠭᠠᠭᠤᠯᠢ᠎ᠨᠢ ᠰᠤᠷᠭᠠᠭᠤᠯᠢ᠎ᠶᠢᠨ ᠳᠥᠷᠪᠡᠨ ᠲᠥᠷᠥᠯ᠎ᠦᠨ ᠭᠤᠤᠯᠳᠠᠯᠭ᠎ᠠ᠎ᠲᠠᠶ ᠬᠥᠮᠦᠰ(《ᠳᠥᠷᠪᠡᠨ ᠲᠥᠷᠥᠯ᠎ᠦᠨ ᠭᠤᠤᠯᠳᠠᠯᠭ᠎ᠠ᠎ᠲᠠᠶ ᠬᠥᠮᠦᠰ》ᠨᠢ ᠠᠮᠤᠷ᠎ᠢ ᠬᠠᠮᠠᠭᠠᠯᠠᠬᠤ᠂ ᠡᠷᠡᠭᠦᠯ ᠬᠠᠮᠠᠭᠠᠯᠠᠯ ᠡᠷᠡᠭᠦᠯᠵᠢᠯ᠎ᠦᠨ ᠪᠠᠭ᠍ᠰᠢ ᠂ ᠠᠷᠢᠭᠤᠨ ᠴᠡᠪᠡᠷ᠂ ᠬᠣᠭᠣᠯᠠᠨ ᠬᠡᠷ ᠵᠡᠷᠭᠡ ᠠᠷᠤ ᠲᠠᠯ᠎ᠠ᠎ᠶᠢᠨ ᠦᠶ᠋ᠯᠡᠴᠢᠯᠡᠭᠡᠨ᠎ᠦ ᠠᠵᠢᠯᠲᠠᠨ᠎ᠢ ᠵᠢᠭᠠᠵᠤ ᠪᠣᠶ ) ᠎ᠤᠨ ᠡᠷᠡᠭᠦᠯ ᠮᠡᠨᠳᠦ᠍᠎ᠶᠢᠨ ᠪᠠᠢᠳᠠᠯ ᠵᠢᠴᠢ ᠪᠥᠭᠡᠮ ᠬᠦᠴᠢᠯ᠎ᠦᠨ ᠪᠠᠢᠴᠠᠭᠠᠯᠲᠠ ᠵᠢᠨ ᠪᠠᠢᠳᠠᠯ᠎ᠢ ᠪᠥᠬᠥ᠌ ᠲᠠᠯ᠎ᠠ᠎ᠪᠠᠷ ᠡᠵᠡᠮᠱᠢᠵᠦ᠍᠂《ᠨᠢᠭᠡ ᠬᠥᠮᠦᠨ᠎ᠳᠦ ᠨᠢᠭᠡ ᠲᠦᠰᠦᠪ》᠎ᠤᠨ ᠬᠠᠮᠢᠶᠠᠷᠤᠯᠲᠠ᠎ᠶᠢᠨ ᠠᠷᠭ᠎ᠠ ᠬᠡᠮᠵᠢᠶ᠎ᠡ᠎ᠶᠢ ᠬᠡᠷᠡᠭ᠌ᠵᠢᠭᠦᠯᠦᠨ᠂ ᠤᠷᠢᠨ ᠬᠡᠷᠡᠭ᠌ᠯᠡᠭ᠌ᠰᠡᠨ ᠠᠳᠠᠯ ᠠᠬᠤᠶ᠂ ᠠᠷᠢᠭᠤᠨ ᠴᠡᠪᠡᠷ᠂ ᠢᠳᠡᠭᠡᠨ ᠤᠮᠳᠠᠭᠠᠨ ᠵᠡᠷᠭᠡ ᠦᠶ᠋ᠯᠡᠴᠢᠯᠡᠭᠡᠨ᠎ᠦ ᠠᠵᠢᠯᠲᠠᠨ᠎ᠢ ᠬᠥᠳᠡᠯᠦᠩᠭᠦᠶ᠎ᠪᠡᠷ ᠬᠢᠨᠠᠨ ᠱᠢᠨᠵᠢᠵᠦ᠍᠂ ᠰᠤᠷᠭᠠᠭᠤᠯᠢ ᠡᠬᠢᠯᠡᠭᠡᠳ ᠰᠤᠷᠭᠠᠭᠤᠯᠢ᠎ᠳ᠋ᠠᠭᠠᠨ ᠪᠤᠴᠠᠭ᠍ᠰᠠᠨ᠎ᠤ ᠳᠠᠷᠠᠭ᠎ᠠ ᠬᠠᠮᠢᠶ᠎ᠠ ᠪᠥᠬᠥᠶ ᠱᠠᠭᠠᠷᠳᠠᠯᠭ᠎ᠠ ᠶᠣᠰᠣᠭᠠᠷ ᠪᠥᠬᠥ᠌ ᠪᠠᠭ᠍ᠰᠢ ᠰᠤᠷᠤᠭ᠍ᠴᠢᠳ᠎ᠲᠤ ᠪᠥᠭᠡᠮ ᠬᠦᠴᠢᠯ᠎ᠦᠨ ᠰᠤᠭᠤᠴᠢᠨ ᠪᠠᠢᠴᠠᠭᠠᠯᠲᠠ ᠬᠢᠵᠦ᠍᠂ ᠬᠠᠮᠢᠶᠠᠷᠤᠯᠲᠠ᠎ᠶᠢᠨ ᠭᠡᠮ ᠰᠤᠭᠤᠭ ᠭᠠᠷᠬᠤ᠎ᠶᠢ ᠴᠢᠩᠭ᠎ᠠ ᠰᠡᠷᠭᠡᠢᠯᠡᠨ᠎ᠡ᠃

·ᠭᠤᠤᠯᠳᠠᠯᠭ᠎ᠠ ᠎ᠲᠠᠶ ᠲᠠᠯᠠᠪᠤᠷ ᠭᠠᠵᠠᠷ ᠎ᠤᠨ ᠬᠠᠮᠢᠶᠠᠷᠤᠯᠲᠠ᠎ᠶᠢ ᠴᠢᠩᠭᠠᠳᠭᠠᠨ᠎ᠠ᠃ ᠡᠯ᠎ᠡ ᠰᠤᠷᠭᠠᠭᠤᠯᠢ᠎ᠨᠤᠭᠤᠳ ᠬᠢᠵᠢᠭ᠎ᠢ ᠰᠡᠷᠭᠡᠢᠯᠡᠬᠦ᠌ ᠡᠳ᠋ ᠪᠣᠳᠠᠰ᠎ᠢ 1 ᠰᠠᠷ᠎ᠠ᠎ᠠᠴᠠ ᠳᠡᠭᠡᠭᠰᠢ ᠬᠡᠷᠡᠭᠯᠡᠵᠤ ᠲᠡᠢᠯᠬᠦ ᠬᠡᠮᠵᠢᠶ᠎ᠠ ᠵᠢ ᠤᠷᠢᠳᠴᠢᠯᠠᠨ ᠨᠥᠭᠡᠴᠡᠯᠡᠵᠦ᠍᠂ ᠬᠢᠴᠢᠶᠡᠯ᠎ᠦᠨ ᠬᠡᠷ᠂ ᠬᠣᠭᠣᠯᠠᠨ ᠬᠡᠷ᠂ ᠪᠠᠢᠷᠢ ᠂ ᠨᠣᠮ᠎ᠤᠨ ᠰᠠᠩ᠂ ᠲᠤᠷᠱᠢᠯᠲᠠ᠎ᠶᠢᠨ ᠲᠠᠰᠤᠭ᠂ ᠠᠷᠢᠭᠤᠨ ᠴᠡᠪᠡᠷ᠎ᠦᠨ ᠲᠠᠰᠤᠭ᠂ ᠴᠠᠬᠢᠯᠭᠠᠨ ᠱᠠᠲᠤ ᠵᠡᠷᠭᠡ ᠭᠤᠤᠯᠳᠠᠯᠭ᠎ᠠ᠎ᠲᠠᠶ ᠲᠠᠯᠠᠪᠤᠷ ᠭᠠᠵᠠᠷ᠎ᠢ ᠠᠷᠢᠭᠤᠳᠭᠠᠬᠤ ᠪᠠ ᠰᠠᠯᠬᠢ ᠨᠡᠪᠲᠡᠷᠡᠭᠦᠯᠬᠦ᠌᠎ᠶᠢ ᠴᠢᠩᠭᠠᠳᠭᠠᠨ᠎ᠠ᠃ ᠡᠭᠦᠨ᠎ᠦ ᠬᠠᠮᠲᠤ᠂ ᠪᠢᠳᠡ ᠪᠠᠰᠠ ᠬᠢᠵᠢᠭ᠎ᠦᠨ ᠭᠡᠨᠡᠳᠲᠡ᠎ᠶᠢᠨ ᠪᠠᠢᠳᠠᠯ᠎ᠢ ᠰᠠᠢᠲᠤᠷ ᠱᠢᠢᠳᠪᠦᠷᠢᠯᠡᠵᠦ᠍᠂ ᠲᠤᠰᠠᠭᠠᠷᠯᠠᠬᠤ ᠲᠠᠯᠠᠪᠤᠷ᠎ᠤᠨ ᠨᠥᠭᠡᠴᠡ᠎ᠶᠢ ᠰᠠᠢᠲᠤᠷ ᠬᠢᠵᠦ᠍᠂ ᠰᠤᠷᠭᠠᠭᠤᠯᠢ᠎ᠶᠢᠨ ᠤᠯᠠᠨ ᠲᠠᠯᠠᠪᠤᠷ ᠎ᠤᠨ ᠪᠠᠴᠢᠮ ᠪᠠᠢᠳᠠᠯ᠎ᠢ ᠠᠷᠭᠠᠴᠠᠭᠠᠬᠤ ᠰᠣᠷᠢᠯᠲᠠ᠎ᠶᠢ ᠥᠷᠨᠢᠭᠦᠯᠬᠦ᠌ ᠬᠡᠷᠡᠭ᠌ᠲᠡᠢ᠃

·ᠱᠢᠮᠳᠠᠭᠤᠯᠤᠨ ᠪᠠᠢᠴᠠᠭᠠᠬᠤ ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠬᠤ ᠬᠡᠷᠡᠭ᠌ᠲᠡᠶ᠃ ᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ ᠬᠣᠲᠠ᠎ᠶᠢᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ ᠲᠥᠪ᠎ᠲᠡᠶ ᠬᠠᠮᠲᠤᠷᠠᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠱᠠᠯᠠᠪᠳᠠᠭᠤᠯᠤᠨ ᠵᠢᠯᠣᠭᠣᠳᠭᠤ ᠳᠤᠭᠤᠢᠯᠠᠩ ᠪᠠᠢᠭᠤᠯᠤᠨ᠎ᠠ᠂ ᠰᠤᠷᠭᠠᠭᠤᠯᠢ᠎ᠳᠠᠭᠠᠨ ᠪᠤᠴᠠᠬᠤ᠎ᠠᠴᠠ ᠡᠮᠦᠨ᠎ᠡ ᠪᠠ ᠰᠤᠷᠭᠠᠭᠤᠯᠢ᠎ᠳᠠᠭᠠᠨ ᠪᠤᠴᠠᠭ᠍ᠰᠠᠨ᠎ᠤ ᠳᠠᠷᠠᠭ᠎ᠠ᠂ ᠡᠯ᠎ᠡ ᠰᠤᠷᠭᠠᠭᠤᠯᠢ᠎ᠶᠢᠨ ᠬᠢᠵᠢᠭ᠎ᠢ ᠰᠡᠷᠭᠡᠢᠯᠡᠨ ᠡᠵᠡᠮᠳᠡᠬᠦ᠂ ᠰᠤᠷᠭᠠᠭᠤᠯᠢ᠎ᠳᠠᠭᠠᠨ ᠪᠤᠴᠠᠬᠤ ᠪᠡᠯᠡᠳᠭᠡᠯ᠂ ᠰᠤᠷᠭᠠᠭᠤᠯᠢ᠎ᠶᠢᠨ ᠬᠦᠷᠢᠶᠡᠨ᠎ᠦ ᠠᠮᠤᠷ ᠲᠦᠪᠱᠢᠨ᠂ ᠪᠠᠴᠢᠮ ᠪᠠᠢᠳᠠᠯ᠎ᠢ ᠠᠷᠭᠠᠴᠠᠭᠠᠬᠤ ᠪᠣᠯᠪᠠᠰᠤᠷᠠᠯ᠂ ᠡᠳ᠋ ᠪᠣᠳᠠᠰ᠎ᠤᠨ ᠪᠠᠲᠤᠯᠠᠭ᠎ᠠ ᠵᠡᠷᠭᠡ ᠠᠵᠢᠯ᠎ᠳᠤ ᠵᠦᠢᠯ ᠳᠠᠷᠠᠭᠠᠯᠠᠨ ᠪᠠᠢᠴᠠᠭᠠᠯᠲᠠ ᠬᠢᠨ᠎ᠡ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶᠢ ᠴᠢᠩᠭ᠎ᠠ ᠨᠠᠢᠳᠠᠪᠤᠷᠢᠵᠢᠭᠤᠯᠵᠤ᠂ ᠪᠠᠴᠢᠮ ᠪᠠᠢᠳᠠᠯ᠎ᠢ ᠠᠷᠭᠠᠴᠠᠭᠠᠬᠤ ᠲᠥᠰᠦᠯ᠂ ᠬᠠᠷᠢᠭᠤᠴᠠᠯᠭ᠎ᠠ ᠲᠣᠳᠣᠷᠬᠠᠶ᠂ ᠠᠵᠢᠯᠳᠠᠨ᠎ᠤ ᠵᠣᠬᠢᠶᠠᠨ ᠪᠠᠢᠭᠤᠯᠤᠯᠲᠠ᠂ ᠲᠥᠬᠥᠭᠡᠷᠦᠮᠵᠢ ᠲᠡᠭᠦᠯᠳᠡᠷ᠂ ᠡᠳ᠋ ᠪᠣᠳᠠᠰ᠎ᠤᠨ ᠨᠥᠭᠡᠴᠡ᠂ ᠳᠦᠷᠢᠮ᠎ᠦᠨ ᠨᠠᠢᠳᠠᠪᠤᠷᠢᠵᠢᠭᠤᠯᠤᠯᠲᠠ᠂ ᠲᠦᠭ᠌ᠰᠢᠭᠦᠷᠢ᠎ᠶᠢ ᠵᠢᠭ᠍ᠰᠠᠭᠠᠨ ᠪᠠᠢᠴᠠᠭᠠᠬᠤ ᠪᠠ ᠪᠠᠢᠴᠠᠭᠠᠨ ᠱᠠᠯᠠᠪᠳᠠᠭᠤᠯᠬᠤ《ᠶᠢᠰᠦ᠎ᠶᠢ ᠪᠣᠳᠠᠲᠠᠢᠵᠢᠭᠤᠯᠬᠤ》 ᠶᠢ ᠱᠢᠮᠳᠠᠭᠤᠯᠤᠨ᠎ᠠ᠂ ᠨᠢᠭᠡ ᠰᠤᠷᠭᠠᠭᠤᠯᠢ᠎ᠶᠢ ᠴᠤ᠌ ᠣᠷᠬᠢᠭ᠍ᠳᠠᠭᠤᠯᠬᠤ ᠦᠭᠡᠢ᠂ ᠨᠢᠭᠡ ᠵᠦᠢᠯ ᠎ᠢ ᠴᠦ᠍ ᠣᠷᠬᠢᠭ᠍ᠳᠠᠭᠤᠯᠬᠤ ᠦᠭᠡᠢ᠂ ᠣᠯᠵᠤ ᠮᠡᠳᠡᠭ᠌ᠰᠡᠨ ᠠᠰᠠᠭᠤᠳᠠᠯ᠎ᠳᠤ ᠪᠠᠷᠢᠨ ᠬᠡᠷᠡᠭ᠌ᠵᠢᠭᠦᠯᠵᠦ᠍ ᠪᠠᠷᠢᠨ ᠰᠠᠢᠵᠢᠷᠠᠭᠤᠯᠬᠤ ᠬᠡᠷᠡᠭ᠌ᠲᠡᠶ᠂ ᠰᠡᠷᠭᠡᠢᠯᠡᠨ ᠡᠵᠡᠮᠳᠡᠬᠦ᠌ ᠱᠠᠭᠠᠷᠳᠠᠯᠭ᠎ᠠ᠎ᠳᠤ ᠨᠡᠢᠴᠡᠬᠦ᠌ ᠦᠭᠡᠶ ᠰᠤᠷᠭᠠᠭᠤᠯᠢ ᠪᠦᠬᠦᠨ᠂ ᠰᠤᠷᠭᠠᠭᠤᠯᠢ᠎ᠳᠠᠭᠠᠨ ᠪᠤᠴᠠᠬᠤ᠎ᠶᠢ ᠶᠠᠭᠠᠬᠢᠭ᠍ᠰᠠᠨ ᠴᠤ᠌ ᠵᠣᠬᠢᠶᠠᠨ ᠪᠠᠢᠭᠤᠯᠵᠤ ᠪᠣᠯᠬᠤ ᠥᠬᠡᠶ᠂ ᠪᠦᠬᠦ᠌ ᠬᠣᠲᠠ᠎ᠶᠢᠨ ᠰᠤᠷᠭᠠᠨ ᠬᠥᠮᠦᠵᠢᠯ᠎ᠦᠨ ᠱᠢᠰᠲ᠋ᠧᠮ᠎ᠦᠨ ᠠᠮᠤᠷ ᠲᠦᠪᠱᠢᠨ ᠲᠣᠭ᠍ᠲᠠᠭᠤᠨ ᠪᠠᠢᠬᠤ᠂ ᠥᠷᠭᠡᠨ ᠣᠯᠠᠨ ᠪᠠᠭ᠍ᠰᠢ ᠰᠤᠷᠤᠭ᠍ᠴᠢᠳ᠎ᠤᠨ ᠪᠡᠶ᠎ᠡ ᠰᠡᠳᠭᠢᠯ᠎ᠦᠨ ᠡᠷᠡᠭᠦᠯ ᠮᠡᠨᠳᠦ ᠵᠢ ᠦᠨᠡᠨ ᠬᠦ᠌ ᠪᠠᠲᠤᠯᠠᠨ᠎ᠠ᠃

ᠡᠭᠦᠨ᠎ᠡᠴᠡ ᠭᠠᠳᠠᠨ᠎ᠠ᠂ ᠰᠤᠷᠭᠠᠭᠤᠯᠢ᠎ᠶᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠱᠢᠨᠵᠢᠯᠡᠬᠦ᠌ ᠤᠬᠠᠭᠠᠨᠴᠢ᠎ᠪᠠᠷ ᠨᠠᠷᠢᠯᠢᠭ ᠣᠨᠣᠪᠴᠢᠲᠠᠶ ᠰᠠᠢᠲᠤᠷ ᠬᠢᠬᠦ᠌᠎ᠶᠢᠨ ᠲᠥᠯᠥᠭᠡ᠂ ᠬᠥᠬᠡᠬᠣᠲᠠ᠎ᠶᠢᠨ᠎ᠬᠢᠨ 2 ᠰᠠᠷ᠎ᠠ᠎ᠶᠢᠨ ᠡᠬᠢ᠎ᠪᠡᠷ ᠪᠥᠬᠥ᠌ ᠬᠣᠲᠠ᠎ᠶᠢᠨ ᠡᠯ᠎ᠡ ᠰᠤᠷᠭᠠᠭᠤᠯᠢ᠎ᠶᠢ ᠬᠣᠲᠠ᠎ᠶᠢᠨ ᠵᠠᠰᠠᠭ᠎ᠤᠨ ᠣᠷᠳᠣᠨ᠎ᠤ 《ᠬᠦᠬᠡᠬᠤᠳᠠ ᠵᠢ ᠬᠠᠢᠷᠠᠯᠠᠬᠤ》ᠣᠯᠠᠨ ᠨᠡᠢᠲᠡ᠎ᠶᠢᠨ ᠮᠡᠳᠡᠭᠡ ᠵᠠᠩᠭᠢ᠎ᠶᠢᠨ ᠦᠶ᠋ᠯᠡᠴᠢᠯᠡᠭᠡᠨ᠎ᠦ ᠲᠠᠪᠴᠠᠩ᠎ᠢᠶᠠᠷ ᠳᠠᠮᠵᠢᠨ᠂ ᠥᠷᠭᠡᠨ ᠣᠯᠠᠨ ᠪᠠᠭ᠍ᠰᠢ ᠰᠤᠷᠤᠭ᠍ᠴᠢᠳ᠎ᠤᠨ ᠠᠶᠠᠯᠠᠯ᠎ᠤᠨ ᠮᠡᠳᠡᠭᠡ ᠵᠠᠩᠭᠢ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠦ᠍᠎ᠶᠢᠨ ᠪᠠᠢᠳᠠᠯ᠎ᠢ ᠴᠠᠭ ᠲᠤᠬᠠᠶ᠎ᠳᠤᠨᠢ ᠤᠢᠯᠠᠭᠠᠨ ᠪᠦᠷᠢᠳᠭᠡᠵᠦ᠍᠂ ᠪᠠᠭ᠍ᠰᠢ ᠪᠣᠯᠤᠨ ᠰᠤᠷᠤᠭ᠍ᠴᠢᠳ ᠡᠳᠦᠷ ᠪᠦᠷᠢ ᠥᠪᠡᠷ᠎ᠵᠢᠡᠨ ᠲᠠᠭ᠍ᠯᠠᠨ ᠮᠡᠳᠡᠭᠦᠯᠵᠦ᠍᠂ ᠪᠠᠭ᠍ᠰᠢ ᠰᠤᠷᠤᠭ᠍ᠴᠢᠳ᠎ᠤᠨ ᠮᠡᠳᠡᠭᠡ ᠵᠠᠩᠭᠢ᠎ᠶᠢ ᠴᠠᠭ ᠲᠤᠬᠠᠶ᠎ᠳᠤᠨᠢ ᠣᠨᠣᠪᠴᠢᠲᠠᠶ ᠡᠵᠡᠮᠱᠢᠬᠦ᠌᠎ᠳᠦ ᠪᠠᠲᠤ ᠪᠠᠬᠢ ᠰᠠᠭᠤᠷᠢ᠎ᠶᠢ ᠲᠠᠯᠪᠢᠵᠤ᠂ ᠪᠠᠰᠠ ᠰᠦᠯᠵᠢᠶᠡᠨ ᠭᠠᠳᠠᠨ᠎ᠠ ᠰᠤᠷᠭᠠᠭᠤᠯᠢ ᠡᠬᠢᠯᠡᠵᠦ᠍ ᠰᠤᠷᠭᠠᠭᠤᠯᠢ᠎ᠳᠠᠭᠠᠨ ᠪᠤᠴᠠᠬᠤ᠎ᠳᠤ ᠨᠠᠭᠠᠳᠤ ᠵᠠᠬ᠎ᠠ᠎ᠳᠠᠭᠠᠨ 14 ᠡᠳᠦᠷ᠎ᠦᠨ ᠬᠤᠪᠢ ᠬᠥᠮᠦᠨ᠎ᠦ ᠡᠷᠡᠭᠦᠯ ᠮᠡᠨᠳᠦ᠍᠎ᠶᠢᠨ ᠮᠡᠳᠡᠭᠡ ᠵᠠᠩᠭᠢ ᠪᠠ ᠰᠤᠷᠭᠠᠭᠤᠯᠢ᠎ᠳᠠᠭᠠᠨ ᠪᠤᠴᠠᠬᠤ ᠦᠨᠳᠦᠰᠦᠯᠡᠯ ᠬᠠᠩᠭᠠᠵᠤ᠂ ᠪᠥᠬᠥ᠌ ᠬᠣᠲᠠ᠎ᠶᠢᠨ ᠪᠠᠭ᠍ᠰᠢ ᠰᠤᠷᠤᠭ᠍ᠴᠢᠳ ᠰᠤᠷᠭᠠᠭᠤᠯᠢ᠎ᠳᠠᠭᠠᠨ ᠪᠤᠴᠠᠬᠤ ᠪᠤᠯᠳᠠᠯ᠎ᠠ ᠨᠠᠷᠢᠨ ᠬᠢᠨᠠᠮᠠᠭᠠᠶ ᠲᠠᠭ᠍ᠯᠠᠨ ᠮᠡᠳᠡᠭᠦᠯᠬᠦ᠌᠎ᠶᠢ ᠪᠠᠷᠢᠮᠲᠠᠯᠠᠬᠤ ᠎ᠶᠢ ᠬᠦᠰᠡᠵᠦ᠍ ᠪᠠᠢᠨ᠎ᠠ᠃

ᠢᠷᠡᠯᠳᠡ᠄ ᠬᠦᠬᠡᠬᠤᠳᠠ ᠵᠢᠨ ᠦᠷᠯᠦᠭᠡ ᠵᠢᠨ ᠰᠤᠨᠢᠨ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面