2022-03-23 10:29:22
ᠣᠳᠣᠬᠠᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮ ᠡᠮᠨᠡᠯᠭᠡ ᠵᠢᠨ ᠪᠠᠲᠤᠯᠠᠭ᠎ᠠ᠎ᠶᠢᠨ ᠠᠵᠢᠯ᠎ᠢ ᠦᠨᠡᠨ ᠬᠦ᠌ ᠰᠠᠢᠲᠤᠷ ᠬᠢᠬᠦ᠌ ᠲᠤᠬᠠᠶ ᠤᠯᠤᠰ᠎ᠤᠨ ᠡᠮ ᠡᠮᠨᠡᠯᠭᠡ ᠵᠢᠨ ᠪᠠᠲᠤᠯᠠᠭ᠎ᠠ᠎ᠶᠢᠨ ᠲᠣᠪᠴᠢᠶ᠎ᠠ᠎ᠶᠢᠨ ᠠᠯᠪᠠᠨ ᠬᠡᠷ᠎ᠦᠨ ᠮᠡᠳᠡᠭ᠌ᠳᠡᠯ ᠡᠮ ᠡᠮᠨᠡᠯᠭᠡ᠎ᠶᠢᠨ ᠳᠠᠭᠠᠳᠭᠠᠯ᠎ᠤᠨ ᠠᠯᠪᠠᠨ ᠬᠡᠷ᠎ᠦᠨ ᠲᠠᠷᠬᠠᠭᠠᠭ᠍ᠰᠠᠨ [2022]3 ᠳ᠋ᠤᠭᠠᠷ ᠲᠣᠭᠠᠲᠤ᠌
ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ ᠵᠢᠴᠢ ᠱᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲ᠋ᠤᠸᠠᠨ᠎ᠤ ᠡᠮ ᠡᠮᠨᠡᠯᠭᠡ᠎ᠶᠢᠨ ᠪᠠᠲᠤᠯᠠᠭ᠎ᠠ᠎ᠶᠢᠨ ᠲᠣᠪᠴᠢᠶ᠎ᠠ᠄
ᠣᠳᠣᠬᠠᠨ᠎ᠳᠤ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠢᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠵᠠᠩᠭᠢᠯᠠᠭ᠎ᠠ᠎ᠶᠢᠨ ᠱᠠᠲᠤᠨ᠎ᠳᠤ ᠣᠷᠣᠱᠢᠵᠤ ᠪᠠᠢᠨ᠎ᠠ᠂ 3 ᠰᠠᠷ᠎ᠠ᠎ᠶᠢᠨ 17 ᠤ ᠡᠳᠦᠷ ᠶᠡᠷᠦᠩᠬᠡᠶ ᠱᠦᠵᠢ ᠰᠢ ᠵᠢᠨ ᠫᠢᠩ ᠲᠥᠪ᠎ᠦᠨ ᠤᠯᠤᠰ ᠲᠥᠷᠥ᠎ᠶᠢᠨ ᠲᠣᠪᠴᠢᠶᠠᠨ᠎ᠤ ᠪᠠᠢᠩᠭᠤ᠎ᠶᠢᠨ ᠬᠣᠷᠢᠶᠠᠨ᠎ᠤ ᠬᠤᠷᠠᠯ᠎ᠢ ᠪᠡᠶ᠎ᠡ᠎ᠪᠡᠷ᠎ᠢᠶᠡᠨ ᠡᠷᠭᠢᠯᠡᠨ ᠬᠤᠷᠠᠯᠳᠤᠭᠤᠯᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠴᠢᠩᠭ᠎ᠠ ᠰᠠᠢᠲᠤᠷ ᠠᠳᠭᠤᠬᠤ ᠲᠤᠬᠠᠶ ᠰᠤᠳᠤᠯᠤᠨ ᠪᠠᠢᠷᠢᠯᠠᠭᠤᠯᠵᠤ᠂ ᠱᠢᠨᠵᠢᠯᠡᠬᠦ᠌ ᠤᠬᠠᠭᠠᠨᠴᠢ᠎ᠪᠠᠷ ᠲᠤᠢᠯ᠎ᠤᠨ ᠣᠨᠣᠪᠴᠢᠲᠠᠶ᠎ᠪᠠᠷ ᠰᠡᠷᠭᠡᠢᠯᠡᠨ ᠡᠵᠡᠮᠳᠡᠬᠦ᠌ ᠲᠦᠪᠱᠢᠨ᠎ᠢ ᠳᠡᠭᠡᠭ᠌ᠰᠢᠯᠡᠭᠦᠯᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶᠢ ᠲᠠᠰᠤᠷᠠᠯᠲᠠ ᠥᠬᠡᠶ ᠱᠢᠯᠢᠳᠡᠭ᠌ᠵᠢᠭᠦᠯᠬᠦ᠌ ᠬᠡᠷᠡᠭ᠌ᠲᠡᠶ ᠭᠡᠵᠦ᠍ ᠱᠠᠭᠠᠷᠳᠠᠪᠠ᠃ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠶᠢ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠣᠳᠣᠬᠠᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠡᠷᠡᠭ᠌ᠴᠡᠭᠡ᠎ᠳᠦ ᠦᠶ᠋ᠯᠡᠴᠢᠯᠡᠨ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮ ᠡᠮᠨᠡᠯᠭᠡ ᠵᠢᠨ ᠪᠠᠲᠤᠯᠠᠭ᠎ᠠ᠎ᠶᠢᠨ ᠠᠵᠢᠯ᠎ᠢ ᠤᠯᠠᠮ ᠨᠢᠭᠡ ᠠᠯᠬᠤᠮ ᠴᠢᠩᠭᠠᠳᠭᠠᠬᠤ᠎ᠶᠢᠨ ᠲᠤᠰᠠᠳᠠ᠂ ᠡᠳᠦᠭᠡ ᠬᠣᠯᠪᠣᠭ᠍ᠳᠠᠯ ᠪᠥᠬᠥᠶ ᠵᠦᠶ᠋ᠯᠡᠰ᠎ᠢ ᠳᠤᠤᠷᠠᠬᠢ ᠮᠡᠲᠦ ᠮᠡᠳᠡᠭ᠌ᠳᠡᠪᠡ᠃
ᠨᠢᠭᠡ᠂ ᠤᠯᠤᠰ ᠲᠦᠷᠦ᠍᠎ᠶᠢᠨ ᠵᠣᠭ᠍ᠰᠣᠴᠠ᠎ᠪᠠᠨ ᠦᠨᠡᠨ ᠬᠦ᠌ ᠳᠡᠭᠡᠭ᠌ᠰᠢᠯᠡᠭᠦᠯᠵᠦ᠍᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠨᠢᠭᠡᠳᠭᠡᠬᠦ᠌ ᠬᠡᠷᠡᠭ᠌ᠲᠡᠢ
ᠡᠯ᠎ᠡ ᠱᠠᠲᠤᠨ᠎ᠤ ᠡᠮ ᠡᠮᠨᠡᠯᠭᠡ ᠵᠢᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠳ ᠣᠳᠣᠬᠠᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮ ᠡᠮᠨᠡᠯᠭᠡ ᠵᠢᠨ ᠪᠠᠲᠤᠯᠠᠭ᠎ᠠ᠎ᠶᠢᠨ ᠠᠵᠢᠯ᠎ᠢ ᠰᠠᠢᠲᠤᠷ ᠬᠢᠬᠦ᠌᠎ᠶᠢᠨ ᠴᠢᠬᠤᠯᠠ ᠴᠢᠨᠠᠷ᠎ᠢ ᠭᠦᠶ᠋ᠴᠡᠳ ᠲᠠᠨᠢᠵᠤ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠵᠦ᠍᠂ ᠠᠷᠠᠳ ᠲᠦᠮᠡᠨ᠎ᠢ ᠳᠡᠭᠡᠳᠦᠯᠡᠬᠦ᠌᠂ ᠠᠮᠢ ᠨᠠᠰᠤ᠎ᠶᠢ ᠳᠡᠭᠡᠳᠦᠯᠡᠬᠦ᠌᠎ᠶᠢ ᠢᠮᠠᠭ᠍ᠲᠠ ᠪᠠᠷᠢᠮᠲᠠᠯᠠᠵᠤ᠂ ᠠᠵᠢᠯ᠎ᠤᠨ ᠬᠠᠷᠢᠭᠤᠴᠠᠯᠭ᠎ᠠ᠎ᠪᠠᠨ ᠪᠠᠷᠢᠮᠲᠠᠯᠠᠬᠤ᠂ ᠠᠵᠢᠯ᠎ᠤᠨ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠶᠢ ᠪᠡᠶᠡᠯᠡᠭᠦᠯᠬᠦ᠌ ᠬᠡᠷᠡᠭ᠌ᠲᠡᠶ᠃ ᠵᠣᠬᠢᠶᠠᠨ ᠪᠠᠢᠭᠤᠯᠵᠤ ᠤᠳᠤᠷᠢᠳᠭᠤ᠎ᠪᠠᠨ ᠴᠢᠩᠭᠠᠳᠭᠠᠵᠤ᠂ ᠲᠠᠢᠪᠤᠱᠢᠷᠠᠬᠤ ᠪᠤᠳᠤᠯ᠂ ᠬᠠᠯᠠᠱᠢᠷᠠᠬᠤ ᠰᠡᠳᠭᠢᠯᠭᠡ᠂ ᠭᠣᠷᠢᠳᠠᠬᠤ ᠪᠤᠳᠤᠯ᠂ ᠰᠤᠯᠠᠷᠠᠬᠤ ᠰᠡᠳᠭᠢᠯᠭᠡ᠎ᠶᠢ ᠲᠡᠪᠴᠢᠵᠦ᠍᠂ ᠰᠠᠨᠠᠭᠠᠴᠢᠯᠠᠭ᠎ᠠ᠎ᠠᠴᠠ᠎ᠪᠠᠨ ᠠᠵᠢᠯᠯᠠᠵᠤ᠂ ᠢᠳᠡᠪᠬᠢᠲᠡᠢ ᠬᠠᠮᠵᠢᠯᠴᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮ ᠡᠮᠨᠡᠯᠭᠡ ᠵᠢᠨ ᠪᠠᠲᠤᠯᠠᠭ᠎ᠠ᠎ᠶᠢᠨ ᠡᠯ᠎ᠡ ᠵᠦᠢᠯ᠎ᠦᠨ ᠠᠵᠢᠯ᠎ᠢ ᠪᠣᠳᠠᠲᠠᠢ ᠠᠳᠭᠤᠨ ᠨᠠᠷᠢᠯᠢᠭ ᠠᠳᠭᠤᠬᠤ ᠬᠡᠷᠡᠭ᠌ᠲᠡᠢ᠃
ᠬᠣᠶᠠᠷ᠂ ᠰᠡᠷᠭᠡᠢᠯᠡᠨ ᠡᠵᠡᠮᠳᠡᠬᠦ᠌ ᠪᠠᠢᠳᠠᠯ᠎ᠤᠨ ᠬᠤᠪᠢᠷᠠᠯᠲᠠ᠎ᠳᠤ ᠰᠠᠨᠠᠭᠠᠴᠢᠯᠠᠭ᠎ᠠ᠎ᠠᠴᠠ᠎ᠪᠠᠨ ᠵᠣᠬᠢᠴᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮ ᠡᠮᠨᠡᠯᠭᠡ ᠵᠢᠨ ᠪᠠᠲᠤᠯᠠᠭ᠎ᠠ᠎ᠶᠢᠨ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠴᠠᠭ ᠲᠤᠬᠠᠶ᠎ᠳᠤᠨᠢ ᠲᠣᠬᠢᠷᠠᠭᠤᠯᠤᠨ ᠱᠢᠯᠢᠳᠡᠭ᠌ᠵᠢᠭᠦᠯᠬᠦ᠌ ᠬᠡᠷᠡᠭ᠌ᠲᠡᠶ
ᠡᠯ᠎ᠡ ᠮᠤᠵᠢ᠎ᠶᠢᠨ ᠱᠠᠲᠤᠨ᠎ᠤ ᠡᠮ ᠡᠮᠨᠡᠯᠭᠡ ᠵᠢᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠳ《ᠱᠢᠨ᠎ᠡ ᠬᠡᠯᠪᠡᠷᠢ᠎ᠶᠢᠨ ᠲᠢᠲᠢᠮᠯᠢᠭ ᠸᠢᠷᠦ᠋ᠰ᠎ᠤᠨ ᠠᠭᠤᠰᠭᠢᠨ ᠦᠷᠪᠢᠰᠦᠯ᠎ᠢ ᠣᠨᠣᠱᠢᠯᠠᠨ ᠡᠮᠨᠡᠬᠦ᠌ ᠲᠥᠰᠦᠯ(ᠲᠤᠷᠱᠢᠨ ᠬᠡᠷᠡᠭ᠌ᠵᠢᠭᠦᠯᠬᠦ᠌ ᠶᠢᠰᠦᠳᠦᠭᠡᠷ ᠬᠡᠪᠯᠡᠯ)》(ᠳᠣᠷᠣᠭ᠍ᠰᠢ《ᠣᠨᠣᠱᠢᠯᠠᠨ ᠡᠮᠨᠡᠬᠦ᠌ ᠲᠥᠰᠦᠯ(ᠲᠤᠷᠱᠢᠨ ᠬᠡᠷᠡᠭ᠌ᠵᠢᠭᠦᠯᠬᠦ᠌ ᠶᠢᠰᠦᠳᠦᠭᠡᠷ ᠬᠡᠪᠯᠡᠯ)》ᠭᠡᠵᠦ᠍ ᠲᠣᠪᠴᠢᠯᠠᠨ᠎ᠠ)ᠪᠣᠯᠤᠨ 《ᠱᠢᠨ᠎ᠡ ᠬᠡᠯᠪᠡᠷᠢ᠎ᠶᠢᠨ ᠲᠢᠲᠢᠮᠯᠢᠭ ᠸᠢᠷᠦ᠋ᠰ᠎ᠦᠨ ᠠᠭᠤᠰᠭᠢᠨ ᠦᠷᠪᠢᠰᠦᠯ᠎ᠢ ᠰᠡᠷᠭᠡᠢᠯᠡᠨ ᠡᠵᠡᠮᠳᠡᠬᠦ᠌ ᠲᠥᠰᠦᠯ》᠎ᠢ ᠦᠨᠳᠦᠰᠦᠯᠡᠨ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠡᠷᠡᠭ᠌ᠴᠡᠭᠡ᠎ᠶᠢ ᠶᠡᠷᠦᠩᠬᠡᠢᠯᠡᠨ ᠪᠣᠳᠣᠯᠬᠢᠯᠠᠵᠤ᠂ ᠲᠣᠰ ᠭᠠᠵᠠᠷ ᠣᠷᠣᠨ᠎ᠤ ᠡᠮ ᠡᠮᠨᠡᠯᠭᠡ ᠵᠢᠨ ᠳᠠᠭᠠᠳᠭᠠᠯ᠎ᠤᠨ ᠰᠠᠭᠤᠷᠢ ᠮᠥᠩᠭᠥ᠎ᠶᠢᠨ ᠲᠣᠭᠠᠴᠠᠭ᠎ᠠ ᠬᠢᠬᠦ᠌ ᠴᠢᠳᠠᠪᠤᠷᠢ᠎ᠶᠢ ᠶᠡᠷᠦᠩᠬᠡᠢᠯᠡᠨ ᠪᠣᠳᠣᠯᠬᠢᠯᠠᠵᠤ᠂ ᠱᠢᠨᠵᠢᠯᠡᠬᠦ᠌ ᠤᠬᠠᠭᠠᠨᠴᠢ ᠪᠥᠭᠡᠳ ᠣᠨᠣᠪᠴᠢᠲᠠᠶ᠂ ᠢᠳᠡᠪᠬᠢᠲᠡᠶ ᠪᠥᠭᠡᠳ ᠯᠠᠪᠳᠠᠭᠤᠨ᠂ ᠲᠦᠭ᠌ᠰᠢᠭᠦᠷᠢ᠎ᠶᠢ ᠡᠵᠡᠮᠳᠡᠵᠦ᠍ ᠪᠣᠯᠬᠤ ᠵᠠᠷᠴᠢᠮ ᠶᠣᠰᠣᠭᠠᠷ᠂ ᠡᠮ ᠡᠮᠨᠡᠯᠭᠡ ᠵᠢᠨ ᠳᠠᠭᠠᠳᠭᠠᠯ᠎ᠤᠨ ᠬᠠᠮᠢᠶ᠎ᠠ ᠪᠥᠬᠥᠶ ᠲᠥᠷᠥ᠎ᠶᠢᠨ ᠪᠣᠳᠣᠯᠭ᠎ᠠ᠎ᠶᠢ ᠴᠠᠭ ᠲᠤᠬᠠᠶ᠎ᠳᠤᠨᠢ ᠳᠣᠭᠢᠷᠠᠭᠤᠯᠤᠨ ᠱᠢᠯᠢᠳᠡᠭ᠌ᠵᠢᠭᠦᠯᠬᠦ᠌ ᠬᠡᠷᠡᠭ᠌ᠲᠡᠶ᠃
ᠨᠢᠭᠡ᠎ᠳᠦ ᠱᠢᠨ᠎ᠡ ᠲᠢᠲᠢᠮᠯᠢᠭ ᠸᠢᠷᠦ᠋ᠰ᠎ᠦᠨ ᠥᠳᠥᠭᠡᠭ᠌ᠴᠢ᠎ᠶᠢ ᠱᠢᠯᠭᠠᠨ ᠪᠠᠢᠴᠠᠭᠠᠬᠤ ᠲᠤᠷᠱᠢᠯᠲᠠ᠎ᠶᠢᠨ ᠡᠮ ᠵᠢᠴᠢ ᠵᠣᠬᠢᠴᠠᠩᠭᠤᠶ ᠱᠢᠯᠭᠠᠨ ᠪᠠᠢᠴᠠᠭᠠᠬᠤ ᠲᠥᠷᠥᠯ ᠵᠦᠶ᠋ᠯ᠎ᠢ ᠲᠠᠰ ᠳᠠᠷᠠᠭᠠᠯᠠᠯ ᠶᠣᠰᠣᠭᠠᠷ ᠲᠦᠷ ᠴᠠᠭ᠎ᠤᠨ ᠴᠢᠨᠠᠷᠲᠠᠶ᠎ᠪᠠᠷ ᠲᠣᠰ ᠮᠤᠵᠢ᠎ᠶᠢᠨ ᠦᠨᠳᠦᠰᠦᠨ ᠡᠮ ᠡᠮᠨᠡᠯᠭᠡ ᠵᠢᠨ ᠳᠠᠭᠠᠳᠭᠠᠯ᠎ᠤᠨ ᠡᠮ ᠡᠮᠨᠡᠯᠭᠡ ᠵᠢᠨ ᠦᠶ᠋ᠯᠡᠴᠢᠯᠡᠭᠡ᠎ᠶᠢᠨ ᠲᠥᠷᠥᠯ ᠵᠦᠶ᠋ᠯ᠎ᠦᠨ ᠭᠠᠷᠴᠠᠭ᠎ᠲᠤ ᠣᠷᠣᠭᠤᠯᠤᠨ᠎ᠠ᠃ ᠳᠠᠭᠠᠳᠭᠠᠯ᠎ᠳᠤ ᠣᠷᠣᠯᠴᠠᠭ᠍ᠰᠠᠳ᠎ᠤᠨ ᠴᠡᠭ ᠲᠣᠭ᠍ᠲᠠᠭᠠᠭ᠍ᠰᠠᠨ ᠦᠨᠳᠦᠰᠦᠨ ᠱᠠᠲᠤᠨ᠎ᠤ ᠡᠮ ᠡᠮᠨᠡᠯᠭᠡ ᠵᠢᠨ ᠪᠠᠢᠭᠤᠯᠤᠮᠵᠢ᠎ᠳᠤ ᠡᠭᠦᠰᠦᠭ᠌ᠰᠡᠨ ᠬᠠᠮᠢᠶ᠎ᠠ ᠪᠦᠬᠦᠢ ᠵᠠᠷᠤᠳᠠᠯ᠎ᠢ ᠨᠢᠭᠡᠳᠦᠯᠲᠡᠶ ᠲᠥᠯᠥᠪᠯᠡᠬᠦ᠌ ᠭᠠᠵᠠᠷ ᠣᠷᠣᠨ᠎ᠤ ᠣᠳᠣ᠎ᠶᠢᠨ ᠬᠡᠷᠡᠭ᠌ᠵᠢᠭᠦᠯᠵᠦ᠍ ᠪᠠᠢᠭ᠎ᠠ ᠲᠣᠭ᠍ᠲᠠᠭᠠᠯ ᠶᠣᠰᠣᠭᠠᠷ ᠥᠭ᠌ᠴᠦ᠂ ᠴᠡᠭ ᠲᠣᠭ᠍ᠲᠠᠭᠠᠭ᠍ᠰᠠᠨ ᠵᠢᠵᠢᠭ᠌ᠯᠡᠨ ᠬᠤᠳᠠᠯᠳᠤᠬᠤ ᠡᠮ᠎ᠦᠨ ᠳᠡᠯᠭᠡᠭᠦᠷ᠎ᠡᠴᠡ ᠪᠠᠢᠴᠠᠭᠠᠨ ᠱᠢᠯᠭᠠᠬᠤ ᠲᠤᠷᠱᠢᠯᠲᠠ᠎ᠶᠢᠨ ᠡᠮ ᠬᠤᠳᠠᠯᠳᠤᠨ ᠠᠪᠤᠭ᠍ᠰᠠᠨ ᠵᠠᠷᠤᠳᠠᠯ᠎ᠢ ᠬᠤᠪᠢ ᠬᠥᠮᠦᠨ᠎ᠦ ᠳᠠᠩᠰᠠ᠎ᠶᠢ ᠬᠡᠷᠡᠭ᠌ᠯᠡᠨ ᠥᠭ᠌ᠴᠦ ᠪᠣᠯᠤᠨ᠎ᠠ᠃ ᠡᠯ᠎ᠡ ᠮᠤᠵᠢ᠎ᠶᠢᠨ ᠱᠠᠲᠤᠨ᠎ᠤ ᠡᠮ ᠡᠮᠨᠡᠯᠭᠡ ᠵᠢᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠳ《ᠣᠷᠣᠨ ᠨᠤᠲᠤᠭ᠎ᠤᠨ ᠲᠦᠷ ᠴᠠᠭ ᠱᠢᠨ᠎ᠡ᠎ᠪᠡᠷ ᠨᠡᠮᠡᠭ᠌ᠳᠡᠭᠦᠯᠬᠦ᠌ ᠱᠢᠨ᠎ᠡ ᠲᠢᠲᠢᠮᠯᠢᠭ ᠸᠢᠷᠦ᠋ᠰ᠎ᠦᠨ ᠥᠳᠥᠭᠡᠭ᠌ᠴᠢ᠎ᠶᠢ ᠱᠢᠯᠭᠠᠨ ᠪᠠᠢᠴᠠᠭᠠᠬᠤ ᠲᠥᠷᠥᠯ ᠵᠦᠶ᠋ᠯ ᠵᠢᠴᠢ ᠬᠣᠯᠪᠣᠭ᠍ᠳᠠᠯ ᠪᠥᠬᠥᠶ ᠵᠦᠶ᠋ᠯᠡᠰ᠎ᠦᠨ ᠲᠤᠬᠠᠶ ᠤᠯᠤᠰ᠎ᠤᠨ ᠡᠮ ᠡᠮᠨᠡᠯᠭᠡ ᠵᠢᠨ ᠪᠠᠲᠤᠯᠠᠭ᠎ᠠ᠎ᠶᠢᠨ ᠲᠣᠪᠴᠢᠶ᠎ᠠ᠎ᠶᠢᠨ ᠠᠯᠪᠠᠨ ᠬᠡᠷ᠎ᠦᠨ ᠰᠠᠨᠠᠯ᠎ᠤᠨ ᠵᠠᠬᠢᠳᠠᠯ》(ᠡᠮ ᠡᠮᠨᠡᠯᠭᠡ ᠵᠢᠨ ᠳᠠᠭᠠᠳᠭᠠᠯ᠎ᠤᠨ ᠠᠯᠪᠠᠨ ᠵᠠᠬᠢᠳᠠᠯ [2022]11 ᠳ᠋ᠤᠭᠠᠷ ᠲᠣᠭᠠᠲᠤ)᠎ᠢᠶᠠᠷ ᠯᠠᠪᠯᠠᠯᠲᠠ ᠪᠣᠯᠭᠠᠵᠤ᠂ ᠠᠯᠪᠠᠨ᠎ᠠᠴᠠ ᠪᠠᠢᠭᠤᠯᠤᠭ᠍ᠰᠠᠨ ᠡᠮ ᠡᠮᠨᠡᠯᠭᠡ ᠵᠢᠨ ᠪᠠᠢᠭᠤᠯᠤᠮᠵᠢ᠎ᠶᠢᠨ ᠱᠢᠨ᠎ᠡ ᠲᠢᠲᠢᠮᠯᠢᠭ ᠥᠳᠥᠭᠡᠭ᠌ᠴᠢ᠎ᠶᠢ ᠱᠢᠯᠭᠠᠨ ᠪᠠᠢᠴᠠᠭᠠᠬᠤ ᠦᠶ᠋ᠯᠡᠴᠢᠯᠡᠭᠡ ᠬᠠᠩᠭᠠᠬᠤ ᠦᠨ᠎ᠡ ᠬᠠᠩᠰᠢ᠎ᠶᠢᠨ ᠲᠥᠷᠥ᠎ᠶᠢᠨ ᠪᠣᠳᠣᠯᠭ᠎ᠠ᠎ᠶᠢ ᠦᠷᠭᠦᠯᠵᠢᠯᠡᠨ ᠵᠢᠷᠤᠮᠵᠢᠭᠤᠯᠬᠤ ᠪᠠ ᠱᠢᠯᠢᠳᠡᠭ᠌ᠵᠢᠭᠦᠯᠦᠨ᠎ᠡ᠃ ᠡᠯ᠎ᠡ ᠭᠠᠵᠠᠷ᠎ᠤᠨ ᠡᠮ ᠡᠮᠨᠡᠯᠭᠡ᠎ᠶᠢ ᠲᠥᠪᠯᠡᠷᠡᠭᠦᠯᠦᠨ ᠬᠤᠳᠠᠯᠳᠤᠨ ᠠᠪᠬᠤ ᠪᠠᠢᠭᠤᠯᠤᠮᠵᠢ᠎ᠨᠤᠭᠤᠳ ᠱᠢᠨ᠎ᠡ ᠲᠢᠲᠢᠮᠯᠢᠭ ᠸᠢᠷᠦ᠋ᠰ᠎ᠦᠨ ᠥᠳᠥᠭᠡᠭ᠌ᠴᠢ᠎ᠶᠢ ᠱᠢᠯᠭᠠᠨ ᠪᠠᠢᠴᠠᠭᠠᠬᠤ ᠲᠤᠷᠱᠢᠯᠲᠠ᠎ᠶᠢᠨ ᠡᠮ᠎ᠢ ᠰᠦᠯᠵᠢᠶᠡᠴᠢᠯᠡᠭᠦ ᠠᠵᠢᠯ᠎ᠢ ᠰᠠᠢᠲᠤᠷ ᠬᠢᠵᠦ᠍᠂ ᠰᠦᠯᠵᠢᠶ᠎ᠡ᠎ᠪᠡᠷ ᠬᠤᠳᠠᠯᠳᠤᠨ ᠠᠪᠬᠤ᠎ᠶᠢᠨ ᠬᠠᠮᠲᠤ ᠪᠥᠬᠥ᠌ ᠤᠯᠤᠰ᠎ᠤᠨ ᠨᠢᠭᠡᠳᠦᠯᠲᠡᠶ ᠡᠮ ᠡᠮᠨᠡᠯᠭᠡ ᠵᠢᠨ ᠳᠠᠭᠠᠳᠭᠠᠯ᠎ᠤᠨ ᠮᠡᠳᠡᠭᠡ ᠵᠠᠩᠭᠢ᠎ᠶᠢᠨ ᠲᠠᠪᠴᠠᠩ᠎ᠳᠤ ᠲᠦᠱᠢᠭ᠌ᠯᠡᠨ ᠮᠡᠳᠡᠭᠡ ᠵᠠᠩᠭᠢ᠎ᠶᠢ ᠬᠠᠮᠲᠤ᠎ᠪᠠᠷ ᠭᠥᠷᠳᠡᠬᠦ᠌᠎ᠶᠢ ᠢᠳᠡᠪᠬᠢᠲᠡᠶ ᠠᠬᠢᠭᠤᠯᠬᠤ ᠬᠡᠷᠡᠭ᠌ᠲᠡᠶ᠃ ᠡᠭᠦᠨ᠎ᠦ ᠬᠠᠮᠲᠤ ᠲᠥᠰᠦᠭᠡᠯᠡᠨ ᠪᠤᠳᠤᠬᠤ ᠪᠠ ᠬᠢᠨᠠᠨ ᠱᠢᠨᠵᠢᠬᠦ᠌᠎ᠶᠢ ᠴᠢᠩᠭᠠᠳᠭᠠᠵᠤ᠂ ᠦᠨ᠎ᠡ ᠬᠠᠩᠰᠢ᠂ ᠬᠤᠳᠠᠯᠳᠤᠨ ᠠᠪᠬᠤ᠂ ᠲᠣᠭᠠᠴᠠᠭ᠎ᠠ ᠬᠢᠬᠦ᠌ ᠪᠠ ᠮᠡᠳᠡᠭᠡ ᠵᠠᠩᠭᠢ᠎ᠶᠢᠨ ᠱᠢᠰᠲ᠋ᠧᠮ᠎ᠢ ᠥᠭᠡᠷᠡᠴᠢᠯᠡᠬᠦ᠌ ᠡᠯ᠎ᠡ ᠵᠦᠶ᠋ᠯ᠎ᠦᠨ ᠠᠵᠢᠯ᠎ᠢ ᠬᠠᠮᠵᠢᠯᠴᠠᠨ ᠠᠬᠢᠭᠤᠯᠤᠨ᠎ᠠ᠃
ᠬᠣᠶᠠᠷ᠎ᠲᠤ ᠡᠮ ᠡᠮᠨᠡᠯᠭᠡ᠎ᠶᠢᠨ ᠳᠠᠭᠠᠳᠭᠠᠯ᠎ᠤᠨ ᠳᠥᠯᠥᠬᠦ᠌ ᠬᠡᠪᠴᠢᠶᠡᠨ᠎ᠳᠦ ᠣᠷᠣᠭᠤᠯᠤᠭ᠍ᠰᠠᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢ ᠡᠮᠨᠡᠨ ᠵᠠᠰᠠᠬᠤ᠎ᠳᠤ ᠬᠡᠷᠡᠭ᠌ᠯᠡᠬᠦ᠌ ᠡᠮ᠎ᠢ ᠴᠠᠭ ᠲᠤᠬᠠᠶ᠎ᠳᠤᠨᠢ ᠲᠣᠬᠢᠷᠠᠭᠤᠯᠤᠨ᠎ᠠ᠃ 《ᠣᠨᠣᠱᠢᠯᠠᠨ ᠡᠮᠨᠡᠬᠦ᠌ ᠲᠥᠰᠦᠯ ( ᠲᠤᠷᠱᠢᠨ ᠬᠡᠷᠡᠭ᠌ᠵᠢᠭᠦᠯᠬᠦ᠌ ᠶᠢᠰᠦᠳᠦᠭᠡᠷ ᠬᠡᠪᠯᠡᠯ ) 》᠎ᠳ᠋ᠤ ᠱᠢᠨ᠎ᠡ᠎ᠪᠡᠷ ᠨᠡᠮᠡᠭ᠌ᠳᠡᠭ᠌ᠰᠡᠨ ᠡᠮ᠎ᠦᠨ ᠵᠦᠶ᠋ᠯ᠎ᠳᠦ᠂ ᠡᠯ᠎ᠡ ᠮᠤᠵᠢ᠎ᠶᠢᠨ ᠱᠠᠲᠤᠨ᠎ᠤ ᠡᠮ ᠡᠮᠨᠡᠯᠭᠡ ᠵᠢᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠨᠢ《ᠱᠢᠨ᠎ᠡ ᠬᠡᠯᠪᠡᠷᠢ᠎ᠶᠢᠨ ᠲᠢᠲᠢᠮᠯᠢᠭ ᠸᠢᠷᠦ᠋ᠰ᠎ᠡᠴᠡ ᠬᠠᠯᠳᠠᠪᠤᠷᠢᠯᠠᠭ᠍ᠰᠠᠨ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠤᠨ ᠡᠮ ᠡᠮᠨᠡᠯᠭᠡ ᠵᠢᠨ ᠪᠠᠲᠤᠯᠠᠭ᠎ᠠ᠎ᠶᠢ ᠰᠠᠢᠲᠤᠷ ᠬᠢᠬᠦ᠌ ᠲᠤᠬᠠᠶ ᠤᠯᠤᠰ᠎ᠤᠨ ᠡᠮ ᠡᠮᠨᠡᠯᠭᠡ ᠵᠢᠨ ᠪᠠᠲᠤᠯᠠᠭ᠎ᠠ᠎ᠶᠢᠨ ᠲᠣᠪᠴᠢᠶ᠎ᠠ ᠡᠳ᠋᠎ᠦᠨ ᠵᠠᠰᠠᠭ᠎ᠤᠨ ᠶᠠᠮᠤᠨ᠎ᠤ ᠮᠡᠳᠡᠭ᠌ᠳᠡᠯ》(ᠤᠯᠤᠰ ᠡᠮ ᠡᠮᠨᠡᠯᠭᠡ ᠵᠢᠨ ᠳᠠᠭᠠᠳᠭᠠᠯ ᠴᠠᠬᠢᠯᠭᠠᠨ [2022]5 ᠳ᠋ᠤᠭᠠᠷ ᠲᠣᠭᠠᠲᠤ)᠎ᠤᠨ ᠬᠠᠮᠢᠶ᠎ᠠ ᠪᠥᠬᠥᠶ ᠱᠠᠭᠠᠷᠳᠠᠯᠭ᠎ᠠ᠎ᠪᠠᠷ ᠯᠠᠪᠯᠠᠯᠲᠠ ᠪᠣᠯᠭᠠᠵᠤ᠂ ᠲᠡᠭᠦᠨ᠎ᠢ ᠲᠣᠰ ᠮᠤᠵᠢ᠎ᠶᠢᠨ ᠡᠮ ᠡᠮᠨᠡᠯᠭᠡ ᠵᠢᠨ ᠳᠠᠭᠠᠳᠭᠠᠯ᠎ᠤᠨ ᠰᠠᠭᠤᠷᠢ ᠮᠥᠩᠭᠥ᠎ᠶᠢᠨ ᠲᠣᠭᠠᠴᠠᠭ᠎ᠠ ᠬᠢᠬᠦ᠌ ᠬᠡᠪᠴᠢᠶᠡᠨ᠎ᠳᠦ ᠲᠦᠷ ᠴᠠᠭ᠎ᠤᠨ ᠴᠢᠨᠠᠷᠲᠠᠶ᠎ᠪᠠᠷ ᠣᠷᠣᠭᠤᠯᠤᠨ᠎ᠠ ︔《ᠣᠨᠣᠱᠢᠯᠠᠨ ᠡᠮᠨᠡᠬᠦ᠌ ᠲᠥᠰᠦᠯ ( ᠲᠤᠷᠱᠢᠨ ᠬᠡᠷᠡᠭ᠌ᠵᠢᠭᠦᠯᠬᠦ᠌ ᠶᠢᠰᠦᠳᠦᠭᠡᠷ ᠬᠡᠪᠯᠡᠯ ) 》᠎ᠳ᠋ᠤ ᠱᠢᠯᠵᠢᠭᠦᠯᠦᠨ ᠭᠠᠷᠭᠠᠭ᠍ᠰᠠᠨ ᠪᠥᠭᠡᠳ ᠦᠨᠳᠦᠰᠦᠨ ᠡᠮ ᠡᠮᠨᠡᠯᠭᠡ ᠵᠢᠨ ᠳᠠᠭᠠᠳᠭᠠᠯ᠎ᠤᠨ ᠭᠠᠷᠴᠠᠭ᠎ᠤᠨ ᠳᠣᠲᠣᠷ᠎ᠠ ᠪᠠᠢᠬᠤ ᠥᠬᠡᠶ ᠡᠮ᠎ᠦᠨ ᠵᠦᠶ᠋ᠯ᠎ᠳᠦ᠂ ᠡᠯ᠎ᠡ ᠮᠤᠵᠢ᠎ᠶᠢᠨ ᠱᠠᠲᠤᠨ᠎ᠤ ᠡᠮ ᠡᠮᠨᠡᠯᠭᠡ ᠵᠢᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠨᠢ 《ᠣᠨᠣᠱᠢᠯᠠᠨ ᠡᠮᠨᠡᠬᠦ᠌ ᠲᠥᠰᠦᠯ(ᠲᠤᠷᠱᠢᠨ ᠬᠡᠷᠡᠭ᠌ᠵᠢᠭᠦᠯᠬᠦ᠌ ᠶᠢᠰᠦᠳᠦᠭᠡᠷ ᠬᠡᠪᠯᠡᠯ》᠎ᠢ ᠨᠡᠢᠲᠡᠯᠡᠭ᠌ᠰᠡᠨ ᠡᠳᠦᠷ᠎ᠡᠴᠡ ᠡᠬᠢᠯᠡᠨ ᠡᠮ ᠡᠮᠨᠡᠯᠭᠡ ᠵᠢᠨ ᠳᠠᠭᠠᠳᠭᠠᠯ᠎ᠤᠨ ᠲᠣᠭᠠᠴᠠᠭ᠎ᠠ ᠬᠢᠬᠦ᠌᠎ᠶᠢ ᠵᠣᠭ᠍ᠰᠣᠭᠠᠬᠤ ᠬᠡᠷᠡᠭ᠌ᠲᠡᠶ᠃ ᠡᠯ᠎ᠡ ᠮᠤᠵᠢ᠎ᠶᠢᠨ ᠱᠠᠲᠤᠨ᠎ᠤ ᠡᠮ ᠡᠮᠨᠡᠯᠭᠡ ᠵᠢᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠳ ᠱᠢᠨ᠎ᠡ᠎ᠪᠡᠷ ᠨᠡᠮᠡᠭ᠌ᠳᠡᠭ᠌ᠰᠡᠨ ᠡᠮ᠎ᠦᠨ ᠵᠦᠶ᠋ᠯᠡᠰ᠎ᠢ ᠰᠦᠯᠵᠢᠶᠡᠴᠢᠯᠡᠬᠦ᠌ ᠠᠵᠢᠯ᠎ᠢ ᠰᠠᠢᠲᠤᠷ ᠬᠢᠵᠦ᠍᠂ ᠬᠠᠷᠠᠬᠠᠨ ᠰᠦᠯᠵᠢᠶᠡᠨ᠎ᠳᠦ ᠭᠠᠷᠭᠠᠭ᠎ᠠ ᠦᠭᠡᠢ ᠡᠮ᠎ᠦᠨ ᠵᠦᠶ᠋ᠯᠡᠰ᠎ᠢ ᠡᠮ ᠡᠮᠨᠡᠯᠭᠡ ᠵᠢᠨ ᠪᠠᠢᠭᠤᠯᠤᠮᠵᠢ ᠤᠷᠢᠳᠠᠪᠠᠷ ᠰᠦᠯᠵᠢᠶᠡᠨ᠎ᠡᠴᠡ ᠭᠠᠳᠠᠨ᠎ᠠ ᠬᠤᠳᠠᠯᠳᠤᠨ ᠠᠪᠴᠤ᠌ ᠪᠠᠴᠢᠮ ᠪᠠᠢᠳᠠᠯ᠎ᠢ ᠠᠷᠭᠠᠴᠠᠭᠠᠨ ᠬᠡᠷᠡᠭ᠌ᠯᠡᠬᠦ᠌᠎ᠶᠢ ᠵᠥᠪᠱᠢᠶᠡᠷᠡᠨ᠎ᠡ᠃ 《ᠣᠨᠣᠱᠢᠯᠠᠨ ᠡᠮᠨᠡᠬᠦ᠌ ᠲᠥᠰᠦᠯ ( ᠲᠤᠷᠱᠢᠨ ᠬᠡᠷᠡᠭ᠌ᠵᠢᠭᠦᠯᠬᠦ᠌ ᠶᠢᠰᠦᠳᠦᠭᠡᠷ ᠬᠡᠪᠯᠡᠯ ) 》᠎ᠳ᠋ᠤ ᠱᠢᠨ᠎ᠡ᠎ᠪᠡᠷ ᠨᠡᠮᠡᠭ᠌ᠳᠡᠭ᠌ᠰᠡᠨ ᠨᠠᠢ᠌ᠮᠠᠲᠸ᠋ᠸᠢ / ᠯᠢᠲ᠋ᠤᠨᠠᠸ᠋ᠸᠢ ᠵᠢ ᠡᠮ ᠡᠮᠨᠡᠯᠭᠡ ᠵᠢᠨ ᠪᠠᠢᠭᠤᠯᠤᠮᠵᠢ᠎ᠠᠴᠠ ᠠᠵᠤ ᠠᠬᠤᠢᠯᠠᠯ ᠬᠢᠭᠡᠳ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ ᠨᠡᠪᠲᠡᠷᠡᠯᠴᠡᠭ᠌ᠰᠡᠨ ᠨᠢᠭᠡᠳᠦᠯᠲᠡᠶ ᠦᠨ᠎ᠡ᠎ᠪᠡᠷ ᠬᠤᠳᠠᠯᠳᠤᠨ ᠠᠪᠴᠤ᠌᠂ ᠡᠮ ᠡᠮᠨᠡᠯᠭᠡ ᠵᠢᠨ ᠳᠠᠭᠠᠳᠭᠠᠯ᠎ᠤᠨ ᠰᠠᠯᠠᠭ᠎ᠠ ᠮᠥᠴᠢᠷ᠎ᠡᠴᠡ ᠲᠣᠭ᠍ᠲᠠᠭᠠᠯ ᠶᠣᠰᠣᠭᠠᠷ ᠲᠣᠭᠠᠴᠠᠭ᠎ᠠ ᠬᠢᠬᠦ᠌᠎ᠶᠢ ᠰᠠᠢᠲᠤᠷ ᠬᠢᠨ᠎ᠠ᠃
ᠭᠤᠷᠪᠠ᠂ ᠡᠯ᠎ᠡ ᠵᠦᠶ᠋ᠯ ᠦᠨ ᠲᠥᠷᠥ ᠶᠢᠨ ᠪᠣᠳᠣᠯᠭ᠎ᠠ ᠶᠢᠨ ᠨᠠᠢᠳᠠᠪᠤᠷᠢᠵᠢᠭᠤᠯᠤᠯᠲᠠ᠎ᠶᠢ ᠴᠢᠩᠭᠠᠳᠭᠠᠵᠤ᠂ ᠪᠦᠭᠦ ᠭᠦᠴᠦᠨ ᠵᠢᠠᠷ ᠱᠢᠨ᠎ᠡ ᠪᠠᠢᠳᠠᠯ ᠳᠤᠤᠷᠠᠬᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶᠢ ᠪᠠᠢᠩᠭᠤᠵᠢᠭᠤᠯᠤᠭ᠍ᠰᠠᠨ ᠡᠮ ᠡᠮᠨᠡᠯᠭᠡ ᠵᠢᠨ ᠪᠠᠲᠤᠯᠠᠭ᠎ᠠ᠎ᠶᠢᠨ ᠠᠵᠢᠯ᠎ᠢ ᠰᠠᠢᠳᠤᠷ ᠭᠢᠭᠦ ᠭᠡᠷᠡᠭᠳᠠᠢ
ᠡᠯ᠎ᠡ ᠱᠠᠲᠤᠨ᠎ᠤ ᠡᠮ ᠡᠮᠨᠡᠯᠭᠡ ᠵᠢᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠳ 《ᠱᠢᠨ᠎ᠡ ᠬᠡᠯᠪᠡᠷᠢ᠎ᠶᠢᠨ ᠲᠢᠲᠢᠮᠯᠢᠭ ᠸᠢᠷᠦ᠋ᠰ᠎ᠡᠴᠡ ᠬᠠᠯᠳᠠᠪᠤᠷᠢᠯᠠᠭ᠍ᠰᠠᠨ ᠠᠭᠤᠰᠭᠢᠨ᠎ᠤ ᠦᠷᠪᠢᠰᠦᠯ᠎ᠦᠨ ᠬᠢᠵᠢᠭ᠎ᠦᠨ ᠡᠮ ᠡᠮᠨᠡᠯᠭᠡ ᠵᠢᠨ ᠪᠠᠲᠤᠯᠠᠭ᠎ᠠ᠎ᠶᠢ ᠰᠠᠢᠲᠤᠷ ᠬᠢᠬᠦ᠌ ᠲᠤᠬᠠᠶ ᠤᠯᠤᠰ᠎ᠤᠨ ᠡᠮ ᠡᠮᠨᠡᠯᠭᠡ ᠵᠢᠨ ᠪᠠᠲᠤᠯᠠᠭ᠎ᠠ᠎ᠶᠢᠨ ᠲᠣᠪᠴᠢᠶ᠎ᠠ ᠡᠳ᠋᠎ᠦᠨ ᠵᠠᠰᠠᠭ᠎ᠤᠨ ᠶᠠᠮᠤᠨ᠎ᠤ ᠮᠡᠳᠡᠭ᠌ᠳᠡᠯ》(ᠤᠯᠤᠰ᠎ᠤᠨ ᠡᠮ ᠡᠮᠨᠡᠯᠭᠡ ᠵᠢᠨ ᠳᠠᠭᠠᠳᠭᠠᠯ ᠴᠠᠬᠢᠯᠭᠠᠨ [2020]5 ᠳ᠋ᠤᠭᠠᠷ ᠲᠣᠭᠠᠲᠤ)ᠵᠡᠷᠭᠡ ᠱᠢᠷᠢᠰ ᠪᠢᠴᠢᠭ ᠮᠠᠲ᠋ᠧᠷᠢᠶᠠᠯ᠎ᠤᠨ ᠱᠠᠭᠠᠷᠳᠠᠯᠭ᠎ᠠ ᠶᠣᠰᠣᠭᠠᠷ᠂ ᠠᠵᠢᠯ᠎ᠤᠨ ᠠᠷᠭ᠎ᠠ ᠬᠡᠮᠵᠢᠶ᠎ᠡ᠎ᠪᠡᠨ ᠨᠠᠷᠢᠯᠢᠬ᠍ᠵᠢᠭᠤᠯᠤᠨ ᠲᠡᠭᠦᠯᠳᠡᠷᠵᠢᠭᠦᠯᠵᠦ᠍᠂ ᠣᠨᠣᠱᠢᠯᠠᠭ᠍ᠰᠠᠨ ᠡᠪᠡᠳᠴᠢᠲᠡᠨ᠎ᠦ ᠡᠮ ᠡᠮᠨᠡᠯᠭᠡ ᠵᠢᠨ ᠵᠠᠷᠤᠳᠠᠯ᠎ᠳᠤ ᠶᠡᠷᠦᠩᠬᠡᠢᠯᠡᠭ᠌ᠰᠡᠨ ᠪᠠᠲᠤᠯᠠᠭ᠎ᠠ ᠬᠡᠷᠡᠭ᠌ᠵᠢᠭᠦᠯᠬᠦ᠌ ᠵᠡᠷᠭᠡ ᠲᠥᠷᠥ᠎ᠶᠢᠨ ᠪᠣᠳᠣᠯᠭ᠎ᠠ᠎ᠶᠢ ᠦᠷᠭᠦᠯᠵᠢᠯᠡᠨ ᠨᠠᠢᠳᠠᠪᠤᠷᠢᠵᠢᠭᠤᠯᠬᠤ ᠬᠡᠷᠡᠭ᠌ᠲᠡᠶ᠃ ᠬᠢᠵᠢᠭ᠎ᠦᠨ ᠪᠠᠢᠳᠠᠯ ᠬᠦᠨᠳᠦ ᠨᠣᠴᠢᠲᠠᠶ ᠭᠠᠵᠠᠷ ᠣᠷᠣᠨ᠎ᠤ ᠡᠮ ᠡᠮᠨᠡᠯᠭᠡ ᠵᠢᠨ ᠪᠠᠢᠭᠤᠯᠤᠮᠵᠢ᠎ᠶᠢᠨ ᠬᠡᠪ᠎ᠦᠨ ᠶᠣᠰᠣᠭᠠᠷ ᠠᠵᠢᠯᠯᠠᠬᠤ᠎ᠶᠢ ᠳᠡᠮᠵᠢᠵᠦ᠍᠂ ᠴᠢᠬᠤᠯᠠᠲᠠᠶ ᠦᠶ᠎ᠡ᠎ᠳᠦ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢ ᠡᠮᠨᠡᠨ ᠵᠠᠰᠠᠬᠤ ᠬᠡᠰᠡᠭ ᠪᠠᠯᠠ ᠮᠥᠩᠭᠥ᠎ᠶᠢ ᠲᠠᠰ ᠳᠠᠷᠠᠭᠠᠯᠠᠯ ᠶᠣᠰᠣᠭᠠᠷ ᠤᠷᠢᠳᠴᠢᠯᠠᠨ ᠥᠭ᠌ᠴᠦ ᠪᠣᠯᠤᠨ᠎ᠠ᠃ ᠱᠢᠨ᠎ᠡ ᠲᠢᠲᠢᠮᠯᠢᠭ ᠸᠢᠷᠦ᠋ᠰ᠎ᠦᠨ ᠸᠠᠺᠼᠢᠨ ᠵᠢᠴᠢ ᠲᠠᠷᠢᠯᠭ᠎ᠠ᠎ᠶᠢᠨ ᠵᠠᠷᠤᠳᠠᠯ᠎ᠤᠨ ᠪᠠᠲᠤᠯᠠᠭ᠎ᠠ᠎ᠶᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠪᠥᠭᠡᠮ ᠬᠦᠴᠢᠯ ᠪᠣᠯᠤᠨ ᠥᠳᠥᠭᠡᠭ᠌ᠴᠢ᠎ᠶᠢ ᠱᠢᠯᠭᠠᠨ ᠪᠠᠢᠴᠠᠭᠠᠬᠤ ᠲᠥᠷᠥᠯ ᠵᠦᠶ᠋ᠯ᠎ᠦᠨ ᠦᠨ᠎ᠡ ᠬᠠᠩᠰᠢ᠎ᠶᠢᠨ ᠲᠥᠷᠥ᠎ᠶᠢᠨ ᠪᠣᠳᠣᠯᠭ᠎ᠠ᠎ᠶᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ 《ᠣᠷᠳᠣ ᠬᠤᠭᠤᠴᠠᠭᠠᠨ᠎ᠤ ᠵᠣᠷ》᠂ ᠢᠨᠲ᠋ᠧᠷ ᠰᠦᠯᠵᠢᠶ᠎ᠡ᠎ᠪᠡᠷ ᠣᠨᠣᠱᠢᠯᠠᠨ ᠡᠮᠨᠡᠬᠦ᠌ ᠵᠡᠷᠭᠡ ᠳ᠋ᠦᠩᠨᠡᠨ ᠪᠤᠳᠤᠵᠤ ᠲᠠᠩᠰᠠ ᠲᠠᠢᠯᠬᠤ ᠲᠥᠷᠥ᠎ᠶᠢᠨ ᠪᠣᠳᠣᠯᠭ᠎ᠠ᠎ᠶᠢ ᠬᠡᠷᠡᠭ᠌ᠵᠢᠭᠦᠯᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠯ᠎ᠡ ᠵᠦᠶ᠋ᠯ᠎ᠦᠨ ᠡᠮ ᠡᠮᠨᠡᠯᠭᠡ ᠵᠢᠨ ᠪᠠᠲᠤᠯᠠᠭ᠎ᠠ᠎ᠶᠢᠨ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ ᠬᠡᠷᠡᠭ᠌ᠵᠢᠭᠦᠯᠬᠦ᠌᠎ᠶᠢ ᠦᠨᠡᠨ ᠬᠦ᠌ ᠪᠠᠲᠤᠯᠠᠵᠤ᠂ ᠳᠠᠭᠠᠳᠭᠠᠯ᠎ᠳᠤ ᠣᠷᠣᠯᠴᠠᠭ᠍ᠰᠠᠨ ᠡᠪᠡᠳᠴᠢᠲᠡᠨ᠎ᠦ ᠡᠮ ᠡᠮᠨᠡᠯᠭᠡ ᠵᠢᠨ ᠪᠠᠢᠭᠤᠯᠤᠮᠵᠢ᠎ᠳᠤ ᠬᠦᠷᠴᠦ᠍ ᠡᠪᠡᠳᠴᠢᠨ ᠦᠵᠡᠭᠦᠯᠵᠦ᠍ ᠡᠮ ᠨᠠᠢᠷᠠᠭᠤᠯᠬᠤ ᠤᠳᠠᠭ᠎ᠠ᠎ᠶᠢ ᠪᠠᠭᠠᠰᠭᠠᠵᠤ᠂ ᠬᠢᠵᠢᠭ ᠲᠠᠷᠬᠠᠬᠤ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶᠢ ᠦᠨᠡᠨ ᠬᠦ᠌ ᠪᠠᠭᠤᠷᠠᠭᠤᠯᠬᠤ ᠬᠡᠷᠡᠭ᠌ᠲᠡᠶ᠃
ᠳᠥᠷᠪᠡ᠂ ᠭᠠᠷᠲᠠᠨ ᠭᠦᠶ᠋ᠴᠡᠳᠭᠡᠬᠦ᠌ ᠦᠶ᠋ᠯᠡᠴᠢᠯᠡᠭᠡ᠎ᠶᠢ ᠦᠷᠭᠦᠯᠵᠢᠯᠡᠨ ᠱᠢᠯᠢᠳᠡᠭ᠌ᠵᠢᠭᠦᠯᠵᠦ᠍᠂ ᠭᠠᠷᠲᠠᠨ ᠭᠦᠶ᠋ᠴᠡᠳᠭᠡᠬᠦ᠌ ᠴᠣᠩᠬᠣᠪᠴᠢ᠎ᠶᠢᠨ ᠰᠡᠷᠭᠡᠢᠯᠡᠯᠲᠡ ᠬᠠᠮᠠᠭᠠᠯᠠᠯᠲᠠ ᠪᠠ ᠦᠶ᠋ᠯᠡᠴᠢᠯᠡᠭᠡᠨ᠎ᠦ ᠠᠵᠢᠯ᠎ᠢ ᠨᠢᠭᠡᠳᠦᠯᠲᠡᠶ ᠲᠥᠯᠥᠪᠯᠡᠨ ᠰᠠᠢᠲᠤᠷ ᠬᠢᠨ᠎ᠠ
ᠡᠯ᠎ᠡ ᠭᠠᠵᠠᠷ᠎ᠤᠨ ᠡᠮ ᠡᠮᠨᠡᠯᠭᠡ ᠵᠢᠨ ᠳᠠᠭᠠᠳᠭᠠᠯ᠎ᠤᠨ ᠭᠠᠷᠲᠠᠨ ᠭᠦᠶ᠋ᠴᠡᠳᠭᠡᠬᠦ᠌ ᠪᠠᠢᠭᠤᠯᠤᠮᠵᠢ᠎ᠨᠢ《ᠡᠮ ᠡᠮᠨᠡᠯᠭᠡ ᠵᠢᠨ ᠪᠠᠲᠤᠯᠠᠭ᠎ᠠ᠎ᠶᠢᠨ ᠭᠠᠷᠲᠠᠨ ᠭᠦᠶ᠋ᠴᠡᠳᠭᠡᠬᠦ᠌ ᠦᠶ᠋ᠯᠡᠴᠢᠯᠡᠭᠡ᠎ᠶᠢ ᠱᠢᠯᠢᠳᠡᠭ᠌ᠵᠢᠭᠦᠯᠵᠦ᠍ ᠱᠢᠨ᠎ᠡ ᠬᠡᠯᠪᠡᠷᠢ᠎ᠶᠢᠨ ᠲᠢᠲᠢᠮᠯᠢᠭ ᠸᠢᠷᠦ᠋ᠰ᠎ᠡᠴᠡ ᠬᠠᠯᠳᠠᠪᠤᠷᠢᠯᠠᠭ᠍ᠰᠠᠨ ᠠᠭᠤᠰᠭᠢᠨ᠎ᠤ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠠᠬᠢᠭᠤᠯᠬᠤ ᠲᠤᠬᠠᠶ ᠤᠯᠤᠰ᠎ᠤᠨ ᠡᠮ ᠡᠮᠨᠡᠯᠭᠡ ᠵᠢᠨ ᠪᠠᠲᠤᠯᠠᠭ᠎ᠠ᠎ᠶᠢᠨ ᠲᠣᠪᠴᠢᠶ᠎ᠠ᠎ᠶᠢᠨ ᠠᠯᠪᠠᠨ ᠬᠡᠷ᠎ᠦᠨ ᠮᠡᠳᠡᠭ᠌ᠳᠡᠯ》( ᠤᠯᠤᠰ᠎ᠤᠨ ᠡᠮ ᠡᠮᠨᠡᠯᠭᠡ ᠵᠢᠨ ᠳᠠᠭᠠᠳᠭᠠᠯ ᠴᠠᠬᠢᠯᠭᠠᠨ [2020]7 ᠳ᠋ᠤᠭᠠᠷ ᠲᠣᠭᠠᠲᠤ ) ᠤᠨ 《ᠲᠠᠪᠤ᠎ᠶᠢ ᠭᠦᠶ᠋ᠴᠡᠳᠭᠡᠬᠦ᠌》 ᠱᠠᠭᠠᠷᠳᠠᠯᠭ᠎ᠠ ᠶᠣᠰᠣᠭᠠᠷ᠂ ᠡᠮ ᠡᠮᠨᠡᠯᠭᠡ ᠵᠢᠨ ᠳᠠᠭᠠᠳᠭᠠᠯ᠎ᠤᠨ ᠠᠷᠠᠳ᠎ᠲᠤ ᠲᠥᠬᠥᠮ ᠦᠵᠡᠭᠦᠯᠵᠦ᠍ ᠠᠱᠢᠭ ᠬᠦᠷᠲᠡᠭᠡᠬᠦ᠌ ᠲᠥᠷᠥ᠎ᠶᠢᠨ ᠪᠣᠳᠣᠯᠭ᠎ᠠ᠎ᠶᠢ ᠦᠷᠭᠦᠯᠵᠢᠯᠡᠨ ᠨᠠᠢᠳᠠᠪᠤᠷᠢᠵᠢᠭᠤᠯᠬᠤ ᠬᠡᠷᠡᠭ᠌ᠲᠡᠶ᠃ ᠤᠯᠤᠰ᠎ᠤᠨ ᠣᠯᠠᠨ ᠨᠡᠢᠲᠡ᠎ᠶᠢᠨ ᠦᠶ᠋ᠯᠡᠴᠢᠯᠡᠭᠡᠨ᠎ᠦ ᠲᠠᠯᠠᠪᠤᠷ ᠭᠠᠵᠠᠷ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠱᠠᠭᠠᠷᠳᠠᠯᠭ᠎ᠠ ᠶᠣᠰᠣᠭᠠ᠂ ᠡᠮ ᠡᠮᠨᠡᠯᠭᠡ ᠵᠢᠨ ᠪᠠᠲᠤᠯᠠᠭ᠎ᠠ᠎ᠶᠢᠨ ᠭᠠᠷᠲᠠᠨ ᠭᠦᠶ᠋ᠴᠡᠳᠭᠡᠬᠦ᠌ ᠲᠢᠩᠬᠢᠮ᠎ᠦᠨ ᠳᠣᠲᠣᠷ᠎ᠠ ᠰᠠᠯᠬᠢ ᠨᠡᠪᠲᠡᠷᠡᠭᠦᠯᠬᠦ᠌᠂ ᠡᠷᠡᠭᠦᠯ ᠬᠠᠮᠠᠭᠠᠯᠠᠯ᠎ᠤᠨ ᠪᠠᠢᠴᠠᠭᠠᠨ ᠱᠢᠨᠵᠢᠬᠦ᠌᠂ ᠠᠷᠢᠭᠤᠳᠭᠠᠨ ᠴᠡᠪᠡᠷᠯᠡᠬᠦ᠌ ᠵᠡᠷᠭᠡ ᠠᠵᠢᠯ᠎ᠢ ᠬᠢᠨᠠᠮᠠᠭᠠᠶ ᠰᠠᠢᠲᠤᠷ ᠬᠢᠵᠦ᠍᠂ ᠭᠠᠷᠲᠠᠨ ᠭᠦᠶ᠋ᠴᠡᠳᠭᠡᠬᠦ᠌ ᠲᠠᠯᠠᠪᠤᠷ ᠭᠠᠵᠠᠷ᠎ᠤᠨ ᠬᠢᠵᠢᠭ᠎ᠦᠨ ᠳᠠᠯᠳᠠ ᠬᠡᠮ᠎ᠢ ᠠᠷᠢᠯᠭᠠᠨ᠂ ᠠᠵᠢᠯ ᠶᠠᠪᠤᠳᠠᠯ ᠭᠦᠶ᠋ᠴᠡᠳᠭᠡᠬᠦ᠌ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠠᠮᠠᠪᠴᠢ ᠵᠡᠭᠦᠯᠭᠡᠬᠦ᠌ᠶᠢᠨ ᠬᠠᠮᠲᠤ ᠪᠡᠶ᠎ᠡ᠎ᠶᠢᠨ ᠬᠠᠯᠠᠭᠤᠨ᠎ᠤ ᠪᠠᠢᠴᠠᠭᠠᠨ ᠬᠡᠮᠵᠢᠯᠲᠡ᠎ᠶᠢ ᠤᠬᠠᠮᠰᠠᠷ᠎ᠠᠴᠠ᠎ᠪᠠᠨ ᠬᠦᠯᠢᠶᠡᠵᠦ᠍᠂ ᠠᠵᠢᠯ ᠶᠠᠪᠤᠳᠠᠯ ᠭᠦᠶ᠋ᠴᠡᠳᠭᠡᠬᠦ᠌ ᠣᠯᠠᠨ ᠲᠦᠮᠡᠨ ᠪᠠ ᠭᠠᠷᠲᠠᠨ ᠭᠦᠶ᠋ᠴᠡᠳᠭᠡᠬᠦ᠌ ᠠᠵᠢᠯᠲᠠᠨ᠎ᠤ ᠡᠷᠡᠭᠦᠯ ᠮᠡᠨᠳᠦ ᠪᠠ ᠠᠮᠤᠷ ᠲᠦᠪᠱᠢᠨ᠎ᠢ ᠰᠠᠢᠲᠤᠷ ᠬᠠᠮᠠᠭᠠᠯᠠᠨ᠎ᠠ᠃
ᠡᠯ᠎ᠡ ᠮᠤᠵᠢ ᠠᠵᠢᠯ᠎ᠤᠨ ᠳᠤᠮᠳᠠ᠎ᠪᠠᠨ ᠴᠢᠬᠤᠯᠠ ᠶᠡᠬᠡ ᠠᠰᠠᠭᠤᠳᠠᠯ᠂ ᠪᠠᠴᠢᠮ ᠪᠠᠢᠳᠠᠯ ᠲᠣᠬᠢᠶᠠᠯᠳᠤᠪᠠᠯ ᠴᠠᠭ ᠲᠤᠬᠠᠶ᠎ᠳᠤᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠌ ᠠᠷᠭᠠᠴᠠᠭᠠᠬᠤ᠎ᠶᠢᠨ ᠬᠠᠮᠲᠤ ᠤᠯᠤᠰ᠎ᠤᠨ ᠡᠮ ᠡᠮᠨᠡᠯᠭᠡ᠎ᠶᠢᠨ ᠪᠠᠲᠤᠯᠠᠭ᠎ᠠ᠎ᠶᠢᠨ ᠲᠣᠪᠴᠢᠶ᠎ᠠ᠎ᠳᠤ ᠮᠡᠳᠡᠭᠦᠯᠬᠦ᠌ ᠬᠡᠷᠡᠭ᠌ᠲᠡᠶ᠃
ᠤᠯᠤᠰ᠎ᠤᠨ ᠡᠮ ᠡᠮᠨᠡᠯᠭᠡ᠎ᠶᠢᠨ ᠪᠠᠲᠤᠯᠠᠭ᠎ᠠ᠎ᠶᠢᠨ ᠲᠣᠪᠴᠢᠶᠠᠨ᠎ᠤ ᠠᠯᠪᠠᠨ ᠭᠡᠷ
2022 ᠣᠨ᠎ᠤ 3 ᠰᠠᠷ᠎ᠠ᠎ᠶᠢᠨ 21 ᠦ ᠡᠳᠦᠷ
ᠢᠷᠡᠯᠳᠠ᠄ ᠤᠯᠤᠰ᠎ᠤᠨ ᠡᠮ ᠡᠮᠨᠡᠯᠭᠡ ᠵᠢᠨ ᠪᠠᠳᠤᠯᠠᠭ᠎ᠠ ᠵᠢᠨ ᠳᠤᠪᠴᠢᠶᠠᠨ᠎ᠤ ᠰᠦᠯᠵᠢᠶ᠎ᠠ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃