2022-03-25 10:35:00
3 ᠰᠠᠷ᠎ᠠ᠎ᠶ᠋ᠢᠨ 24 ᠤ᠋ ᠡᠳᠦᠷ᠎ᠦᠨ 10 ᠴᠠᠭ᠎ᠲᠤ᠂ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠲᠡᠭᠡᠷ᠎ᠠ᠂ 3 ᠰᠠᠷ᠎ᠠ᠎ᠶ᠋ᠢᠨ 23 ᠤ᠋ ᠡᠳᠦᠷ᠎ᠦᠨ 0 ᠴᠠᠭ᠎ᠡᠴᠡ 24 ᠴᠠᠭ ᠪᠣᠯᠲᠠᠯ᠎ᠠ᠂ ᠬᠥᠬᠡᠬᠣᠲᠠ᠎ᠳᠤ ᠲᠤᠬᠠᠶ᠎ᠶ᠋ᠢᠨ ᠭᠠᠵᠠᠷ᠎ᠤᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ ᠰᠢᠨ᠎ᠡ ᠪᠡᠷ 1 ᠨᠡᠮᠡᠭᠳᠡᠪᠡ᠂ ᠲᠤᠰ ᠬᠠᠯᠳᠠᠪᠤᠷᠢᠯᠠᠬᠳᠠᠬᠴᠢ ᠵᠢ ᠭᠡᠷ᠎ᠲᠡᠬᠡᠨ ᠲᠤᠰᠠᠭᠠᠷᠯᠠᠨ ᠬᠠᠮᠢᠶᠠᠷᠤᠨ ᠡᠵᠡᠮᠳᠡᠵᠦ᠍ ᠪᠠᠢᠭ᠎ᠠ ᠨᠢᠭ᠍ᠲᠠ ᠤᠢᠷᠠᠳᠤᠭᠴᠢ ᠵᠢᠨ ᠪᠥᠭᠡᠮ ᠬᠦᠴᠢᠯ᠎ᠦᠨ ᠪᠠᠢᠴᠠᠭᠠᠯᠲᠠ᠎ᠡᠴᠡ ᠢᠯᠡᠷᠡᠬᠦᠯᠵᠡᠢ ᠬᠡᠵᠦ ᠨᠡᠢᠳᠡᠯᠡᠪᠡ᠃
2 ᠰᠠᠷ᠎ᠠ᠎ᠶ᠋ᠢᠨ 15 ᠤ᠋ ᠡᠳᠦᠷ᠎ᠡᠴᠡ ᠨᠠᠭᠠᠰᠢ᠂ ᠬᠥᠬᠡᠬᠣᠲᠠ ᠲᠤᠬᠠᠶ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯᠵᠢᠡᠷ ᠤᠨᠤᠰᠢᠯᠠᠭᠳᠠᠭᠰᠠᠨ ᠡᠪᠡᠳᠴᠢᠨ᠎ᠦ ᠵᠢᠱ᠌ᠢᠶ᠎ᠡ᠎ᠶ᠋ᠢ ᠨᠡᠢᠲᠡ 433 ᠮᠡᠳᠡᠭᠦᠯᠵᠦ᠍᠂ ᠲᠤᠬᠠᠶ᠎ᠶ᠋ᠢᠨ ᠭᠠᠵᠠᠷ ᠤ᠋ᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ 22 ᠪᠤᠢ᠃ ᠣᠲᠣᠬᠠᠨ ᠪᠣᠯᠲᠠᠯ᠎ᠠ᠂ ᠪᠥᠬᠥ᠌ ᠬᠣᠲᠠ᠎ᠳᠤ ᠲᠤᠬᠠᠶ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢᠶᠡᠷ ᠣᠨᠣᠱᠢᠯᠠᠭ᠍ᠳᠠᠭ᠍ᠰᠠᠨ ᠡᠪᠡᠳᠴᠢᠨ ᠤ᠋ ᠵᠢᠱ᠌ᠢᠶ᠎ᠡ 4᠂ ᠲᠤᠬᠠᠶ᠎ᠶ᠋ᠢᠨ ᠭᠠᠵᠠᠷ᠎ᠤᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭ᠍ᠳᠠᠬᠴᠢ 22 ᠪᠣᠶ᠃
3 ᠰᠠᠷ᠎ᠠ᠎ᠶ᠋ᠢᠨ 24 ᠤ᠋ ᠡᠳᠦᠷ᠎ᠦᠨ 5 ᠴᠠᠭ᠎ᠡᠴᠡ ᠡᠬᠢᠯᠡᠵᠦ᠂ ᠲᠤᠰᠠᠭᠠᠷᠯᠠᠬᠤ ᠴᠡᠭ᠂ ᠬᠡᠷ᠎ᠲᠡᠬᠡᠨ ᠲᠤᠰᠠᠭᠠᠷᠯᠠᠬᠤ ᠬᠤᠭᠤᠴᠠᠭ᠎ᠠ ᠨᠢ ᠬᠦᠢᠴᠡᠭᠡᠳᠦᠢ ᠨᠢᠭ᠍ᠲᠠ ᠤᠢᠷᠠᠳᠤᠭᠴᠢ ᠂ ᠲᠠᠮ ᠤᠢᠷᠠᠳᠤᠭᠴᠢ᠂ ᠬᠣᠲᠣᠩ ᠠᠷᠠᠳ᠎ᠤᠨ ᠲᠣᠭᠣᠷᠢᠭ᠎ᠤᠨ ᠲᠦᠩ ᠳ᠋ᠤᠤ ᠵᠡᠭᠡᠯᠢ᠎ᠶ᠋ᠢᠨ ᠱᠢᠶᠠᠩ ᠾᠧ ᠭᠤᠷᠪᠠᠳᠤᠭᠠᠷ ᠲᠣᠭᠣᠷᠢᠭ᠂ ᠱᠢᠶᠠᠩ ᠾᠧ ᠬᠤᠸᠠ ᠶᠤᠸᠠᠨ ᠵᠢᠴᠢ ᠵᠦ᠍ ᠶᠢᠩ ᠠᠰᠠᠷ᠎ᠤᠨ ᠡᠷᠬᠢᠨ ᠲᠣᠭᠣᠷᠢᠨ᠎ᠤ ᠣᠷᠣᠨ ᠪᠦᠰᠡ᠂ ᠵᠥᠩ ᠱᠠᠨ ᠪᠠᠷᠠᠭᠤᠨ ᠵᠠᠮ ᠵᠡᠭᠡᠯᠢ᠎ᠶ᠋ᠢᠨ ᠬᠠᠶ ᠯᠢᠶᠠᠩ ᠢᠦᠶ ᠹᠸᠩ ᠤᠨ 6 ᠨᠤᠮᠧᠷᠳᠤ ᠠᠰᠠᠷ᠎ᠤᠨ ᠨᠢᠭᠡᠳᠦᠭᠡᠷ᠂ ᠬᠣᠶᠠᠳᠤᠭᠠᠷ ᠤᠷᠤᠴᠠ᠎ᠳᠡᠬᠢ ᠪᠣᠶ ᠪᠥᠬᠥᠶ ᠰᠠᠭᠤᠭᠠᠯᠢ ᠠᠷᠠᠳ᠎ᠲᠤ ᠪᠥᠭᠡᠮ ᠬᠦᠴᠢᠯ᠎ᠦᠨ ᠪᠠᠢᠴᠠᠭᠠᠯᠲᠠ ᠬᠢᠨ᠎ᠡ᠃ ᠪᠤᠰᠤᠳ ᠭᠠᠵᠠᠷ ᠣᠷᠣᠨ᠂ ᠬᠥᠮᠦᠰ ᠲᠦ᠍ ᠲᠦᠷ ᠪᠥᠭᠡᠮ ᠬᠦᠴᠢᠯ᠎ᠦᠨ ᠪᠠᠢᠴᠠᠭᠠᠯᠲᠠ ᠬᠢᠬᠦ᠌ ᠥᠬᠡᠶ᠃
3 ᠰᠠᠷ᠎ᠠ᠎ᠶ᠋ᠢᠨ 23 ᠤ᠋ ᠡᠳᠦᠷ ᠱᠢᠨ᠎ᠡ᠎ᠪᠡᠷ ᠨᠡᠮᠡᠭ᠌ᠳᠡᠭ᠌ᠰᠡᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ᠎ᠨᠢ ᠣᠲᠣ ᠬᠣᠲᠣᠩ ᠠᠷᠠᠳ᠎ᠤᠨ ᠲᠣᠭᠣᠷᠢᠭ᠎ᠤᠨ ᠲᠦᠩ ᠳ᠋ᠤᠤ ᠡᠮᠦᠨ᠎ᠡ ᠵᠡᠭᠡᠯᠢ᠎ᠶ᠋ᠢᠨ ᠵᠦ᠍ ᠶᠢᠩ ᠠᠰᠠᠷ᠎ᠤᠨ ᠭᠤᠷᠪᠠᠳᠤᠭᠠᠷ ᠤᠷᠤᠴᠠ᠎ᠳᠦ ᠰᠠᠭᠤᠵᠤ ᠪᠠᠢᠨ᠎ᠠ᠃ 3 ᠰᠠᠷ᠎ᠠ᠎ᠶ᠋ᠢᠨ 19 ᠤ᠋ ᠡᠳᠦᠷ ᠱᠢᠶᠠᠩ ᠢᠦᠶ ᠬᠤᠸᠠ ᠶᠤᠸᠠᠨ᠎ᠤ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ ᠮᠠ ᠣᠪᠣᠭ᠍ᠲᠤ ᠵᠢᠨ ᠨᠢᠭᠳᠠ ᠤᠢᠷᠠᠳᠤᠭᠴᠢ ᠪᠤᠯᠤᠭᠰᠠᠨ ᠡᠴᠡ ᠬᠡᠷ᠎ᠲᠡᠬᠡᠨ ᠲᠤᠰᠠᠭᠠᠷᠯᠠᠭᠳᠠᠵᠤ᠂ 3 ᠰᠠᠷ᠎ᠠ᠎ᠶ᠋ᠢᠨ 23 ᠤ᠋ ᠡᠳᠦᠷ ᠪᠥᠭᠡᠮ ᠬᠦᠴᠢᠯ᠎ᠦᠨ ᠪᠠᠢᠴᠠᠭᠠᠯᠲᠠ ᠨᠢ ᠠᠷᠭ᠎ᠠ ᠴᠢᠨᠠᠷ ᠢᠯᠡᠷᠡᠵᠦ ᠂ ᠲᠤᠰᠭᠠᠶ ᠮᠡᠷᠭᠡᠵᠢᠯᠲᠡᠨ᠎ᠦ ᠳᠤᠭᠤᠢᠯᠠᠩ᠎ᠤᠨ ᠬᠠᠮᠲᠤᠷᠠᠬᠰᠠᠨ ᠣᠨᠣᠱᠢᠯᠠᠯᠲᠠ ᠪᠡᠷ ᠲᠠᠮᠵᠢᠵᠦ᠂ ᠲᠠᠬᠤᠯ ᠡᠪᠡᠳᠴᠢᠨ᠎ᠦ ᠰᠤᠳᠤᠯᠤᠯ᠎ᠤᠨ ᠲᠡᠦᠬᠡ᠂ ᠡᠮᠴᠢᠯᠡᠭᠡᠨ᠎ᠦ ᠢᠯᠡᠷᠡᠯ᠂ ᠲᠤᠷᠱᠢᠯᠲᠠ᠎ᠶ᠋ᠢᠨ ᠲᠠᠰᠤᠭ᠎ᠤᠨ ᠪᠠᠢᠴᠠᠭᠠᠯᠲᠠ ᠂ ᠳᠦᠷᠰᠦ ᠱᠢᠩᠭᠡᠭᠡᠯᠲᠡ᠎ᠶ᠋ᠢᠨ ᠤᠬᠠᠭᠠᠨ᠎ᠤ ᠪᠠᠢᠴᠠᠭᠠᠯᠲᠠ ᠵᠡᠷᠭᠡ ᠵᠢᠨ ᠦᠷ᠎ᠡ ᠳ᠋ᠦᠩ᠎ᠢ ᠶᠡᠷᠦᠩᠬᠡᠢᠯᠡᠵᠦ᠍ ᠂ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ᠎ᠪᠡᠷ ᠣᠨᠣᠱᠢᠯᠠᠭ᠍ᠳᠠᠪᠠ᠃ ᠡᠨᠡ ᠬᠦ᠌ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠬᠴᠢ ᠨᠢ 3 ᠰᠠᠷ᠎ᠠ᠎ᠶ᠋ᠢᠨ 19 ᠤ᠋ ᠡᠳᠦᠷ ᠵᠥᠩ ᠱᠠᠨ ᠪᠠᠷᠠᠭᠤᠨ ᠵᠠᠮ ᠤᠨ ᠬᠠᠶ ᠯᠢᠶᠠᠩ ᠠᠭᠤᠳᠠᠮ ᠲᠠᠯᠠᠪᠠᠶ᠎ᠶ᠋ᠢᠨ ᠢᠦᠶ ᠹᠸᠩ 6 ᠨᠤᠮᠧᠷᠳᠤ ᠠᠰᠠᠷ᠎ᠤᠨ ᠨᠢᠭᠡᠳᠦᠭᠡᠷ ᠤᠷᠤᠴᠠ᠎ᠳᠦ ᠬᠦᠷᠴᠦ᠍ ᠂ ᠣᠷᠣᠨ ᠪᠦᠰᠡ᠎ᠳᠦ ᠬᠠᠯᠳᠠᠪᠤᠷᠢᠯᠠᠬᠤ ᠲᠦᠭ᠌ᠰᠢᠭᠦᠷᠢ ᠣᠷᠣᠱᠢᠵᠤ᠂ ᠲᠠᠬᠤᠯ ᠡᠪᠡᠳᠴᠢᠨ ᠤ᠋ ᠰᠤᠳᠤᠯᠤᠯ᠎ᠤᠨ ᠪᠠᠢᠴᠠᠭᠠᠯᠲᠠ᠎ᠶ᠋ᠢᠨ ᠠᠵᠢᠯ ᠮᠥᠨ ᠬᠦ᠌ ᠶᠠᠪᠤᠭ᠍ᠳᠠᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃