2022-03-25 11:43:51
ᠲᠣᠰ ᠤᠳᠠᠭᠠᠨ᠎ᠤ ᠬᠢᠵᠢᠭ᠎ᠦᠨ ᠪᠠᠢᠳᠠᠯ ᠬᠥᠬᠡᠬᠣᠲᠠ᠎ᠶ᠋ᠢᠨ ᠠᠷᠠᠳ᠎ᠤᠨ ᠦᠶ᠋ᠯᠡᠳᠪᠦᠷᠢᠯᠡᠯ ᠠᠮᠢᠳᠤᠷᠠᠯ᠎ᠳᠤ ᠮᠠᠰᠢ ᠶᠡᠬᠡ ᠨᠥᠯᠥᠭᠡ ᠪᠤᠯᠵᠦ ᠪᠠᠢᠨ᠎ᠠ᠂ ᠬᠣᠲᠠ᠎ᠶ᠋ᠢᠨ ᠠᠷᠠᠳ ᠬᠥᠮᠦᠨ ᠬᠡᠷᠡᠭ᠌ᠯᠡᠬᠦ᠌ ᠨᠢᠭᠡᠴᠢ᠎ᠶ᠋ᠢᠨ ᠭᠠᠭ᠍ᠴᠠ ᠲᠠᠯ᠎ᠠ᠎ᠠᠴᠠ ᠬᠥᠳᠡᠯᠮᠦᠷᠢ᠎ᠶ᠋ᠢᠨ ᠭᠡᠷ᠎ᠡ᠎ᠶ᠋ᠢ ᠬᠦᠴᠦᠨ ᠥᠬᠡᠶ ᠪᠣᠯᠭᠠᠬᠤ ᠵᠡᠷᠭᠡ ᠪᠠᠢᠳᠠᠯ᠎ᠳᠤ ᠲᠤᠯᠭᠠᠷᠠᠪᠠᠯ ᠬᠡᠷᠬᠢᠨ ᠱᠢᠶ᠋ᠳᠪᠦᠷᠢᠯᠡᠪᠡᠯ ᠵᠣᠬᠢᠬᠤ ᠪᠣᠶ?ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠬᠥᠳᠡᠯᠮᠦᠷᠢᠴᠢᠨ᠎ᠦ ᠡᠷᠬᠡ ᠠᠱᠢᠭ᠎ᠢ ᠪᠠᠲᠤᠯᠠᠬᠤ ᠲᠠᠯ᠎ᠠ᠎ᠪᠠᠷ ᠶᠠᠮᠠᠷ ᠶᠠᠮᠠᠷ ᠲᠥᠷᠥ᠎ᠶ᠋ᠢᠨ ᠪᠣᠳᠣᠯᠭ᠎ᠠ ᠲᠣᠭ᠍ᠲᠠᠭᠠᠭ᠍ᠰᠠᠨ ᠪᠣᠶ? 3 ᠰᠠᠷ᠎ᠠ᠎ᠶ᠋ᠢᠨ 24 ᠦ ᠡᠳᠦᠷ᠂ ᠬᠤᠳᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶᠠᠨ᠎ᠤ ᠳᠡᠳ᠋ ᠳᠠᠷᠤᠭ᠎ᠠ ᠹᠠᠨ ᠱᠢᠶᠤᠤ ᠴᠢᠤᠸᠠᠨ ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ (31 ᠳ᠋ᠤᠭᠡᠷ ᠲᠠᠯᠠᠪᠠᠢ)ᠲᠡᠬᠡᠷ᠎ᠡ ᠲᠠᠢᠯᠪᠦᠷᠢᠯᠠᠯᠳᠠ ᠬᠢᠪᠡ᠃
ᠹᠠᠨ ᠱᠢᠶᠤᠤ ᠴᠢᠤᠸᠠᠨ ᠲᠠᠨᠢᠯᠴᠠᠭᠤᠯᠬᠤ᠎ᠳᠠᠭᠠᠨ᠂ ᠬᠥᠬᠡᠬᠣᠲᠠ ᠬᠢᠵᠢᠭ᠎ᠦᠨ ᠪᠠᠢᠳᠠᠯ ᠭᠠᠷᠤᠭ᠍ᠰᠠᠨ᠎ᠤ ᠳᠠᠷᠠᠭ᠎ᠠ《ᠬᠢᠵᠢᠭ᠎ᠦᠨ ᠪᠠᠢᠳᠠᠯ᠎ᠳᠤ ᠬᠣᠯᠪᠣᠭ᠍ᠳᠠᠭ᠍ᠰᠠᠨ ᠬᠥᠳᠡᠯᠮᠦᠷᠢ᠎ᠶ᠋ᠢᠨ ᠬᠠᠷᠢᠴᠠᠭ᠎ᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠵᠢᠯᠣᠭᠣᠳᠤᠮᠵᠢ》ᠵᠢ ᠴᠠᠭ ᠲᠤᠬᠠᠶ᠎ᠳᠤᠨᠢ ᠨᠡᠢᠲᠡᠯᠡᠪᠡ᠃ ᠬᠥᠮᠦᠨ ᠬᠡᠷᠡᠭ᠌ᠯᠡᠬᠦ᠌ ᠨᠢᠭᠡᠴᠢ᠎ᠨᠢ ᠬᠢᠵᠢᠭ᠎ᠦᠨ ᠬᠤᠭᠤᠴᠠᠭᠠᠨ᠎ᠳᠤ ᠬᠥᠳᠡᠯᠮᠦᠷᠢᠴᠢᠨ ᠠᠵᠢᠯᠯᠠᠵᠤ ᠳᠡᠢᠯᠬᠦ᠌ ᠥᠬᠡᠶ ᠪᠠᠢᠬᠤ ᠪᠡᠷ ᠱᠢᠯᠲᠠᠭ ᠪᠣᠯᠭᠠᠵᠤ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠡᠪᠡᠳᠴᠢᠲᠡᠨ᠂ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭ᠍ᠳᠠᠬᠴᠢ᠂ ᠰᠡᠵᠢᠭ᠌ᠯᠡᠯᠲᠡᠶ ᠡᠪᠡᠳᠴᠢᠲᠡᠨ᠂ ᠨᠢᠭ᠍ᠲᠠ ᠣᠢᠷᠠᠲᠤᠭ᠍ᠴᠢ ᠵᠢᠴᠢ ᠵᠠᠰᠠᠭ᠎ᠤᠨ ᠣᠷᠳᠣᠨ ᠡᠴᠡ ᠲᠤᠰᠠᠭᠠᠷᠯᠠᠬᠤ ᠠᠷᠭ᠎ᠠ ᠬᠡᠮᠵᠢᠶ᠎ᠡ ᠪᠤᠶᠤ ᠬᠠᠮᠢᠶ᠎ᠠ ᠪᠥᠬᠥᠶ ᠪᠠᠴᠢᠮ ᠠᠷᠭ᠎ᠠ ᠬᠡᠮᠵᠢᠶ᠎ᠡ ᠠᠪᠤᠭ᠍ᠰᠠᠨ᠎ᠠᠴᠠ ᠪᠣᠯᠵᠣ ᠬᠡᠪ᠎ᠦᠨ ᠶᠣᠰᠣᠭᠠᠷ ᠬᠥᠳᠡᠯᠮᠦᠷᠢ ᠬᠠᠩᠭᠠᠵᠤ ᠳᠡᠢᠯᠬᠦ᠌ ᠥᠬᠡᠶ ᠪᠣᠯᠤᠭ᠍ᠰᠠᠨ ᠬᠥᠳᠡᠯᠮᠦᠷᠢᠴᠢᠨ᠎ᠲᠡᠶ ᠬᠥᠳᠡᠯᠮᠦᠷᠢ᠎ᠶ᠋ᠢᠨ ᠭᠡᠷ᠎ᠡ᠎ᠪᠡᠨ ᠬᠦᠴᠦᠨ ᠦᠭᠡᠢ ᠪᠣᠯᠭᠠᠵᠦ ᠪᠤᠯᠬᠤ ᠥᠬᠡᠶ ᠭᠡᠵᠦ᠍ ᠲᠣᠳᠣᠷᠬᠠᠢᠯᠠᠪᠠ᠃ ᠲᠣᠮᠢᠯᠠᠭ᠍ᠳᠠᠭ᠍ᠰᠠᠨ ᠬᠥᠳᠡᠯᠮᠦᠷᠢᠴᠢᠨ᠎ᠢ ᠠᠵᠢᠯᠴᠢᠨ ᠬᠡᠷᠡᠭ᠌ᠯᠡᠬᠦ᠌ ᠨᠢᠭᠡᠴᠢ ᠨᠢ ᠴᠦ᠍ ᠡᠭᠦᠨ᠎ᠡᠴᠡ ᠪᠣᠯᠵᠤ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠢ᠎ᠳᠦ ᠪᠤᠴᠠᠭᠠᠵᠤ ᠪᠣᠯᠬᠤ ᠦᠭᠡᠶ᠃ ᠡᠮᠴᠢᠯᠡᠭᠡᠨ᠎ᠦ ᠪᠠᠢᠭᠤᠯᠤᠮᠵᠢ ᠪᠤᠶᠤ ᠵᠠᠰᠠᠭ᠎ᠤᠨ ᠣᠷᠳᠣᠨ᠎ᠠᠴᠠ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠲᠡᠶ ᠡᠪᠡᠳᠴᠢᠲᠡᠨ᠂ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭ᠍ᠳᠠᠬᠴᠢ᠂ ᠰᠡᠵᠢᠭ᠌ᠯᠡᠯᠲᠡᠶ ᠡᠪᠡᠳᠴᠢᠲᠡᠨ᠂ ᠨᠢᠭ᠍ᠲᠠ ᠣᠢᠷᠠᠲᠤᠭ᠍ᠴᠢ ᠵᠡᠷᠭᠡ᠎ᠳᠦ ᠲᠤᠰᠠᠭᠠᠷᠯᠠᠬᠤ ᠠᠷᠭ᠎ᠠ ᠬᠡᠮᠵᠢᠶ᠎ᠡ᠎ᠶ᠋ᠢ ᠬᠠᠤᠯᠢ ᠶᠣᠰᠣᠭᠠᠷ ᠬᠡᠷᠡᠭ᠌ᠵᠢᠭᠦᠯᠵᠦ᠍᠂ ᠬᠥᠳᠡᠯᠮᠦᠷᠢᠴᠢᠳ᠎ᠢ ᠬᠡᠪ᠎ᠦᠨ ᠬᠥᠳᠡᠯᠮᠦᠷᠢ ᠬᠠᠩᠭᠠᠵᠤ ᠳᠡᠢᠯᠬᠦ᠌ ᠥᠬᠡᠶ ᠪᠣᠯᠭᠠᠭ᠍ᠰᠠᠨ ᠪᠠᠢᠪᠠᠯ᠂ᠠᠵᠤ ᠠᠬᠤᠢᠯᠠᠯ᠎ᠨᠢ ᠬᠡᠪ᠎ᠦᠨ ᠬᠥᠳᠡᠯᠮᠦᠷᠢ᠎ᠪᠡᠷ ᠲᠡᠳᠡᠨ᠎ᠦ ᠲᠤᠰᠠᠭᠠᠷᠯᠠᠬᠤ ᠬᠤᠭᠤᠴᠠᠭᠠᠨ᠎ᠳᠠᠬᠢ ᠴᠠᠯᠢᠩ᠎ᠢ᠎ᠨᠢ ᠥᠭ᠌ᠬᠦ ᠬᠡᠷᠡᠭ᠌ᠲᠡᠶ ᠭᠡᠵᠦ᠍ ᠲᠣᠳᠣᠷᠬᠠᠢᠯᠠᠪᠠ᠃ ᠲᠤᠰᠠᠭᠠᠷᠯᠠᠬᠤ ᠬᠤᠭᠤᠴᠠᠭ᠎ᠠ ᠳᠠᠭᠤᠰᠤᠭ᠍ᠰᠠᠨ᠎ᠤ ᠳᠠᠷᠠᠭ᠎ᠠ᠂ ᠠᠵᠢᠯ᠎ᠢᠶᠠᠨ ᠵᠣᠭ᠍ᠰᠣᠭᠠᠵᠤ ᠡᠮᠨᠡᠭᠦᠯᠬᠦ᠌ ᠴᠢᠬᠤᠯᠠᠲᠠᠶ ᠬᠥᠳᠡᠯᠮᠦᠷᠢᠯᠡᠭ᠌ᠴᠢᠳᠲᠦ ᠣᠯᠭᠣᠬᠤ ᠴᠠᠯᠢᠩ᠎ᠢ ᠲᠤᠬᠠᠶ᠎ᠶ᠋ᠢᠨ ᠭᠠᠵᠠᠷ᠎ᠤᠨ ᠬᠠᠮᠤᠭ᠎ᠤᠨ ᠳᠤᠤᠷ᠎ᠠ ᠴᠠᠯᠢᠩ᠎ᠤᠨ ᠪᠠᠷᠢᠮᠵᠢᠶ᠎ᠠ᠎ᠶ᠋ᠢᠨ 80% ᠡᠴᠡ ᠳᠤᠤᠷ᠎ᠠ ᠪᠠᠢᠯᠭᠠᠵᠤ ᠪᠣᠯᠬᠤ ᠥᠬᠡᠶ᠃ ᠠᠵᠤ ᠠᠬᠤᠢᠯᠠᠯ᠎ᠤᠨ ᠲᠣᠬᠢᠷᠠᠭᠤᠯᠤᠭ᠍ᠰᠠᠨ ᠠᠵᠢᠯ᠎ᠤᠨ ᠪᠠᠢᠷᠢ᠎ᠳᠠᠭᠠᠨ ᠪᠤᠴᠠᠭᠠᠳᠤᠶ ᠬᠥᠳᠡᠯᠮᠦᠷᠢᠯᠡᠭ᠌ᠴᠢ ᠤᠳᠠᠰᠦ᠂ ᠰᠦᠯᠵᠢᠶ᠎ᠡ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠬᠥᠳᠡᠯᠮᠦᠷᠢ ᠬᠠᠩᠭᠠᠭ᠍ᠰᠠᠨ ᠪᠠᠢᠪᠠᠯ᠂ ᠬᠡᠪ᠎ᠦᠨ ᠬᠥᠳᠡᠯᠮᠦᠷᠢ ᠪᠤᠶᠤ ᠬᠥᠳᠡᠯᠮᠦᠷᠢ᠎ᠶ᠋ᠢᠨ ᠭᠡᠷ᠎ᠡ᠎ᠳᠦ ᠪᠣᠯᠵᠣᠨ ᠲᠣᠭ᠍ᠲᠠᠭ᠍ᠰᠠᠨ ᠶᠣᠰᠣᠭᠠᠷ ᠴᠠᠯᠢᠩ ᠣᠯᠭᠣᠬᠤ ᠬᠡᠷᠡᠭ᠌ᠲᠡᠶ᠃ ᠵᠠᠰᠠᠭ᠎ᠤᠨ ᠣᠷᠳᠣᠨ᠎ᠠᠴᠠ ᠬᠢᠵᠢᠭ᠌᠎ᠲᠦ ᠣᠷᠣᠨ᠎ᠢ ᠪᠢᠲᠡᠭᠦᠮᠵᠢᠯᠡᠬᠦ᠌ ᠵᠡᠷᠭᠡ ᠪᠠᠴᠢᠮ ᠠᠷᠭ᠎ᠠ ᠬᠡᠮᠵᠢᠶ᠎ᠡ ᠠᠪᠤᠭ᠍ᠰᠠᠨ᠎ᠠᠴᠠ ᠪᠣᠯᠵᠣ ᠠᠵᠢᠯᠲᠠᠨ ᠠᠵᠢᠯᠴᠢᠨ ᠲᠣᠭ᠍ᠲᠠᠭ᠍ᠰᠠᠨ ᠬᠤᠭᠤᠴᠠᠭᠠᠨ᠎ᠳᠠᠭᠠᠨ ᠠᠵᠢᠯ᠎ᠤᠨ ᠪᠠᠢᠷᠢ᠎ᠳᠠᠭᠠᠨ ᠪᠤᠴᠠᠵᠤ ᠬᠡᠪ᠎ᠦᠨ ᠬᠥᠳᠡᠯᠮᠦᠷᠢ ᠬᠠᠩᠭᠠᠵᠤ ᠳᠡᠢᠯᠬᠦ᠌ ᠥᠬᠡᠶ ᠪᠣᠯᠤᠭ᠍ᠰᠠᠨ ᠪᠠᠢᠪᠠᠯ᠂ ᠴᠠᠯᠢᠩ ᠥᠭ᠌ᠬᠦ ᠨᠢᠭᠡ ᠦᠶᠡᠯᠡᠯ᠎ᠦᠨ ᠬᠤᠭᠤᠴᠠᠭᠠᠨ᠎ᠳᠤ ᠪᠠᠢᠪᠠᠯ᠂ ᠬᠥᠳᠡᠯᠮᠦᠷᠢ᠎ᠶ᠋ᠢᠨ ᠭᠡᠷ᠎ᠡ᠎ᠳᠦ ᠪᠣᠯᠵᠣᠨ ᠲᠣᠭ᠍ᠲᠠᠭ᠍ᠰᠠᠨ ᠪᠠᠷᠢᠮᠵᠢᠶ᠎ᠠ ᠶᠣᠰᠣᠭᠠᠷ ᠬᠥᠳᠡᠯᠮᠦᠷᠢᠴᠢᠨ᠎ᠦ ᠴᠠᠯᠢᠩ᠎ᠢ ᠥᠭ᠌ᠭᠦᠨ᠎ᠡ᠃ ᠴᠠᠯᠢᠩ ᠣᠯᠭᠣᠬᠤ ᠨᠢᠭᠡ ᠦᠶᠡᠯᠡᠯ᠎ᠦᠨ ᠬᠤᠭᠤᠴᠠᠭ᠎ᠠ᠎ᠠᠴᠠ ᠬᠡᠲᠦᠷᠡᠭ᠌ᠰᠡᠨ ᠪᠠᠢᠪᠠᠯ᠂ ᠠᠵᠤ ᠠᠬᠤᠢᠯᠠᠯ᠎ᠨᠢ ᠲᠤᠬᠠᠶ᠎ᠶ᠋ᠢᠨ ᠭᠠᠵᠠᠷ᠎ᠤᠨ ᠬᠠᠮᠤᠭ᠎ᠤᠨ ᠳᠤᠤᠷ᠎ᠠ ᠴᠠᠯᠢᠩ᠎ᠤᠨ ᠪᠠᠷᠢᠮᠵᠢᠶ᠎ᠠ᠎ᠶ᠋ᠢᠨ 80% ᠡᠴᠠ ᠳᠤᠤᠷ᠎ᠠ ᠥᠬᠡᠶ᠎ᠪᠡᠷ ᠠᠮᠢᠳᠤᠷᠠᠯ᠎ᠤᠨ ᠵᠠᠷᠤᠳᠠᠯ ᠣᠯᠭᠣᠬᠤ ᠬᠡᠷᠡᠭ᠌ᠲᠡᠶ᠃
ᠬᠢᠵᠢᠭ ᠦᠨ ᠪᠠᠢᠳᠠᠯ ᠤᠨ ᠬᠤᠭᠤᠴᠠᠭᠠᠨ᠎ᠳᠠᠬᠢ ᠬᠥᠳᠡᠯᠮᠦᠷᠢ᠎ᠶ᠋ᠢᠨ ᠬᠠᠷᠢᠴᠠᠭ᠎ᠠ᠎ᠶ᠋ᠢᠨ ᠠᠶᠤᠯ ᠲᠦᠭ᠌ᠰᠢᠭᠦᠷᠢ᠎ᠶ᠋ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌᠎ᠶ᠋ᠢ ᠴᠢᠩᠭᠠᠳᠭᠠᠨ᠎ᠠ᠃ ᠳᠥᠷᠪᠡᠳᠦᠭᠡᠷ ᠳᠡᠰ᠎ᠤᠨ ᠬᠥᠳᠡᠯᠮᠦᠷᠢ᠎ᠶ᠋ᠢᠨ ᠬᠠᠷᠢᠴᠠᠭ᠎ᠠ᠎ᠶ᠋ᠢᠨ ᠲᠦᠭ᠌ᠰᠢᠭᠦᠷᠢ᠎ᠶ᠋ᠢ ᠬᠢᠨᠠᠨ ᠬᠡᠮᠵᠢᠵᠦ᠍ ᠰᠡᠷᠡᠮᠵᠢᠯᠡᠭᠦᠯᠬᠦ᠌ ᠲᠣᠭ᠍ᠲᠠᠴᠠ᠎ᠶ᠋ᠢ ᠪᠠᠢᠭᠤᠯᠵᠤ ᠂ ᠬᠣᠱᠢᠭᠤ ᠱᠢᠶᠠᠨ ᠲᠣᠭᠣᠷᠢᠭ᠎ᠤᠨ ᠬᠥᠳᠡᠯᠮᠦᠷᠢ᠎ᠶ᠋ᠢᠨ ᠬᠠᠷᠢᠴᠠᠭ᠎ᠠ᠎ᠶ᠋ᠢᠨ ᠵᠥᠷᠢᠴᠡᠯ᠎ᠦᠨ ᠲᠦᠭ᠌ᠰᠢᠭᠦᠷᠢ᠎ᠶ᠋ᠢ《ᠡᠳᠦᠷ ᠪᠦᠷᠢ ᠮᠡᠳᠡᠭᠦᠯᠬᠦ᠌》 ᠂ 《ᠭᠠᠷᠠᠭ ᠪᠦᠷᠢ ᠮᠡᠳᠡᠭᠦᠯᠬᠦ᠌》 ᠪᠠ 《ᠬᠦᠳᠡᠯᠮᠦᠷᠢ ᠵᠢᠨ ᠬᠠᠷᠢᠴᠠᠭ᠎ᠠ ᠵᠢᠨ ᠵᠦᠷᠢᠴᠡᠯ ᠡᠬᠦᠰᠦᠭᠰᠡᠨ ᠦᠭᠡᠢ ᠴᠤ᠌ ᠮᠡᠳᠡᠭᠦᠯᠬᠦ᠌》ᠳᠦᠷᠢᠮ᠎ᠢ ᠬᠡᠷᠡᠭ᠌ᠵᠢᠭᠦᠯᠵᠦ᠍᠂ ᠬᠢᠵᠢᠭ᠎ᠦᠨ ᠪᠠᠢᠳᠠᠯ᠎ᠤᠨ ᠬᠤᠭᠤᠴᠠᠭᠠᠨ᠎ᠳᠤ ᠢᠯᠡᠷᠡᠭ᠌ᠰᠡᠨ ᠬᠥᠳᠡᠯᠮᠦᠷᠢᠯᠡᠭ᠌ᠴᠢᠳᠦᠨ ᠡᠷᠬᠡ ᠠᠱᠢᠭ᠎ᠤᠨ ᠪᠠᠲᠤᠯᠠᠭ᠎ᠠ᠎ᠳᠤ ᠬᠣᠯᠪᠣᠭ᠍ᠳᠠᠭ᠍ᠰᠠᠨ ᠬᠡᠷᠡᠭ᠎ᠢ ᠴᠠᠭ ᠲᠤᠬᠠᠶ᠎ᠳᠤᠨᠢ ᠣᠯᠵᠤ ᠮᠡᠳᠡᠵᠦ᠍ ᠱᠢᠶ᠋ᠳᠪᠦᠷᠢᠯᠡᠬᠦ᠌ ᠬᠡᠷᠡᠭ᠌ᠲᠡᠶ᠃
ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠢ ᠤᠬᠠᠭᠤᠯᠵᠤ ᠬᠥᠲᠥᠯᠥᠨ ᠵᠢᠯᠣᠭᠣᠳᠭᠤ᠎ᠶ᠋ᠢ ᠴᠢᠩᠭᠠᠳᠭᠠᠨ᠎ᠠ᠃ ᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠰᠦᠯᠵᠢᠶᠡᠨ ᠳᠡᠭᠡᠷ᠎ᠡ 《ᠡᠶ᠎ᠡ ᠵᠣᠬᠢᠴᠠᠯ᠎ᠲᠠᠶ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠪᠠᠢᠭᠤᠯᠬᠤ》 ᠲᠤᠰᠭᠠᠶ ᠪᠤᠯᠤᠩ ᠪᠠ《ᠬᠥᠳᠡᠯᠮᠦᠷᠢ ᠬᠦᠴᠦ᠍ ᠬᠡᠷᠡᠭ᠌ᠯᠡᠬᠦ᠌ ᠪᠢᠴᠢᠯ ᠬᠢᠴᠢᠶᠡᠯ᠎ᠦᠨ ᠲᠠᠩᠬᠢᠮ》ᠭᠠᠷᠭᠠᠵᠤ᠂ ᠠᠵᠤ ᠠᠬᠤᠢᠯᠠᠯ᠎ᠢ ᠢᠳᠡᠪᠬᠢᠲᠡᠶ ᠬᠥᠲᠥᠯᠥᠨ ᠵᠢᠯᠣᠭᠣᠳᠴᠤ᠌ ᠪᠠᠢᠭᠠᠳ ᠠᠵᠢᠯᠲᠠᠨ ᠠᠵᠢᠯᠴᠢᠨ᠎ᠲᠠᠶ ᠬᠠᠮᠲᠤ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠬᠦᠴᠢᠷ ᠪᠡᠷᠬᠡᠱᠢᠶᠡᠯ᠎ᠢ ᠬᠠᠮᠲᠤ᠎ᠪᠠᠷ ᠳᠤᠭᠤᠯᠤᠨ᠎ᠠ᠃
ᠢᠯᠡᠴᠢᠯᠡᠨ ᠵᠠᠭᠠᠯᠳᠤᠬᠤ ᠠᠷᠭ᠎ᠠ ᠵᠠᠮ᠎ᠢ ᠰᠠᠭᠠᠳ ᠦᠭᠡᠢ ᠨᠡᠪᠲᠡᠷᠡᠭᠦᠯᠵᠦ᠍᠂ ᠬᠥᠳᠡᠯᠮᠦᠷᠢ ᠶ᠋ᠢᠨ ᠪᠠᠲᠤᠯᠠᠭ᠎ᠠ ᠶ᠋ᠢᠨ ᠬᠢᠨᠠᠨ ᠪᠠᠢᠴᠠᠭᠠᠯᠲᠠ ᠪᠠ ᠬᠠᠤᠯᠢ ᠬᠡᠷᠡᠭ᠌ᠵᠢᠭᠦᠯᠦᠯᠲᠡ᠎ᠶ᠋ᠢ ᠴᠢᠩᠭᠠᠳᠭᠠᠨ᠎ᠠ᠃《ᠰᠦᠯᠵᠢᠶᠡᠨ ᠳᠡᠭᠡᠷ᠎ᠡ ᠡᠶᠡᠳᠡᠭᠦᠯᠵᠦ᠍ ᠬᠥᠨᠳᠡᠯᠡᠨ᠎ᠡᠴᠡ ᠲᠠᠰᠤᠯᠬᠤ》ᠪᠠ 《ᠰᠦᠯᠵᠢᠶᠡᠨ ᠳᠡᠭᠡᠷᠡᠬᠢ ᠬᠥᠳᠡᠯᠮᠦᠷᠢ᠎ᠶ᠋ᠢᠨ ᠬᠢᠨᠠᠨ ᠪᠠᠢᠴᠠᠭᠠᠬᠤ》ᠦᠶ᠋ᠯᠡᠴᠢᠯᠡᠭᠡ᠎ᠶ᠋ᠢ ᠨᠡᠭᠡᠭᠡᠨ᠎ᠡ᠃ ᠬᠢᠵᠢᠭ᠎ᠦᠨ ᠪᠠᠢᠳᠠᠯ᠎ᠤᠨ ᠨᠥᠯᠥᠭᠡ᠎ᠡᠴᠡ ᠪᠤᠯᠵᠤ ᠬᠠᠤᠯᠢ᠎ᠪᠠᠷ ᠲᠣᠭ᠍ᠲᠠᠭᠠᠭ᠍ᠰᠠᠨ ᠬᠥᠨᠳᠡᠯᠡᠨ᠎ᠡᠴᠡ ᠲᠠᠰᠤᠯᠬᠤ ᠬᠦᠴᠦᠨ᠎ᠲᠡᠶ ᠬᠤᠭᠤᠴᠠᠭᠠᠨ᠎ᠳᠤ ᠬᠥᠳᠡᠯᠮᠦᠷᠢ ᠠᠵᠢᠯᠳᠠᠨ᠎ᠤ ᠶᠠᠪᠤᠳᠠᠯ᠎ᠤᠨ ᠬᠥᠨᠳᠡᠯᠡᠨ᠎ᠡᠴᠡ ᠲᠠᠰᠤᠯᠤᠭᠤᠯᠬᠤ᠎ᠪᠠᠷ ᠭᠤᠶᠤᠴᠢᠯᠠᠵᠤ ᠳᠡᠢᠯᠬᠦ᠌ ᠦᠭᠡᠢ ᠪᠠᠢᠪᠠᠯ ᠂ ᠬᠥᠨᠳᠡᠯᠡᠨ᠎ᠡᠴᠡ ᠲᠠᠰᠤᠯᠬᠤ ᠬᠦᠴᠦᠨ᠎ᠲᠡᠶ ᠬᠤᠭᠤᠴᠠᠭ᠎ᠠ᠎ᠶ᠋ᠢ ᠲᠤᠷᠭᠤᠨ ᠵᠣᠭ᠍ᠰᠣᠭᠠᠬᠤ ᠪᠤᠶᠤ ᠬᠣᠢᠱᠢᠯᠠᠭᠤᠯᠵᠤ ᠪᠣᠯᠤᠨ᠎ᠠ᠃
ᠹᠠᠨ ᠱᠢᠶᠤᠤ ᠴᠢᠤᠸᠠᠨ ᠬᠡᠯᠡᠬᠦ᠌᠎ᠳᠡᠭᠡᠨ᠂ ᠬᠡᠷᠪᠡ ᠬᠢᠵᠢᠭ᠎ᠦᠨ ᠬᠤᠭᠤᠴᠠᠭᠠᠨ᠎ᠳᠤ ᠬᠥᠮᠦᠨ ᠬᠡᠷᠡᠭ᠌ᠯᠡᠬᠦ᠌ ᠨᠢᠭᠡᠴᠢ ᠭᠠᠭ᠍ᠴᠠ ᠲᠠᠯ᠎ᠠ᠎ᠠᠴᠠ ᠬᠠᠤᠯᠢ᠎ᠶ᠋ᠢ ᠵᠥᠷᠢᠴᠡᠨ ᠬᠥᠳᠡᠯᠮᠦᠷᠢᠴᠢᠨ᠎ᠲᠡᠶ ᠬᠥᠳᠡᠯᠮᠦᠷᠢ᠎ᠶ᠋ᠢᠨ ᠭᠡᠷ᠎ᠡ᠎ᠪᠡᠨ ᠬᠦᠴᠦᠨ ᠦᠭᠡᠢ ᠪᠤᠯᠭᠠᠬᠰᠠᠨ ᠪᠠᠢᠪᠠᠯ ᠂ ᠬᠥᠳᠡᠯᠮᠦᠷᠢᠴᠢᠨ ᠬᠥᠳᠡᠯᠮᠦᠷᠢ᠎ᠶ᠋ᠢᠨ ᠪᠠᠲᠤᠯᠠᠭ᠎ᠠ᠎ᠶ᠋ᠢᠨ ᠬᠢᠨᠠᠨ ᠪᠠᠢᠴᠠᠭᠠᠬᠤ ᠰᠠᠯᠠᠭ᠎ᠠ ᠮᠥᠴᠢᠷ᠎ᠲᠦ ᠢᠯᠡᠴᠢᠯᠡᠨ ᠮᠡᠳᠡᠭᠦᠯᠵᠦ᠍ ᠪᠣᠯᠤᠨ᠎ᠠ᠂ ᠪᠠᠰᠠ ᠪᠠᠢᠭ᠎ᠠ ᠭᠠᠵᠠᠷ᠎ᠤᠨ᠎ᠢᠶᠠᠨ ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠮᠠᠷᠭᠤᠯᠳᠤᠭᠠᠨ᠎ᠢ ᠬᠥᠨᠳᠡᠯᠡᠨ᠎ᠡᠴᠡ ᠲᠠᠰᠤᠯᠬᠤ ᠰᠠᠯᠠᠭ᠎ᠠ ᠮᠥᠴᠢᠷ᠎ᠲᠦ ᠬᠥᠨᠳᠡᠯᠡᠨ᠎ᠡᠴᠡ ᠲᠠᠰᠤᠯᠤᠭᠤᠯᠬᠤ᠎ᠪᠠᠷ ᠭᠤᠶᠤᠴᠢᠯᠠᠵᠤ ᠥᠪᠡᠷ᠎ᠦᠨ ᠬᠠᠤᠯᠢ ᠶᠣᠰᠣᠨ᠎ᠤ ᠡᠷᠬᠡ ᠠᠱᠢᠭ᠎ᠢᠶᠠᠨ ᠬᠠᠮᠠᠭᠠᠯᠠᠵᠤ ᠪᠣᠯᠤᠨ᠎ᠠ ᠭᠡᠵᠡᠶ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃