2022-03-25 18:25:14
3 ᠰᠠᠷ᠎ᠠ᠎ᠶᠢᠨ 25 ᠤ ᠡᠳᠦᠷ᠂ ᠰᠤᠷᠪᠤᠯᠵᠢᠯᠠᠭ᠍ᠴᠢ ᠬᠥᠬᠡᠬᠣᠲᠠ᠎ᠶᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ ( ᠭᠤᠴᠢᠨ ᠬᠣᠶᠠᠳᠤᠭᠠᠷ ᠲᠠᠯᠠᠪᠤᠷ ) ᠠᠴᠠ ᠣᠢᠯᠠᠭᠠᠭ᠍ᠰᠠᠨ᠎ᠢᠶᠠᠷ᠂ 3 ᠰᠠᠷ᠎ᠠ᠎ᠶᠢᠨ 18 ᠤ ᠡᠳᠦᠷ᠎ᠡᠴᠡ ᠨᠠᠭᠠᠰᠢ᠂ ᠬᠥᠬᠡᠬᠣᠲᠠ᠎ᠳᠤ ᠨᠡᠢᠭᠡᠮ ᠳᠡᠭᠡᠷᠡᠬᠢ ᠠᠷᠭ᠎ᠠ ᠴᠢᠨᠠᠷᠲᠠᠶ ᠥᠯᠢᠭᠡᠷ ᠬᠡᠪ᠎ᠢ ᠵᠠᠯᠭᠠᠭ᠎ᠠ᠎ᠪᠠᠷ 7 ᠡᠳᠦᠷ ᠢᠯᠡᠷᠡᠭᠦᠯᠦᠭ᠌ᠰᠡᠨ ᠥᠬᠡᠶ ᠪᠠᠢᠵᠤ᠂ ᠬᠢᠵᠢᠭ᠎ᠦᠨ ᠪᠠᠢᠳᠠᠯ ᠶᠡᠷᠦᠩᠬᠡᠶ᠎ᠳᠡᠭᠡᠨ ᠨᠠᠮᠳᠠᠵᠦ ᠪᠠᠢᠨ᠎ᠠ᠃ ᠥᠪᠡᠷᠲᠡᠭᠡᠨ ᠵᠠᠰᠠᠬᠤ ᠣᠷᠣᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ᠎ᠲᠤ ᠮᠡᠳᠡᠭᠦᠯᠦᠨ ᠵᠥᠪᠱᠢᠶᠡᠷᠡᠭᠦᠯᠦᠭᠡᠳ᠂ ᠬᠣᠲᠠ᠎ᠶᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ᠎ᠠᠴᠠ ᠶᠡᠷᠦᠩᠬᠡᠢᠯᠡᠨ ᠰᠤᠳᠤᠯᠤᠨ ᠮᠠᠭᠠᠳᠯᠠᠭ᠍ᠰᠠᠨᠤ ᠳᠠᠷᠠᠭ᠎ᠠ ᠄ 3 ᠰᠠᠷ᠎ᠠ᠎ᠶᠢᠨ 28 ᠤ ᠡᠳᠦᠷ᠎ᠡᠴᠡ ᠡᠬᠢᠯᠡᠨ᠂ ᠲᠦᠮᠡᠳ ᠵᠡᠭᠦᠨ ᠬᠣᠱᠢᠭᠤ᠂ ᠲᠣᠭ᠍ᠲᠠᠬᠤ ᠱᠢᠶᠠᠨ᠂ ᠬᠣᠷᠢᠨᠭᠡᠷ ᠱᠢᠶᠠᠨ᠂ ᠴᠢᠩ ᠱᠦᠶ ᠾᠧ ᠱᠢᠶᠠᠨ᠂ ᠦᠴᠦᠸᠠᠨ ᠱᠢᠶᠠᠨ ᠵᠡᠷᠭᠡ 5 ᠬᠣᠱᠢᠭᠤ ᠱᠢᠶᠠᠨ᠎ᠤ ᠳᠤᠮᠳᠠᠳᠤ ᠪᠠᠭ᠎ᠠ ᠰᠤᠷᠭᠠᠭᠤᠯᠢ ᠪᠣᠯᠤᠨ ᠬᠡᠦᠬᠡᠳ᠎ᠦᠨ ᠴᠡᠴᠡᠷᠯᠢᠭ᠎ᠦᠨ ᠰᠤᠷᠤᠭ᠍ᠴᠢᠳ ᠡᠮᠬᠢ ᠵᠢᠷᠤᠮ᠎ᠲᠠᠶ᠎ᠪᠠᠷ ᠰᠤᠷᠭᠠᠭᠤᠯᠢ᠎ᠳᠠᠭᠠᠨ ᠪᠤᠴᠠᠵᠤ᠂ ᠪᠣᠳᠠᠲᠠᠶ ᠴᠠᠭ᠎ᠤᠨ ᠲᠣᠬᠢᠷᠠᠭᠤᠯᠤᠯᠲᠠ᠎ᠶᠢ ᠬᠣᠯᠪᠣᠭ᠍ᠳᠠᠯ ᠪᠥᠬᠥᠶ ᠬᠣᠱᠢᠭᠤ ᠱᠢᠶᠠᠨ ᠰᠤᠳᠤᠯᠤᠨ ᠲᠣᠭ᠍ᠲᠠᠭᠠᠨ᠎ᠠ︔ᠬᠥᠬᠡᠬᠣᠲᠠ᠎ᠶᠢᠨ ᠪᠥᠬᠥ᠌ ᠣᠷᠣᠨ ᠪᠦᠰᠡ᠎ᠪᠡᠷ᠎ᠢᠶᠡᠨ ᠳᠤᠤᠷ᠎ᠠ ᠲᠦᠭ᠌ᠰᠢᠭᠦᠷᠢᠳᠠᠢ ᠭᠠᠵᠠᠷ ᠣᠷᠣᠨ ᠪᠣᠯᠤᠭ᠍ᠰᠠᠨ᠎ᠤ ᠳᠠᠷᠠᠭ᠎ᠠ ( ᠣᠳᠣᠬᠠᠨ᠎ᠤ ᠪᠠᠢᠳᠠᠯ᠎ᠢ ᠦᠨᠳᠦᠰᠦᠯᠡᠪᠡᠯ 4 ᠰᠠᠷ᠎ᠠ᠎ᠶᠢᠨ 1 ᠦ ᠡᠳᠦᠷ ᠭᠡᠵᠦ ᠳᠦᠰᠦᠪᠯᠡᠵᠦ ᠪᠠᠢᠨ᠎ᠠ ) ᠂ ᠱᠢᠨ᠎ᠡ ᠬᠣᠲᠠ ᠲᠣᠭᠣᠷᠢᠭ᠂ ᠬᠣᠲᠣᠩ ᠠᠷᠠᠳ᠎ᠤᠨ ᠲᠣᠭᠣᠷᠢᠭ᠂ ᠢᠦᠢᠴᠢᠤᠸᠠᠨ ᠲᠣᠭᠣᠷᠢᠭ᠂ ᠰᠠᠢᠬᠠᠨ ᠲᠣᠭᠣᠷᠢᠭ ᠵᠡᠷᠭᠡ 4 ᠲᠣᠭᠣᠷᠢᠭ᠎ᠤᠨ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ᠎ᠦᠨ ᠴᠡᠴᠡᠷᠯᠢᠭ᠎ᠦᠨ ᠰᠤᠷᠤᠭ᠍ᠴᠢᠳ᠎ᠢ ᠪᠦᠯᠦᠭ ᠬᠤᠪᠢᠶᠠᠨ ᠡᠮᠬᠢ ᠵᠢᠷᠤᠮ᠎ᠲᠠᠶ᠎ᠪᠠᠷ ᠰᠤᠷᠭᠠᠭᠤᠯᠢ᠎ᠳᠤᠨᠢ ᠪᠤᠴᠠᠭᠠᠨ᠎ᠠ᠃ ᠬᠣᠲᠠ᠎ᠶᠢᠨ ᠳᠥᠷᠪᠡᠨ ᠲᠣᠭᠣᠷᠢᠭ᠎ᠤᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠭᠤᠷᠪᠠᠳᠤᠭᠠᠷ ᠣᠨ᠎ᠤ ᠰᠤᠷᠤᠭ᠍ᠴᠢᠳ 4 ᠰᠠᠷ᠎ᠠ᠎ᠶᠢᠨ 1᠎ᠦ ᠡᠳᠦᠷ ᠰᠤᠷᠭᠠᠭᠤᠯᠢᠴᠤᠭᠯᠠᠬᠤ ᠪᠡᠷ ᠲᠥᠯᠥᠪᠯᠡᠵᠦ᠍᠂ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠭᠤᠷᠪᠠᠳᠤᠭᠠᠷ ᠣᠨ᠎ᠤ ᠰᠤᠷᠤᠭ᠍ᠴᠢᠳ 4 ᠰᠠᠷ᠎ᠠ᠎ᠶᠢᠨ 6᠎ᠤ ᠡᠳᠦᠷ ᠰᠤᠷᠭᠠᠭᠤᠯᠢ᠎ᠳᠠᠭᠠᠨ ᠪᠤᠴᠠᠬᠤ᠎ᠪᠠᠷ ᠲᠥᠯᠥᠪᠯᠡᠵᠦ᠍᠂ ᠪᠤᠰᠤᠳ ᠣᠨ ᠪᠠ ᠬᠡᠦᠬᠡᠳ᠎ᠦᠨ ᠴᠡᠴᠡᠷᠯᠢᠭ᠎ᠨᠢ ᠬᠢᠵᠢᠭ᠎ᠦᠨ ᠪᠠᠢᠳᠠᠯ᠎ᠢ ᠦᠨᠳᠦᠰᠦᠯᠡᠨ ᠰᠤᠷᠭᠠᠭᠤᠯᠢ᠎ᠳᠠᠭᠠᠨ ᠱᠠᠲᠤ ᠳᠠᠷᠠᠭᠠᠯᠠᠨ ᠪᠤᠴᠠᠬᠤ ᠪᠣᠯᠤᠨ᠎ᠠ᠃ ᠬᠥᠬᠡᠬᠣᠲᠠ᠎ᠳᠤ ᠰᠠᠭᠤᠭ᠎ᠠ ᠡᠯ᠎ᠡ ᠶᠡᠬᠡ ᠳᠡᠭᠡᠳᠦ ᠰᠤᠷᠭᠠᠭᠤᠯᠢ᠎ᠶᠢᠨ ᠰᠤᠷᠤᠭᠴᠢᠳ᠎ᠤᠨ ᠰᠤᠷᠭᠠᠭᠤᠯᠢ᠎ᠳᠠᠭᠠᠨ ᠪᠤᠴᠠᠬᠤ ᠵᠢ ᠬᠣᠲᠠ᠎ᠶᠢᠨ ᠵᠢᠯᠣᠭᠣᠳᠭᠤ ᠭᠠᠵᠠᠷ᠎ᠠᠴᠠ ᠪᠥᠬᠥ᠌ ᠤᠯᠤᠰ᠎ᠤᠨ ᠬᠢᠵᠢᠭ᠎ᠦᠨ ᠪᠠᠢᠳᠠᠯ᠎ᠢ ᠦᠨᠳᠦᠰᠦᠯᠡᠨ ᠶᠡᠷᠦᠩᠬᠡᠢᠯᠡᠨ ᠰᠤᠳᠤᠯᠤᠨ ᠮᠠᠭᠠᠳᠯᠠᠵᠤ᠂ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠎ᠲᠡᠶ ᠵᠥᠪᠳᠡᠯᠴᠡᠨ ᠲᠣᠭ᠍ᠲᠠᠭᠠᠵᠤ᠂ ᠳᠤᠬᠠᠢ ᠵᠢᠨ ᠦᠶ᠎ᠡ᠎ᠳᠦ ᠠᠰ ᠳ᠋ᠤᠨᠢ ᠮᠡᠳᠡᠭ᠌ᠳᠡᠨ᠎ᠡ᠃
ᠢᠷᠡᠯᠳᠠ᠄ ᠦᠪᠦᠷ ᠮᠤᠡᠭᠭᠤᠯ᠎ᠤᠨ ᠦᠷᠯᠦᠭᠡ ᠵᠢᠨ ᠰᠤᠨᠢᠨ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃