ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-03-25 11:47:25

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠪᠥᠬᠥ᠌ ᠣᠷᠣᠨ᠎ᠤ ᠰᠤᠷᠭᠠᠨ ᠬᠥᠮᠦᠵᠢᠯ᠎ᠦᠨ ᠱᠢᠰᠲ᠋ᠧᠮ᠎ᠦᠨ 2022 ᠣᠨ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭᠠᠨ᠎ᠤ ᠰᠤᠷᠭᠠᠭᠤᠯᠢ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠎ᠦᠨ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠠᠵᠢᠯ ᠎ᠢ ᠴᠢᠩᠭ᠎ᠠ ᠪᠣᠳᠠᠲᠠᠶ ᠰᠠᠢᠲᠤᠷ ᠠᠳᠭᠤᠵᠤ ᠂ ᠦᠵᠡᠯ ᠰᠠᠨᠠᠭ᠎ᠠ ᠂ ᠦᠶ᠋ᠯᠡ ᠠᠵᠢᠯᠯᠠᠭ᠎ᠠ᠎ᠶ᠋ᠢᠨ ᠲᠠᠯ᠎ᠠ᠎ᠪᠠᠷ ᠮᠢᠨᠴᠦᠭᠦᠷᠡᠨ ᠰᠤᠯᠠᠷᠠᠬᠤ᠎ᠶ᠋ᠢ ᠡᠷᠡᠰ ᠲᠡᠪᠴᠢᠵᠦ᠍᠂ ᠬᠠᠷᠢᠶ᠎ᠠ ᠭᠠᠵᠠᠷ ᠣᠷᠣᠨ᠎ᠲᠠᠶ᠎ᠪᠠᠨ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠎ᠶ᠋ᠢ ᠴᠢᠩᠭᠠᠳᠭᠠᠵᠤ᠂ ᠡᠯ᠎ᠡ ᠵᠦᠶ᠋ᠯ ᠎ᠦᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ ᠎ᠶ᠋ᠢ ᠪᠦᠲᠦᠮᠵᠢᠲᠡᠶ ᠨᠠᠢᠳᠠᠪᠤᠷᠢᠵᠢᠭᠤᠯᠬᠤ ᠎ᠶ᠋ᠢᠨ ᠲᠥᠯᠥᠭᠡ᠂ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠎ᠤ ᠰᠤᠷᠭᠠᠨ ᠬᠥᠮᠦᠵᠢᠯ ᠎ᠦᠨ ᠲᠢᠩᠬᠢᠮ 9 ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠵᠤᠬᠢᠶᠠᠨ ᠪᠠᠢᠭᠤᠯᠵᠤ᠂ ᠠᠢᠮᠠᠭ ᠬᠣᠲᠠ᠂ ᠶᠡᠬᠡ ᠳᠡᠭᠡᠳᠦ ᠰᠤᠷᠭᠠᠭᠤᠯᠢ ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠎ᠦᠨ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠠᠵᠢᠯ᠎ᠢ ᠪᠦᠬᠦᠨ ᠎ᠢ ᠬᠠᠮᠤᠷᠤᠨ ᠬᠢᠨᠠᠨ ᠵᠢᠯᠣᠭᠣᠳᠴᠤ᠌ ᠱᠠᠯᠠᠪᠳᠠᠭᠤᠯᠤᠨ ᠪᠠᠢᠴᠠᠭᠠᠵᠤ᠂ ᠰᠤᠷᠭᠠᠨ ᠬᠥᠮᠦᠵᠢᠯ᠎ᠦᠨ ᠱᠢᠰᠲ᠋ᠧᠮ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠤᠤᠷ᠎ᠢ ᠪᠡᠬᠢᠵᠢᠭᠦᠯᠪᠡ᠃

ᠡᠯ᠎ᠡ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠲᠤᠬᠠᠶ᠎ᠶ᠋ᠢᠨ ᠭᠠᠵᠠᠷ᠎ᠲᠤᠨᠢ ᠱᠠᠯᠠᠪᠳᠠᠭᠤᠯᠤᠨ ᠪᠠᠢᠴᠠᠭᠠᠬᠤ ᠪᠠ ᠰᠦᠯᠵᠢᠶᠡᠨ ᠳᠡᠭᠡᠷ᠎ᠡ ᠱᠠᠯᠠᠪᠳᠠᠭᠤᠯᠤᠨ ᠪᠠᠢᠴᠠᠭᠠᠬᠤ᠎ᠶ᠋ᠢ ᠤᠶᠠᠯᠳᠤᠭᠤᠯᠬᠤ ᠠᠷᠭ᠎ᠠ ᠮᠠᠶᠢᠭ᠎ᠢᠶᠠᠷ ᠳᠠᠮᠵᠢᠭᠤᠯᠤᠨ᠂ ᠡᠯ᠎ᠡ ᠭᠠᠵᠠᠷ ᠤᠷᠤᠨ᠎ᠤ ᠡᠯ᠎ᠡ ᠶᠡᠬᠡ ᠳᠡᠭᠡᠳᠦ ᠰᠤᠷᠭᠠᠭᠤᠯᠢ᠎ᠶ᠋ᠢᠨ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠠᠵᠢᠯ᠎ᠳᠠᠬᠢ ᠬᠠᠷᠢᠶ᠎ᠠ ᠭᠠᠵᠠᠷ ᠣᠷᠣᠨ᠎ᠯᠤᠭ᠎ᠠ ᠬᠠᠮᠲᠤᠷᠠᠨ ᠰᠡᠷᠭᠡᠢᠯᠡᠵᠦ᠍ ᠬᠠᠮᠲᠤᠷᠠᠨ ᠡᠵᠡᠮᠳᠡᠬᠦ᠌ ᠬᠠᠮᠲᠤᠷᠠᠨ ᠬᠥᠳᠡᠯᠦᠯᠴᠡᠬᠦ᠌ ᠠᠵᠢᠯ ᠎ᠤᠨ ᠲᠣᠭ᠍ᠲᠠᠴᠠ᠎ᠶ᠋ᠢ ᠪᠠᠢᠭᠤᠯᠤᠭ᠍ᠰᠠᠨ ᠪᠠᠢᠳᠠᠯ᠂ ᠰᠤᠷᠭᠠᠭᠤᠯᠢ ᠎ᠶ᠋ᠢᠨ ᠬᠢᠵᠢᠭ ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠎ᠶ᠋ᠢ ᠪᠠᠢᠩᠭᠤᠵᠢᠭᠤᠯᠤᠨ ᠨᠠᠢᠳᠠᠪᠤᠷᠢᠵᠢᠭᠤᠯᠤᠭ᠍ᠰᠠᠨ ᠪᠠᠢᠳᠠᠯ᠂ ᠰᠤᠷᠭᠠᠭᠤᠯᠢ᠎ᠶ᠋ᠢᠨ ᠪᠠᠴᠢᠮ ᠪᠠᠢᠳᠠᠯ᠎ᠢ ᠠᠷᠭᠠᠴᠠᠭᠠᠬᠤ ᠡᠳ᠋ ᠪᠣᠳᠠᠰ᠎ᠤᠨ ᠨᠥᠭᠡᠴᠡ᠎ᠶ᠋ᠢᠨ ᠪᠠᠢᠳᠠᠯ᠂ ᠸᠠᠺᠼᠢᠨ᠎ᠤ ᠲᠠᠷᠢᠯᠭ᠎ᠠ ᠬᠢᠬᠦ᠌᠂ ᠰᠦᠯᠵᠢᠶᠡᠨ ᠳᠡᠭᠡᠷ᠎ᠡ ᠵᠢᠭᠠᠨ ᠰᠤᠷᠭᠠᠬᠤ ᠵᠢᠴᠢ ᠰᠡᠳᠭᠢᠴᠡ᠎ᠶ᠋ᠢᠨ ᠲᠤᠰᠠᠯᠠᠮᠵᠢ ᠦᠵᠡᠭᠦᠯᠬᠦ᠌ ᠵᠡᠷᠭᠡ ᠲᠠᠯ᠎ᠠ᠎ᠪᠠᠷ ᠭᠤᠤᠯᠳᠠᠯᠭ᠎ᠠ᠎ᠲᠠᠶ ᠬᠢᠨᠠᠨ ᠵᠢᠯᠣᠭᠣᠳᠴᠤ᠌ ᠪᠠᠢᠴᠠᠭᠠᠨ᠎ᠠ᠃

ᠱᠠᠭᠠᠷᠳᠠᠯᠭ᠎ᠠ ᠶᠣᠰᠣᠭᠠᠷ᠂ ᠡᠯ᠎ᠡ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠎ᠬᠢᠨ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠨ ᠱᠠᠯᠠᠪᠳᠠᠭᠤᠯᠤᠨ ᠪᠠᠢᠴᠠᠭᠠᠵᠤ ᠂ ᠦᠨᠡᠨ ᠬᠦ᠌ ᠱᠠᠯᠠᠪᠳᠠᠭᠤᠯᠤᠨ ᠪᠠᠢᠴᠠᠭᠠᠵᠤ ᠂ ᠠᠰᠠᠭᠤᠳᠠᠯ᠎ᠢ ᠢᠯᠡᠷᠡᠭᠦᠯᠪᠡᠯ ᠳᠠᠷᠤᠶ ᠲᠦᠷᠭᠡᠨ ᠬᠠᠷᠢᠭᠤ ᠲᠤᠰᠭᠠᠬᠤ᠎ᠶ᠋ᠢᠨ ᠬᠠᠮᠲᠤ ᠴᠡᠭ᠌ᠴᠡᠯᠡᠨ ᠰᠠᠢᠵᠢᠷᠠᠭᠤᠯᠬᠤ ᠰᠠᠨᠠᠯ ᠳᠤᠷᠠᠳᠴᠤ᠌ ᠂ ᠡᠬᠡ ᠲᠠᠩᠰᠠ ᠪᠠᠢᠭᠤᠯᠤᠨ᠂ ᠡᠯ᠎ᠡ ᠭᠠᠵᠠᠷ ᠤᠷᠤᠨ ᠎ᠤ ᠡᠯ᠎ᠡ ᠰᠤᠷᠭᠠᠭᠤᠯᠢ ᠎ᠶ᠋ᠢᠨ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ ᠱᠠᠯᠠᠪᠳᠠᠭᠤᠯᠤᠨ᠎ᠠ᠃ ᠡᠭᠦᠨ᠎ᠦ ᠬᠠᠮᠲᠤ ᠂ ᠡᠯ᠎ᠡ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ᠎ᠬᠢᠨ ᠡᠯ᠎ᠡ ᠭᠠᠵᠠᠷ ᠤᠷᠤᠨ᠎ᠤ ᠡᠯ᠎ᠡ ᠰᠤᠷᠭᠠᠭᠤᠯᠢ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠳᠤᠮᠳᠠ ᠲᠤᠯᠭᠠᠷᠠᠭ᠍ᠰᠠᠨ ᠬᠦᠴᠢᠷᠳᠡᠯ ᠪᠣᠯᠤᠨ ᠠᠰᠠᠭᠤᠳᠠᠯ ᠎ᠢ ᠵᠢᠯᠣᠭᠣᠳᠴᠤ᠌ ᠵᠣᠬᠢᠴᠠᠭᠤᠯᠤᠨ ᠱᠢᠢᠳᠪᠦᠷᠢᠯᠡᠵᠦ᠍᠂ ᠰᠤᠷᠭᠠᠭᠤᠯᠢ ᠎ᠶ᠋ᠢᠨ ᠬᠦᠷᠢᠶᠡᠨ ᠎ᠳᠦ ᠬᠢᠵᠢᠭ ᠬᠠᠯᠳᠠᠪᠤᠷᠢᠯᠠᠨ ᠣᠷᠣᠵᠤ ᠢᠷᠡᠬᠦ᠌ ᠪᠣᠭᠣᠮᠲᠠ᠂ ᠲᠠᠷᠬᠠᠨ ᠳᠡᠯᠭᠡᠷᠡᠬᠦ᠌ ᠪᠣᠭᠣᠮᠲᠠ᠎ᠶ᠋ᠢ ᠡᠷᠡᠰ ᠰᠠᠬᠢᠵᠤ᠂ ᠥᠷᠭᠡᠨ ᠤᠯᠠᠨ ᠪᠠᠭ᠍ᠰᠢ ᠰᠤᠷᠤᠭ᠍ᠴᠢᠳ᠎ᠤᠨ ᠠᠮᠢ ᠨᠠᠰᠤ ᠡᠷᠡᠭᠦᠯ ᠮᠡᠨᠳᠤ ᠵᠢᠨ ᠠᠮᠤᠷ ᠲᠦᠪᠱᠢᠨ᠎ᠢ ᠦᠨᠡᠨ ᠬᠦ᠌ ᠪᠠᠳᠤᠯᠠᠨ᠎ᠠ ᠬᠡᠵᠡᠢ᠃

ᠢᠷᠡᠯᠳᠡ᠄ ᠥᠪᠦᠷ ᠮᠤᠨᠭᠭᠤᠯ ᠎ᠤᠨᠰᠤᠷᠭᠠᠨ ᠬᠦᠮᠦᠵᠢᠯ ᠎ᠤᠨ ᠨᠡᠢᠳᠡᠯᠡᠯ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面