ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-03-25 18:21:18

ᠵᠣᠬᠢᠶᠠᠭ᠍ᠴᠢ᠄ ᠮᠸᠢ ᠭᠠᠩ ᠣᠩᠱᠢᠭ᠍ᠰᠠᠨ ᠣᠳᠠᠭ᠎ᠠ᠄ 3

ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠪᠠᠲᠤᠯᠠᠭ᠎ᠠ᠎ᠶ᠋ᠢᠨ ᠲᠣᠪᠴᠢᠶ᠎ᠠ᠎ᠠᠴᠠ ᠡᠮ ᠡᠮᠨᠡᠯᠭᠡ ᠵᠢᠨ ᠳᠠᠭᠠᠳᠭᠠᠯ᠎ᠤᠨ ᠲᠣᠭᠠᠴᠠᠭ᠎ᠠ ᠬᠢᠬᠦ᠌ ᠬᠡᠪᠴᠢᠶᠡᠨ᠎ᠳᠦ ᠣᠷᠣᠭᠤᠯᠤᠭ᠍ᠰᠠᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢ ᠡᠮᠨᠡᠨ ᠵᠠᠰᠠᠬᠤ᠎ᠳᠤ ᠬᠡᠷᠡᠭ᠌ᠯᠡᠬᠦ᠌ ᠡᠮ᠎ᠳᠦ ᠲᠣᠬᠢᠷᠠᠭᠤᠯᠤᠯᠲᠠ ᠬᠢᠪᠠ᠃

ᠳᠤᠳᠤᠯᠠᠭᠰᠠᠨ ᠡᠪᠡᠳᠴᠢᠲᠡᠨ《ᠱᠢᠨ᠎ᠡ ᠬᠡᠯᠪᠡᠷᠢ᠎ᠶ᠋ᠢᠨ ᠲᠢᠲᠢᠮᠯᠢᠭ ᠸᠢᠷᠦ᠋ᠰ᠎ᠦᠨ ᠠᠭᠤᠰᠭᠢᠨ ᠦᠷᠪᠢᠰᠦᠯ᠎ᠢ ᠣᠨᠣᠱᠢᠯᠠᠨ ᠡᠮᠨᠡᠬᠦ᠌ ᠲᠥᠰᠦᠯ(ᠲᠤᠷᠱᠢᠨ ᠬᠡᠷᠡᠭ᠌ᠵᠢᠭᠦᠯᠬᠦ᠌ ᠶᠢᠰᠦᠳᠦᠭᠡᠷ ᠬᠡᠪᠯᠡᠯ)》ᠳ᠋ᠤ ᠱᠢᠨ᠎ᠡ᠎ᠪᠡᠷ ᠨᠡᠮᠡᠭ᠌ᠳᠡᠭ᠌ᠰᠡᠨ ᠨᠠᠢ᠌ᠮᠠᠲ᠋ᠸ᠋ᠸᠢ / ᠯᠢᠲ᠋ᠤᠨᠠᠸ᠋ᠸᠢ᠎ᠡᠮ᠎ᠢ ᠬᠥᠬᠡ ᠲᠥᠷᠥᠯ᠎ᠦᠨ ᠡᠮ᠎ᠦᠨ ᠵᠦᠶ᠋ᠯ᠎ᠢᠶᠡᠷ ᠲᠦᠷ ᠴᠠᠭ᠎ᠤᠨ ᠴᠢᠨᠠᠷᠲᠠᠶ᠎ᠪᠠᠷ ᠡᠮ ᠡᠮᠨᠡᠯᠭᠡ᠎ᠶ᠋ᠢᠨ ᠳᠠᠭᠠᠳᠭᠠᠯ᠎ᠤᠨ ᠰᠠᠭᠤᠷᠢ ᠮᠥᠩᠭᠥ᠎ᠶ᠋ᠢᠨ ᠲᠣᠭᠠᠴᠠᠭ᠎ᠠ ᠬᠢᠬᠦ᠌ ᠬᠡᠪᠴᠢᠶᠡᠨ᠎ᠳᠦ ᠣᠷᠣᠭᠤᠯᠪᠠ᠃ ᠬᠠᠷᠠᠬᠠᠨ ᠰᠦᠯᠵᠢᠶᠡᠨ᠎ᠳᠦ ᠨᠡᠢᠲᠡᠯᠡᠭᠡᠳᠦᠶ ᠱᠢᠨ᠎ᠡ᠎ᠪᠡᠷ ᠨᠡᠮᠡᠭ᠌ᠳᠡᠭ᠌ᠰᠡᠨ ᠡᠮ᠎ᠦᠨ ᠵᠦᠶ᠋ᠯ᠎ᠳᠦ᠂ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ᠎ᠶ᠋ᠢᠨ ᠬᠤᠳᠠᠯᠳᠤᠨ ᠠᠪᠬᠤ ᠲᠥᠪ᠎ᠡᠴᠡ ᠰᠠᠭᠠᠳ ᠥᠬᠡᠶ ᠨᠡᠪᠲᠡᠷᠡᠬᠦ᠌ ᠵᠠᠮ᠎ᠢ ᠱᠢᠭᠤᠳ ᠰᠦᠯᠵᠢᠶᠡᠨ᠎ᠳᠦ ᠭᠠᠷᠭᠠᠵᠤ᠂ ᠰᠦᠯᠵᠢᠶᠡᠨ᠎ᠳᠦ ᠣᠷᠣᠭᠤᠯᠬᠤ᠎ᠠᠴᠠ ᠡᠮᠦᠨ᠎ᠡ ᠡᠮᠴᠢᠯᠡᠭᠡᠨ᠎ᠦ ᠪᠠᠢᠭᠤᠯᠤᠮᠵᠢ᠎ᠶ᠋ᠢᠨ ᠤᠷᠢᠳᠠᠪᠠᠷ ᠰᠦᠯᠵᠢᠶᠡᠨ᠎ᠡᠴᠡ ᠭᠠᠳᠠᠨ᠎ᠠ ᠬᠤᠳᠠᠯᠳᠤᠨ ᠠᠪᠴᠤ᠌ ᠪᠠᠴᠢᠮ ᠪᠠᠢᠳᠠᠯ᠎ᠢ ᠠᠷᠭᠠᠴᠠᠭᠠᠬᠤ᠎ᠳᠤ ᠬᠡᠷᠡᠭ᠌ᠯᠡᠬᠦ᠌᠎ᠶ᠋ᠢ ᠵᠥᠪᠱᠢᠶᠡᠷᠡᠵᠦ᠍᠂ ᠡᠮᠴᠢᠯᠡᠭᠡᠨ᠎ᠦ ᠬᠡᠷᠡᠭ᠌ᠴᠡᠭᠡ ᠱᠠᠭᠠᠷᠳᠠᠯᠭ᠎ᠠ᠎ᠶ᠋ᠢ ᠪᠠᠲᠤᠯᠠᠨ᠎ᠠ᠃ ᠱᠢᠨ᠎ᠡ ᠲᠢᠲᠢᠮᠯᠢᠭ ᠸᠢᠷᠦ᠋ᠰ᠎ᠦᠨ ᠥᠳᠥᠭᠡᠭ᠌ᠴᠢ᠎ᠶ᠋ᠢ ᠱᠢᠯᠭᠠᠨ ᠪᠠᠢᠴᠠᠭᠠᠬᠤ ᠲᠤᠷᠱᠢᠯᠲᠠ᠎ᠶ᠋ᠢᠨ ᠡᠮ᠎ᠢ ᠬᠤᠪᠢ ᠬᠥᠮᠦᠨ᠎ᠦ ᠲᠠᠩᠰᠠᠨ ᠡᠷᠦᠬᠡ᠎ᠶ᠋ᠢᠨ ᠲᠣᠭᠠᠴᠠᠭ᠎ᠠ ᠬᠢᠬᠦ᠌ ᠬᠡᠪᠴᠢᠶᠡᠨ᠎ᠳᠦ ᠣᠷᠣᠭᠤᠯᠵᠤ᠂ ᠬᠢᠵᠢᠭ᠎ᠦᠨ ᠬᠤᠭᠤᠴᠠᠭᠠᠨ᠎ᠳᠤ ᠳᠠᠭᠠᠳᠭᠠᠯ᠎ᠳᠤ ᠣᠷᠣᠯᠴᠠᠭ᠍ᠰᠠᠨ ᠡᠪᠡᠳᠴᠢᠲᠡᠨ ᠲᠣᠭ᠍ᠲᠠᠭ᠍ᠰᠠᠨ ᠡᠮ ᠡᠮᠨᠡᠯᠭᠡ ᠵᠢᠨ ᠪᠠᠢᠭᠤᠯᠤᠮᠵᠢ ᠵᠢᠴᠢ ᠵᠢᠵᠢᠭ᠌ᠯᠡᠨ ᠬᠤᠳᠠᠯᠳᠤᠬᠤ ᠡᠮ᠎ᠦᠨ ᠳᠡᠯᠭᠡᠭᠦᠷ᠎ᠡᠴᠡ ᠱᠢᠨ᠎ᠡ ᠲᠢᠲᠢᠮᠯᠢᠭ ᠸᠢᠷᠦ᠋ᠰ᠎ᠦᠨ ᠥᠳᠥᠭᠡᠭ᠌ᠴᠢ᠎ᠶ᠋ᠢ ᠱᠢᠯᠭᠠᠨ ᠪᠠᠢᠴᠠᠭᠠᠬᠤ ᠲᠤᠷᠱᠢᠯᠲᠠ᠎ᠶ᠋ᠢᠨ ᠡᠮ ᠬᠤᠳᠠᠯᠳᠤᠨ ᠠᠪᠤᠭ᠍ᠰᠠᠨ ᠵᠠᠷᠤᠳᠠᠯ᠎ᠢ ᠬᠤᠪᠢ ᠬᠥᠮᠦᠨ᠎ᠦ ᠲᠠᠩᠰᠠᠨ ᠡᠷᠦᠬᠡ᠎ᠪᠡᠷ ᠲᠣᠭᠠᠴᠠᠭ᠎ᠠ ᠬᠢᠵᠦ᠍ ᠪᠣᠯᠤᠨ᠎ᠠ᠃

ᠡᠭᠦᠨ᠎ᠡᠴᠡ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ ᠥᠪᠥᠷ ᠮᠣᠩᠭᠣᠯ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠳᠠᠯ᠎ᠳᠤ ᠴᠢᠭ᠌ᠯᠡᠭᠦᠯᠦᠨ᠂ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠭᠠᠵᠤ᠂《ᠬᠣᠶᠠᠷ᠎ᠢ ᠪᠠᠲᠤᠯᠠᠬᠤ》ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠨᠠᠢᠳᠠᠪᠤᠷᠢᠵᠢᠭᠤᠯᠵᠤ᠂ ᠠᠪᠤᠷᠠᠨ ᠵᠠᠰᠠᠬᠤ ᠰᠠᠭᠤᠷᠢ ᠮᠥᠩᠭᠥ᠎ᠶ᠋ᠢ ᠤᠷᠢᠳᠴᠢᠯᠠᠨ ᠰᠠᠯᠭᠠᠨ ᠥᠭ᠌ᠬᠦ᠂ ᠡᠮ᠎ᠦᠨ ᠵᠦᠶ᠋ᠯᠡᠰ᠎ᠦᠨ ᠬᠣᠷᠣᠭ᠍ᠳᠠᠯ ᠮᠠᠲ᠋ᠧᠷᠢᠶᠠᠯ ᠬᠠᠩᠭᠠᠬᠤ ᠠᠷᠭ᠎ᠠ ᠵᠠᠮ᠎ᠢ ᠱᠢᠯᠤᠭᠤᠳᠭᠠᠬᠤ᠂ ᠲᠣᠭᠠᠴᠠᠭ᠎ᠠ ᠬᠢᠬᠦ᠌ ᠰᠠᠭᠠᠳ ᠥᠬᠡᠶ ᠨᠡᠪᠲᠡᠷᠡᠬᠦ᠌ ᠵᠠᠮ᠎ᠢ ᠨᠡᠪᠲᠡᠷᠡᠭᠦᠯᠬᠦ᠌᠂ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡ ᠥᠷᠨᠢᠭᠦᠯᠬᠦ᠌ ᠵᠡᠷᠭᠡ ᠠᠯᠢ ᠣᠯᠠᠨ ᠡᠮ ᠡᠮᠨᠡᠯᠭᠡ ᠵᠢᠨ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠪᠥᠬᠥ᠌ ᠬᠦᠴᠦᠨ᠎ᠢᠶᠡᠷ᠎ᠢᠶᠡᠨ ᠬᠡᠷᠡᠭ᠌ᠵᠢᠭᠦᠯᠪᠡ᠃ ᠲᠣᠰ ᠤᠳᠠᠭᠠᠨ᠎ᠤ ᠡᠮ ᠡᠮᠨᠡᠯᠭᠡ ᠵᠢᠨ ᠳᠠᠭᠠᠳᠭᠠᠯ᠎ᠤᠨ ᠲᠣᠭᠠᠴᠠᠭ᠎ᠠ ᠬᠢᠬᠦ᠌ ᠬᠡᠪᠴᠢᠶᠡᠨ᠎ᠳᠦ ᠲᠦᠷ ᠴᠠᠭ᠎ᠤᠨ ᠲᠣᠬᠢᠷᠠᠭᠤᠯᠤᠯᠲᠠ ᠬᠢᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮ ᠡᠮᠨᠡᠯᠭᠡ ᠵᠢᠨ ᠪᠠᠲᠤᠯᠠᠭ᠎ᠠ᠎ᠶ᠋ᠢᠨ ᠲᠣᠭ᠍ᠲᠠᠴᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠪᠥᠬᠥ᠌ ᠣᠷᠣᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠬᠦᠴᠦᠲᠡᠶ ᠳᠡᠮᠵᠢᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面