ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-03-31 09:48:23

ᠵᠣᠬᠢᠶᠠᠭ᠍ᠴᠢ᠄ ᠵᠧᠩ ᠱᠢᠤᠸᠠᠢ ᠯᠢᠶᠠᠩ ᠸᠠᠩ ᠶᠠ ᠵᠢᠩ ᠣᠩᠱᠢᠭ᠍ᠰᠠᠨ ᠣᠳᠠᠭ᠎ᠠ᠄ 3

3 ᠰᠠᠷ᠎ᠠ᠎ᠶ᠋ᠢᠨ 30 ᠤ᠋ ᠡᠳᠦᠷ᠎ᠦᠨ 10 ᠴᠠᠭ᠎ᠲᠤ᠂ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ ᠡᠴᠡ᠂ 3 ᠰᠠᠷ᠎ᠠ᠎ᠶ᠋ᠢᠨ 29 ᠤ᠋ 0 ᠴᠠᠭ᠎ᠠᠴᠠ 24 ᠴᠠᠭ ᠪᠣᠯᠲᠠᠯ᠎ᠠ᠂ ᠬᠥᠬᠡᠬᠣᠲᠠ᠎ᠳᠤ ᠲᠤᠬᠠᠢ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠵᠢᠡᠷ ᠣᠨᠣᠱᠢᠯᠠᠭ᠍ᠳᠠᠭᠰᠠᠨ ᠡᠪᠡᠳᠴᠢᠨ᠎ᠦ ᠵᠢᠱ᠌ᠢᠢ᠎ᠡ᠂ ᠰᠡᠵᠢᠭ᠌ᠯᠡᠯᠲᠡᠢ ᠡᠪᠡᠳᠴᠢᠨ᠎ᠦ ᠵᠢᠱ᠌ᠢᠢ᠎ᠡ ᠪᠠ ᠡᠪᠡᠳᠴᠢᠨ᠎ᠦ ᠢᠯᠡᠷᠡᠯ ᠦᠭᠡᠢ ᠬᠠᠯᠳᠠᠪᠤᠷᠢᠯᠠᠭ᠍ᠳᠠᠭᠴᠢ ᠱᠢᠨ᠎ᠡ᠎ᠪᠡᠷ ᠨᠡᠮᠡᠭ᠌ᠳᠡᠭ᠌ᠰᠡᠨ ᠦᠭᠡᠢ ᠭᠡᠵᠤ ᠨᠡᠢᠳᠡᠯᠡᠵᠠᠢ᠃

2 ᠰᠠᠷ᠎ᠠ᠎ᠶ᠋ᠢᠨ 15 ᠤ᠋ ᠡᠳᠦᠷ᠎ᠡᠴᠡ ᠨᠠᠭᠠᠰᠢ᠂ ᠬᠥᠬᠡᠬᠣᠲᠠ ᠲᠤᠬᠠᠶ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠣᠨᠣᠱᠢᠯᠠᠭ᠍ᠳᠠᠭᠰᠠᠨ ᠡᠪᠡᠳᠴᠢᠨ᠎ᠦ ᠵᠢᠱ᠌ᠢᠶ᠎ᠡ᠎ᠶ᠋ᠢ ᠨᠡᠢᠲᠡ 436 ᠮᠡᠳᠡᠭᠦᠯᠵᠦ᠍᠂ ᠲᠤᠬᠠᠶ᠎ᠶ᠋ᠢᠨ ᠭᠠᠵᠠᠷ᠎ᠤᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭ᠍ᠳᠠᠭᠴᠢ ᠵᠢ 21ᠮᠡᠳᠡᠭᠦᠯᠪᠡ᠃ 3 ᠰᠠᠷ᠎ᠠ᠎ᠶ᠋ᠢᠨ 29 ᠤ᠋ ᠡᠳᠦᠷ᠂ ᠬᠥᠬᠡᠬᠣᠲᠠ᠎ᠳᠤ ᠪᠠᠰᠠ 1 ᠣᠨᠣᠱᠢᠯᠠᠭ᠍ᠳᠠᠭᠰᠠᠨ ᠡᠪᠡᠳᠴᠢᠨ᠎ᠦ ᠵᠢᠱ᠌ᠢᠶ᠎ᠡ ᠡᠳᠡᠭᠡᠷᠡᠨ ᠡᠮᠨᠡᠯᠭᠡ᠎ᠡᠴᠡ ᠭᠠᠷᠴᠤ᠌᠂ 2 ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠭᠴᠢ ᠳ᠋ᠤ ᠠᠨᠠᠭᠠᠬᠤ ᠤᠬᠠᠭᠠᠨ᠎ᠤ ᠠᠵᠢᠭ᠍ᠯᠠᠯᠲᠠ ᠬᠢᠬᠦ᠌᠎ᠪᠡᠨ ᠪᠤᠯᠢᠪᠠ᠃ ᠣᠲᠣ᠂ ᠪᠥᠬᠥ᠌ ᠬᠣᠲᠠ᠎ᠳᠤ ᠲᠤᠬᠠᠶ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢᠶᠡᠷ ᠣᠨᠣᠱᠢᠯᠠᠭ᠍ᠳᠠᠭ᠍ᠰᠠᠨ ᠡᠪᠡᠳᠴᠢᠨ ᠤ᠋ ᠵᠢᠱ᠌ᠢᠶ᠎ᠠ 3 ᠪᠠᠢᠵᠤ᠂ ᠲᠤᠬᠠᠶ᠎ᠶ᠋ᠢᠨ ᠭᠠᠵᠠᠷ᠎ᠤᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭᠳᠠᠭᠴᠢ 17 ᠪᠣᠶ᠃

ᠣᠢᠷ᠎ᠠ᠎ᠳᠤ᠂ ᠬᠥᠬᠡᠬᠣᠲᠠ᠎ᠶ᠋ᠢᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ ᠠᠯᠬᠤᠮ ᠳᠠᠷᠠᠭ᠎ᠠ ᠲᠠᠢ ᠪᠡᠷ ᠰᠤᠷᠭᠠᠭᠤᠯᠢ᠎ᠳᠠᠭᠠᠨ ᠪᠤᠴᠠᠵᠤ᠂ ᠪᠥᠬᠥ᠌ ᠬᠣᠲᠠ᠎ᠶ᠋ᠢᠨ ᠠᠵᠢᠯ ᠦᠶ᠋ᠯᠡᠳᠪᠦᠷᠢᠯᠡᠯ᠎ᠢᠶᠡᠨ ᠰᠡᠷᠭᠦᠭᠡᠬᠦ᠌ ᠵᠢ ᠠᠯᠬᠤᠮ ᠠᠯᠬᠤᠮ᠎ᠢᠶᠠᠷ ᠠᠬᠢᠭᠤᠯᠵᠤ ᠪᠣᠶ᠂ ᠡᠯ᠎ᠡ ᠰᠤᠷᠭᠠᠭᠤᠯᠢ᠂ ᠡᠯ᠎ᠡ ᠠᠵᠤ ᠠᠬᠤᠢᠯᠠᠯ᠎ᠤᠨ᠎ᠬᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠢᠯ ᠦᠶ᠋ᠯᠡᠳᠪᠦᠷᠢᠯᠡᠯ᠎ᠢᠶᠡᠨ ᠰᠡᠷᠭᠦᠭᠡᠬᠦ᠌᠎ᠶ᠋ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠬᠢᠵᠦ᠍᠂ ᠡᠯ᠎ᠡ ᠵᠦᠶ᠋ᠯ᠎ᠦᠨ ᠠᠵᠢᠯ᠎ᠤᠨ ᠲᠣᠭ᠍ᠲᠠᠭᠤᠨ ᠡᠮᠬᠢ ᠵᠢᠷᠤᠮ᠎ᠲᠠᠶ ᠶᠠᠪᠤᠭ᠍ᠳᠠᠬᠤ᠎ᠶ᠋ᠢ ᠦᠨᠡᠨ ᠬᠦ᠌ ᠪᠠᠲᠤᠯᠠᠵᠤ ᠪᠤᠢ᠃ ᠡᠭᠦᠨ᠎ᠦ ᠬᠠᠮᠲᠤ᠂ ᠥᠷᠭᠡᠨ ᠣᠯᠠᠨ ᠬᠣᠲᠠ᠎ᠶ᠋ᠢᠨ ᠠᠷᠠᠳ ᠶᠠᠭᠠᠬᠢᠭ᠍ᠰᠠᠨ ᠴᠤ᠌ ᠰᠣᠨᠣᠷ ᠰᠡᠷᠡᠮᠵᠢ᠎ᠪᠡᠨ ᠰᠤᠯᠠᠷᠠᠭᠤᠯᠵᠤ ᠪᠣᠯᠬᠤ ᠥᠬᠡᠶ᠂ ᠬᠤᠪᠢ ᠬᠥᠮᠦᠨ᠎ᠦ ᠰᠡᠷᠭᠡᠢᠯᠡᠯᠲᠡ ᠬᠠᠮᠠᠭᠠᠯᠠᠯᠲᠠ᠎ᠪᠠᠨ ᠦᠷᠭᠦᠯᠵᠢᠯᠡᠨ ᠰᠠᠢᠲᠤᠷ ᠬᠢᠵᠦ᠍᠂ ᠬᠥᠬᠡᠬᠣᠲᠠ᠎ᠶ᠋ᠢᠨ ᠬᠢᠵᠢᠭ᠎ᠢ ᠰᠡᠷᠭᠡᠢᠯᠡᠭ᠌ᠰᠡᠨ ᠦᠷ᠎ᠡ ᠪᠦᠲᠦᠭᠡᠯ᠎ᠢ ᠬᠠᠮᠲᠤ᠎ᠪᠠᠷ ᠰᠠᠬᠢᠨ ᠬᠠᠮᠠᠭᠠᠯᠠᠰᠤᠭᠠᠢ ᠬᠡᠰᠡᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面