2022-03-29 11:16:28
3 ᠰᠠᠷ᠎ᠠ᠎ᠶ᠋ᠢᠨ 28 ᠤ᠋ ᠡᠳᠦᠷ᠎ᠦᠨ 10 ᠴᠠᠭ᠎ᠲᠤ᠂ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ᠂ 3 ᠰᠠᠷ᠎ᠠ᠎ᠶ᠋ᠢᠨ 27 ᠤ᠋ ᠡᠳᠦᠷ᠎ᠦᠨ 0 ᠴᠠᠭ᠎ᠠᠴᠠ 24 ᠴᠠᠭ ᠪᠣᠯᠲᠠᠯ᠎ᠠ᠂ ᠬᠥᠬᠡᠬᠣᠲᠠ᠎ᠳᠤ ᠲᠤᠬᠠᠢ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯᠵᠢᠡᠷ ᠣᠨᠣᠱᠢᠯᠠᠭ᠍ᠳᠠᠭᠰᠠᠨ ᠡᠪᠡᠳᠴᠢᠨ᠎ᠦ ᠵᠢᠱ᠌ᠢᠢ᠎ᠡ᠂ ᠰᠡᠵᠢᠭ᠌ᠯᠡᠯᠲᠡᠢ ᠡᠪᠡᠳᠴᠢᠨ᠎ᠦ ᠵᠢᠱ᠌ᠢᠢ᠎ᠡ ᠪᠠ ᠡᠪᠡᠳᠴᠢᠨ᠎ᠦ ᠢᠯᠡᠷᠡᠯ ᠦᠭᠡᠢ ᠬᠠᠯᠳᠠᠪᠤᠷᠢᠯᠠᠭ᠍ᠳᠠᠭᠴᠢ ᠱᠢᠨ᠎ᠡ᠎ᠪᠡᠷ ᠨᠡᠮᠡᠭ᠌ᠳᠡᠭ᠌ᠰᠡᠨ ᠦᠭᠡᠢ ᠭᠡᠵᠦ ᠨᠡᠢᠲᠡᠯᠡᠪᠡ᠃
2 ᠰᠠᠷ᠎ᠠ᠎ᠶ᠋ᠢᠨ 15 ᠤ᠋ ᠡᠳᠦᠷ᠎ᠡᠴᠡ ᠨᠠᠭᠠᠰᠢ᠂ ᠬᠥᠬᠡᠬᠣᠲᠠ ᠲᠤᠬᠠᠶ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯᠵᠢᠡᠷ ᠤᠨᠤᠰᠢᠯᠠᠭᠳᠠᠭᠰᠠᠨ ᠡᠪᠡᠳᠴᠢᠨ᠎ᠦ ᠵᠢᠱ᠌ᠢᠶ᠎ᠡ᠎ᠶ᠋ᠢ ᠨᠡᠢᠲᠡ 436 ᠮᠡᠳᠡᠭᠦᠯᠵᠦ᠍᠂ ᠲᠤᠬᠠᠶ᠎ᠶ᠋ᠢᠨ ᠭᠠᠵᠠᠷ᠎ᠤᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭ᠍ᠳᠠᠭᠴᠢ 21᠎ᠶ᠋ᠢ ᠮᠡᠳᠡᠭᠦᠯᠪᠡ᠃ ᠣᠲᠣ ᠪᠣᠯᠲᠠᠯ᠎ᠠ᠂ ᠪᠥᠬᠥ᠌ ᠬᠣᠲᠠ᠎ᠳᠤ ᠲᠤᠬᠠᠶ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢᠶᠡᠷ ᠣᠨᠣᠱᠢᠯᠠᠭ᠍ᠳᠠᠭ᠍ᠰᠠᠨ ᠡᠪᠡᠳᠴᠢᠨ᠎ᠤ ᠵᠢᠱᠶ᠋ᠶ᠎ᠡ 5 ᠪᠠᠢᠵᠤ᠂ ᠲᠤᠬᠠᠶ᠎ᠶ᠋ᠢᠨ ᠭᠠᠵᠠᠷ᠎ᠤᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭ᠍ᠳᠠᠭᠴᠢ 21 ᠪᠣᠶ᠃
3 ᠰᠠᠷ᠎ᠠ᠎ᠶ᠋ᠢᠨ 28 ᠤ᠋ ᠡᠳᠦᠷ᠂ ᠬᠥᠬᠡᠬᠣᠲᠠ ᠦᠷᠭᠦᠯᠵᠢᠯᠡᠨ ᠲᠤᠰᠠᠭᠠᠷᠯᠠᠬᠤ ᠴᠡᠭ ᠪᠠ ᠬᠡᠷ᠎ᠲᠡᠬᠡᠨ ᠲᠤᠰᠠᠭᠠᠷᠯᠠᠵᠤ ᠪᠠᠢᠭ᠎ᠠ ᠨᠢᠭ᠍ᠲᠠ ᠤᠢᠷᠠᠲᠤᠭᠴᠢ᠂ ᠳᠠᠮ ᠤᠢᠷᠠᠲᠤᠭᠴᠢᠳ᠋ᠸ᠋ ᠪᠥᠭᠡᠮ ᠬᠦᠴᠢᠯ᠎ᠦᠨ ᠪᠠᠢᠴᠠᠭᠠᠯᠲᠠ ᠬᠢᠪᠠ᠃ ᠪᠤᠰᠤᠳ ᠭᠠᠵᠠᠷ ᠣᠷᠣᠨ ᠪᠤᠯᠤᠨ ᠬᠥᠮᠦᠰ ᠲᠸ᠋ ᠲᠦᠷ ᠴᠠᠭ ᠪᠥᠭᠡᠮ ᠬᠦᠴᠢᠯ᠎ᠦᠨ ᠪᠠᠢᠴᠠᠭᠠᠯᠲᠠ ᠬᠢᠬᠦ᠌ ᠥᠬᠡᠶ᠃
ᠣᠳᠣᠬᠠᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠲᠣᠬᠢᠷᠠᠭᠤᠯᠤᠯᠲᠠ᠎ᠶ᠋ᠢ ᠦᠨᠳᠦᠰᠦᠯᠡᠪᠡᠯ᠂ ᠵᠢᠨᠴᠤᠸᠠᠨ ᠨᠡᠭᠡᠭᠡᠯᠲᠡ᠎ᠶ᠋ᠢᠨ ᠲᠣᠭᠣᠷᠢᠭ᠎ᠤᠨ ᠵᠢᠨ ᠬᠠᠶ ᠵᠠᠮ ᠵᠢᠴᠢ ᠲᠡᠭᠦᠨ᠎ᠦ ᠣᠢᠷ᠎ᠠ ᠬᠠᠪᠢ᠎ᠶ᠋ᠢᠨ ᠵᠠᠮ ᠳᠠᠭᠠᠤ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠷᠢᠭ᠎ᠠ ᠪᠣᠭᠣᠮᠲᠠ᠎ᠶ᠋ᠢ ᠨᠢᠭᠡᠨᠲᠡ ᠬᠦᠴᠦᠨ ᠥᠬᠡᠶ ᠪᠣᠯᠭᠠᠵᠤ᠂ 3 ᠰᠠᠷ᠎ᠠ᠎ᠶ᠋ᠢᠨ 27 ᠤ᠋ ᠡᠳᠦᠷ᠎ᠡᠴᠡ ᠡᠬᠢᠯᠡᠨ 8᠂ 64᠂ 79 ᠂ 303 ᠂ K1 ᠂ K5᠂ K7 ᠵᠠᠮ᠎ᠤᠨ ᠨᠡᠢᠲᠡ᠎ᠵᠢᠨ ᠮᠠᠰᠢᠨ ᠲᠡᠷᠭᠡ᠎ᠵᠢᠨ ᠬᠡᠪ᠎ᠦᠨ ᠡᠵᠡᠩᠨᠡᠯᠲᠡ᠎ᠶ᠋ᠢ ᠰᠡᠷᠭᠦᠭᠡᠵᠦ᠍᠂ ᠥᠷᠯᠥᠭᠡ᠎ᠶ᠋ᠢᠨ 6 ᠴᠠᠬ 10 ᠮᠢᠨᠦ᠋ᠲ ᠡᠴᠡ ᠡᠬᠢᠯᠡᠨ ᠲᠡᠷᠭᠡ ᠬᠦᠳᠡᠯᠵᠦ᠂ ᠣᠷᠣᠶ᠎ᠶ᠋ᠢᠨ 20 ᠴᠠᠭ᠎ᠲᠤ ᠡᠴᠦᠰ᠎ᠦᠨ ᠡᠭᠡᠯᠵᠢ᠎ᠶ᠋ᠢᠨ ᠲᠡᠷᠭᠡ ᠬᠦᠳᠡᠯᠦᠨ᠎ᠠ᠃ 3 ᠰᠠᠷ᠎ᠠ᠎ᠶ᠋ᠢᠨ 27 ᠤ᠋ ᠡᠳᠦᠷ᠎ᠡᠴᠡ ᠡᠬᠢᠯᠡᠨ ᠵᠦᠭᠡᠭᠡᠪᠦᠷᠢ᠎ᠶ᠋ᠢᠨ ᠬᠦᠴᠦᠨ ᠨᠢᠭᠡᠨᠲᠡ 80% ᠳ᠋ᠤ ᠬᠦᠷᠴᠦ᠍᠂ ᠡᠷᠲᠡ ᠣᠷᠣᠶ᠎ᠶ᠋ᠢᠨ ᠣᠷᠭᠢᠯ᠎ᠤᠨ ᠦᠶ᠎ᠡ ᠵᠢᠨ ᠲᠡᠷᠭᠡ ᠠᠶᠠᠯᠠᠬᠤ ᠴᠠᠭ᠎ᠢ 8 — 10 ᠮᠢᠨᠦ᠋ᠲ ᠠᠯᠤᠰᠯᠠᠵᠤ᠂ ᠡᠩ᠎ᠦᠨ ᠦᠶ᠎ᠡ ᠳ᠋ᠸ᠋ 15 ᠮᠢᠨᠦ᠋ᠲ ᠣᠷᠴᠢᠮ ᠠᠯᠤᠰᠯᠠᠵᠤ᠂ ᠡᠷᠬᠢᠨ ᠲᠣᠭᠣᠷᠢᠨ᠎ᠤ ᠣᠷᠣᠨ ᠪᠦᠰᠡ᠎ᠶ᠋ᠢᠨ ᠬᠣᠲᠠ᠎ᠶ᠋ᠢᠨ ᠠᠷᠠᠳ᠎ᠤᠨ ᠠᠵᠢᠯᠯᠠᠬᠤ ᠪᠠ ᠰᠤᠷᠭᠠᠭᠤᠯᠢ᠎ᠳᠤ ᠣᠴᠢᠬᠤ ᠬᠡᠷᠡᠭ᠌ᠴᠡᠭᠡ᠎ᠶ᠋ᠢ ᠬᠠᠩᠭᠠᠨ᠎ᠠ᠃ ᠡᠭᠦᠨ᠎ᠡᠴᠡ ᠭᠠᠳᠠᠨ᠎ᠠ᠂ ᠵᠢᠨᠴᠤᠸᠠᠨᠤ ᠳ᠋ᠦᠩ ᠫᠸᠩ ᠽᠢ ᠲᠣᠰᠭᠣᠨ᠎ᠤ ᠬᠤᠷᠢᠭ᠎ᠠ ᠪᠣᠭᠣᠮᠲᠠ᠎ᠶ᠋ᠢ ᠨᠢᠭᠡᠨᠲᠡ ᠬᠦᠴᠦᠨ ᠥᠬᠡᠶ ᠪᠣᠯᠭᠠᠵᠤ᠂ ᠳ᠋ᠦᠩ ᠫᠸᠩ ᠽᠢ ᠲᠣᠰᠭᠣᠨ ᠵᠢᠴᠢ ᠬᠣᠲᠠ᠎ᠶ᠋ᠢᠨ ᠲᠣᠭᠣᠷᠢᠭ᠎ᠤᠨ ᠪᠠᠷᠠᠭᠤᠨ ᠬᠣᠢᠲᠤ ᠬᠡᠰᠡᠭ᠎ᠦᠨ ᠵᠠᠮ ᠳᠠᠭᠠᠤ᠎ᠳᠠᠬᠢ ᠬᠣᠲᠠ᠎ᠶ᠋ᠢᠨ ᠠᠷᠠᠳ᠎ᠤᠨ ᠶᠠᠪᠤᠵᠤ ᠰᠠᠭᠤᠬᠤ ᠬᠡᠷᠡᠭ᠌ᠴᠡᠭᠡ᠎ᠶ᠋ᠢ ᠬᠠᠩᠭᠠᠬᠤ᠎ᠶ᠋ᠢᠨ ᠲᠥᠯᠥᠭᠡ᠂ 3 ᠰᠠᠷ᠎ᠠ᠎ᠶ᠋ᠢᠨ 28 ᠤ᠋ ᠡᠳᠦᠷ᠎ᠡᠴᠡ ᠡᠬᠢᠯᠡᠨ ᠨᠠᠢᠳᠠ ᠵᠢᠨ ᠮᠠᠰᠢᠨ ᠲᠡᠷᠬᠡ ᠪᠡ ᠵᠢᠮᠳᠤ ᠲᠠᠮᠤᠷ ᠵᠠᠮ᠎ᠢ ᠵᠤᠯᠭᠠᠭᠤᠯᠬᠤ《ᠵᠢᠮᠳᠤ ᠲᠡᠮᠦᠷ ᠵᠠᠮ ᠪᠠᠢ ᠳ᠋ᠦ᠋ 9 ᠳ᠋ᠸ᠋ᠭᠡᠷ ᠱᠤᠭᠤᠮ》᠎ᠢ᠋ ᠰᠡᠷᠭᠦᠭᠡᠪᠡ᠃ ᠵᠠᠯᠭᠠᠭᠠᠳ᠂ ᠬᠥᠬᠡᠬᠣᠲᠠ ᠠᠶᠠᠨᠴᠢᠳ᠎ᠤᠨ ᠨᠠᠭᠠᠰᠢ ᠴᠠᠭᠠᠰᠢ ᠶᠠᠪᠤᠵᠤ ᠰᠠᠭᠤᠬᠤ ᠪᠣᠳᠠᠲᠤ ᠪᠠᠢᠳᠠᠯ᠎ᠢ ᠦᠨᠳᠦᠰᠦᠯᠡᠨ᠂ ᠡᠯ᠎ᠡ ᠵᠠᠮ ᠱᠤᠭᠤᠮ᠎ᠤᠨ ᠵᠦᠭᠡᠭᠡᠪᠦᠷᠢ᠎ᠶ᠋ᠢᠨ ᠬᠦᠴᠦᠨ ᠪᠠ ᠲᠡᠷᠭᠡ ᠬᠦᠳᠡᠯᠬᠦ ᠠᠯᠤᠰᠯᠠᠬᠤ ᠴᠠᠭ ᠲᠸ᠋ ᠦᠷᠭᠦᠯᠵᠢᠯᠡᠨ ᠲᠣᠬᠢᠷᠠᠭᠤᠯᠤᠯᠳᠠ ᠬᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃