ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-04-06 17:51:26

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ᠎ᠤᠨ ᠠᠯᠪᠠᠨ ᠵᠠᠷᠯᠠᠯ

( 2022 ᠣᠨ᠎ᠤ 57 ᠳ᠋ᠤᠭᠠᠷ ᠲᠣᠭᠠᠲᠤ )

ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ 《ᠭᠠᠳᠠᠨ᠎ᠠ᠎ᠠᠴᠠ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠬᠦ᠂ ᠳᠣᠲᠣᠭᠠᠳᠤ᠎ᠳᠠᠭᠠᠨ ᠳᠠᠬᠢᠨ ᠡᠭᠦᠰᠬᠦ ᠵᠢ ᠰᠡᠷᠭᠡᠢᠯᠡᠬᠦ》 ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ ᠠᠷᠭ᠎ᠠ ᠪᠣᠳᠣᠯᠭ᠎ᠠ ᠵᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠴᠢᠩᠭ᠎ᠠ ᠰᠡᠷᠭᠡᠢᠯᠡᠨ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠤᠨ ᠬᠠᠯᠳᠠᠪᠤᠷᠢᠯᠠᠬᠤ ᠠᠶᠤᠯ ᠲᠦᠭ᠌ᠰᠢᠭᠦᠷᠢ᠎ᠶ᠋ᠢ ᠪᠦᠲᠦᠮᠵᠢᠲᠡᠢ ᠪᠠᠭᠤᠷᠠᠭᠤᠯᠵᠤ᠂ ᠮᠠᠨ᠎ᠤ ᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠲᠣᠭ᠍ᠲᠠᠭᠤᠨ᠎ᠢᠶᠠᠷ ᠰᠠᠢᠵᠢᠷᠠᠬᠤ ᠬᠠᠨᠳᠤᠰᠢ᠎ᠶ᠋ᠢ ᠦᠷᠭᠦᠯᠵᠢᠯᠡᠨ ᠪᠡᠬᠢᠵᠢᠭᠦᠯᠬᠦ ᠵᠢᠨ ᠲᠦᠯᠦᠭᠡ᠂ ᠳᠣᠣᠷᠠᠬᠢ ᠮᠡᠲᠦ ᠵᠠᠷᠯᠠᠪᠠ᠄

ᠨᠢᠭᠡ᠂ ᠠᠷᠠᠳ᠎ᠤᠨ ᠠᠭᠠᠷ᠎ᠤᠨ ᠲᠡᠭᠡᠭᠡᠪᠦᠷᠢ᠂ ᠲᠡᠮᠦᠷ ᠵᠠᠮ᠂ ᠵᠠᠰᠠᠮᠠᠯ ᠵᠠᠮ᠎ᠵᠢᠡᠷ ᠳᠠᠮᠵᠢᠨ ᠬᠥᠬᠡᠬᠣᠲᠠ᠎ᠠᠴᠠ ᠭᠠᠷᠬᠤ ᠬᠥᠮᠦᠰ᠎ᠤᠨ ᠪᠡᠶ᠎ᠡ᠎ᠶ᠋ᠢᠨ ᠳᠤᠯᠠᠭᠠᠨ᠎ᠢ ᠬᠡᠮᠵᠢᠵᠤ᠂ 《ᠬᠦᠬᠡᠬᠤᠲᠠ ᠵᠢᠨ ᠺᠣᠳ᠋》᠎ᠢ ᠪᠠᠢᠴᠠᠭᠠᠨ ᠱᠢᠯᠭᠠᠨ᠎ᠠ᠂ (ᠪᠡᠭᠡᠵᠢᠩ᠎ᠳᠤ ᠣᠴᠢᠬᠤ᠎ᠳᠤ《ᠪᠡᠭᠡᠵᠢᠩ᠎ᠦᠨ ᠡᠷᠡᠭᠦᠯ ᠮᠡᠨᠳᠦ᠍᠎ᠶ᠋ᠢᠨ ᠡᠷᠳᠡᠨᠢ 》 ᠪᠠ 48 ᠴᠠᠭ᠎ᠤᠨ ᠳᠣᠲᠣᠷᠠᠬᠢ ᠪᠥᠭᠡᠮ ᠬᠦᠴᠢᠯ᠎ᠦᠨ ᠪᠠᠢᠴᠠᠭᠠᠯᠲᠡ᠎ᠶ᠋ᠢᠨ ᠪᠢᠯᠢᠭ ᠴᠢᠨᠠᠷ᠎ᠤᠨ ᠭᠡᠷᠡᠴᠢ ᠬᠠᠡᠭᠭᠠᠬᠤ ᠬᠡᠷᠡᠭᠲᠡᠢ)᠂ ᠪᠠᠢᠴᠠᠭᠠᠭᠰᠠᠨ᠎ᠳ᠋ᠦ᠋ᠩ ᠨᠢ ᠬᠡᠪ᠎ᠤᠨ ᠪᠠᠢᠪᠠᠯ ᠨᠡᠪᠲᠡᠷᠡᠭᠦ ᠵᠢ ᠵᠦᠪᠰᠢᠶᠡᠷᠡᠨ᠎ᠡ᠃

ᠬᠣᠶᠠᠷ᠂ ᠠᠷᠠᠳ᠎ᠤᠨ ᠠᠭᠠᠷ᠎ᠤᠨ ᠲᠡᠭᠡᠭᠡᠪᠦᠷᠢ᠂ ᠲᠡᠮᠦᠷ ᠵᠠᠮ᠂ ᠵᠠᠰᠠᠮᠠᠯ ᠵᠠᠮ᠎ᠵᠢᠡᠷ ᠳᠠᠮᠵᠢᠨ ᠬᠥᠬᠡᠬᠣᠲᠠ᠎ᠳᠦ ᠢᠷᠡᠬᠦ᠌ (ᠪᠤᠴᠠᠬᠤ) ᠬᠥᠮᠦᠰ (ᠠᠴᠢᠶᠠᠨ᠎ᠤ ᠮᠠᠱᠢᠨ᠎ᠤ ᠵᠢᠯᠣᠭᠣᠴᠢ ᠪᠠᠭ᠍ᠲᠠᠬᠤ ᠥᠬᠡᠶ) 48 ᠴᠠᠭ᠎ᠤᠨ ᠳᠣᠲᠣᠷ᠎ᠠ 2 ᠤᠳᠠᠭ᠎ᠠ ᠬᠢᠭᠰᠡᠨ (24 ᠴᠠᠭ ᠠᠯᠤᠰᠯᠠᠭᠰᠠᠨ) ᠪᠥᠭᠡᠮ ᠬᠦᠴᠢᠯ᠎ᠦᠨ ᠪᠠᠢᠴᠠᠭᠠᠯᠲᠡ᠎ᠵᠢᠨ ᠪᠢᠯᠢᠭ ᠴᠢᠨᠠᠷ᠎ᠤᠨ ᠭᠡᠷᠡᠴᠢ ᠬᠠᠡᠭᠭᠠᠵᠤ᠂ ᠬᠥᠬᠡᠬᠣᠲᠠ᠎ᠳᠤ ᠭᠦᠷᠦᠭ᠌ᠰᠡᠨ᠎ᠦ ᠳᠠᠷᠠᠭ᠎ᠠ ᠪᠡᠶ᠎ᠡ᠎ᠶ᠋ᠢᠨ ᠳᠤᠯᠠᠭᠠᠨ᠎ᠢ ᠬᠡᠮᠵᠢᠵᠤ᠂ 《ᠬᠥᠬᠡᠬᠣᠲᠠ᠎ᠶ᠋ᠢᠨ ᠺᠣᠳ᠋》 ᠪᠠ ᠪᠥᠭᠡᠮ ᠬᠦᠴᠢᠯ᠎ᠦᠨ ᠪᠠᠢᠴᠠᠭᠠᠯᠲᠡ ᠬᠢᠨ᠎ᠠ᠃

ᠭᠤᠷᠪᠠ᠂ ᠵᠠᠰᠠᠮᠠᠯ ᠵᠠᠮ᠎ᠢᠶᠠᠷ ᠳᠡᠮᠵᠢᠨ ᠬᠥᠬᠡᠬᠣᠲᠠ᠎ᠳᠤ ᠢᠷᠡᠬᠦ᠌ (ᠪᠤᠴᠠᠬᠤ) ᠠᠴᠢᠶᠠᠨ᠎ᠤ ᠮᠠᠱᠢᠨ ᠲᠡᠷᠭᠡᠨ᠎ᠦ ᠵᠢᠯᠣᠭᠣᠴᠢ 48 ᠴᠠᠭ᠎ᠤᠨ ᠳᠣᠲᠣᠷ᠎ᠠ 2 ᠤᠳᠠᠭ᠎ᠠ ᠬᠢᠭᠰᠡᠨ (24 ᠴᠠᠭ ᠠᠯᠤᠰᠯᠠᠭᠰᠠᠨ) ᠪᠥᠭᠡᠮ ᠬᠦᠴᠢᠯ᠎ᠦᠨ ᠪᠠᠢᠴᠠᠭᠠᠯᠲᠡ᠎ᠵᠢᠨ ᠪᠢᠯᠢᠭ ᠴᠢᠨᠠᠷ᠎ᠤᠨ ᠭᠡᠷᠡᠴᠢ ᠬᠠᠡᠭᠭᠠᠵᠤ᠂ ᠬᠦᠷᠴᠦ᠍ ᠢᠷᠡᠭ᠌ᠰᠡᠨ᠎ᠦ ᠳᠠᠷᠠᠭ᠎ᠠ ᠪᠡᠶ᠎ᠡ᠎ᠶ᠋ᠢᠨ ᠳᠤᠯᠠᠭᠠᠨ᠎ᠤ ᠪᠠᠢᠴᠠᠭᠠᠯᠲᠠ ᠪᠠ 《ᠬᠦᠬᠡᠬᠤᠲᠠ ᠵᠢᠨ ᠺᠣᠳ᠋》᠎ᠤᠨ ᠪᠠᠢᠴᠠᠭᠠᠯᠲᠠ ᠬᠢᠵᠦ᠍᠂ ᠪᠠᠢᠴᠠᠭᠠᠯᠲᠠ᠎ᠵᠢᠨ ᠎ᠳ᠋ᠦᠡᠭ ᠨᠢ ᠬᠡᠪ᠎ᠦᠨ ᠪᠠᠢᠪᠠᠯ ᠨᠡᠪᠲᠡᠷᠡᠭᠦ ᠵᠢ ᠵᠦᠪᠰᠢᠶᠡᠷᠡᠨ᠎ᠡ᠃ ᠪᠠᠷᠠᠭ᠎ᠠ ᠲᠡᠭᠡᠭᠡᠪᠦᠷᠢᠯᠡᠬᠦ᠌ ᠲᠡᠷᠭᠡ ᠬᠥᠰᠭᠡ᠎ᠨᠦᠭᠦᠳ ᠴᠢᠭ᠎ᠡᠴᠡ ᠴᠢᠭ᠎ᠲᠦ ᠲᠡᠭᠡᠭᠡᠪᠦᠷᠢᠯᠡᠬᠦ᠌᠎ᠶ᠋ᠢ ᠬᠡᠷᠡᠭ᠌ᠵᠢᠭᠦᠯᠵᠦ᠍᠂ ᠪᠠᠷᠠᠭ᠎ᠠ ᠪᠡᠨ ᠠᠴᠢᠵᠤ (ᠪᠠᠭᠤᠯᠭᠠᠵᠤ) ᠪᠠᠷᠠᠮᠠᠭᠴᠠ ᠳᠠᠷᠤᠶ ᠲᠦᠷᠭᠡᠨ ᠶᠠᠪᠤᠬᠤ ᠬᠡᠷᠡᠭ᠌ᠲᠡᠶ᠂ ᠬᠣᠲᠠ᠎ᠶ᠋ᠢᠨ ᠬᠡᠪᠴᠢᠶᠡᠨ᠎ᠳᠦ ᠳᠤᠷ᠎ᠠ᠎ᠪᠠᠷ᠎ᠢᠶᠠᠨ ᠵᠣᠭ᠍ᠰᠣᠵᠤ ᠪᠣᠯᠬᠤ ᠦᠭᠡᠶ᠃

ᠳᠥᠷᠪᠡ᠂ ᠵᠠᠰᠠᠮᠠᠯ ᠵᠠᠮ (ᠵᠠᠰᠠᠮᠠᠯ ᠵᠠᠮ᠎ᠤᠨ ᠪᠥᠭᠡᠮ ᠬᠦᠴᠢᠯ᠎ᠦᠨ ᠥᠯᠢᠭᠡᠷ ᠠᠪᠬᠤ ᠴᠡᠭ) ᠎ᠢᠶᠠᠷ ᠥᠩᠭᠡᠷᠡᠬᠦ᠌ ᠬᠣᠲᠠ᠎ᠶ᠋ᠢᠨ ᠬᠡᠪᠴᠢᠶᠡᠨ ᠳᠣᠲᠣᠷᠠᠬᠢ ᠬᠥᠮᠦᠰ ᠡᠷᠬᠡᠪᠰᠢ ᠬᠣᠱᠢᠭᠤ ᠱᠢᠶᠠᠨ ᠲᠣᠭᠣᠷᠢᠭ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ᠎ᠤᠨ ᠭᠠᠷᠭᠠᠭ᠍ᠰᠠᠨ ᠭᠡᠷᠡᠴᠢ᠎ᠪᠡᠨ ᠠᠪᠴᠤ᠌᠂ ᠪᠡᠶ᠎ᠡ᠎ᠶ᠋ᠢᠨ ᠳᠤᠯᠠᠭᠠᠨ᠎ᠤ ᠪᠠᠢᠴᠠᠭᠠᠯᠲᠠ ᠪᠠ 《ᠬᠥᠬᠡᠬᠣᠲᠠ᠎ᠶ᠋ᠢᠨ ᠺᠣᠳ᠋》᠎ᠤᠨ ᠪᠠᠢᠴᠠᠭᠠᠯᠲᠠ ᠬᠢᠵᠦ᠍᠂ ᠪᠠᠢᠴᠠᠭᠠᠭᠰᠠᠨ᠎ᠳ᠋ᠦᠢ᠍ᠡᠭ ᠨᠢ ᠬᠡᠪ᠎ᠦᠨ ᠪᠠᠢᠪᠠᠯ ᠨᠡᠪᠲᠡᠷᠡᠭᠦ ᠵᠢ ᠵᠦᠪᠰᠢᠶᠡᠷᠡᠨ᠎ᠡ᠃

ᠲᠠᠪᠤ᠂ ᠭᠠᠳᠠᠷ ᠣᠷᠣᠨ᠎ᠠᠴᠠ ᠢᠷᠡᠭ᠌ᠰᠡᠨ ( ᠪᠤᠴᠠᠵᠤ ᠢᠷᠡᠭ᠌ᠰᠡᠨ ) ᠪᠣᠶ ᠪᠥᠬᠥᠶ ᠬᠥᠮᠦᠰ ᠳᠠᠷᠤᠶ ᠲᠦᠷᠭᠡᠨ 12 ᠴᠠᠭ᠎ᠤᠨ ᠲᠤᠲᠤᠷ᠎ᠠ ᠪᠠᠢᠭ᠎ᠠ ᠭᠠᠵᠠᠷ᠎ᠤᠨ᠎ᠢᠶᠠᠨ ᠨᠡᠢᠭᠡᠮ ᠲᠣᠭᠣᠷᠢᠭ (ᠲᠣᠰᠭᠣᠨ)᠂ ᠨᠢᠭᠡᠴᠢ ᠪᠤᠶᠤ ᠤᠷᠤᠵᠤ ᠰᠠᠭᠤᠬᠤ ᠪᠠᠭᠤᠳᠠᠯ᠎ᠳᠠᠭᠠᠨ ᠮᠡᠳᠡᠭᠦᠯᠦᠨ ᠳᠠᠩᠰᠠᠯᠠᠭᠤᠯᠵᠤ᠂ ᠲᠣᠭ᠍ᠲᠠᠭᠠᠯ ᠶᠣᠰᠣᠭᠠᠷ ᠮᠠᠨ᠎ᠤ ᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ᠎ᠤᠨ ᠡᠯ᠎ᠡ ᠵᠦᠶ᠋ᠯ᠎ᠦᠨ ᠰᠡᠷᠭᠡᠢᠯᠡᠨ ᠡᠵᠡᠮᠳᠡᠬᠦ᠌ ᠱᠠᠭᠠᠷᠳᠠᠯᠭ᠎ᠠ᠎ᠶ᠋ᠢ ᠬᠡᠷᠡᠭ᠌ᠵᠢᠭᠦᠯᠵᠦ᠍᠂ 7 ᠡᠳᠦᠷ᠎ᠦᠨ ᠳᠣᠲᠣᠷ᠎ᠠ ᠴᠤᠭ᠍ᠯᠠᠷᠠᠨ ᠬᠣᠭᠣᠯᠠᠯᠠᠬᠤ ᠥᠬᠡᠶ᠂ ᠴᠤᠭ᠍ᠯᠠᠭᠠᠨ᠎ᠳᠦ ᠤᠴᠢᠬᠤ ᠥᠬᠡᠶ᠂ ᠬᠥᠮᠦᠨ ᠣᠯᠠᠨ ᠲᠠᠯᠠᠪᠤᠷ᠎ᠲᠤ ᠣᠴᠢᠬᠤ ᠥᠬᠡᠶ ᠪᠠᠢᠬᠤ ᠬᠡᠷᠡᠭᠲᠡᠢ᠃

ᠵᠢᠷᠭᠤᠭ᠎ᠠ᠂ ᠠᠷᠠᠳ᠎ᠤᠨ ᠠᠭᠠᠷ᠎ᠤᠨ ᠲᠡᠭᠡᠭᠡᠪᠦᠷᠢ᠂ ᠲᠡᠮᠦᠷ ᠵᠠᠮ᠂ ᠵᠠᠰᠠᠮᠠᠯ ᠵᠠᠮ᠎ᠵᠢᠡᠷ ᠳᠠᠮᠵᠢᠨ ᠬᠥᠬᠡᠬᠣᠲᠠ᠎ᠳᠦ ᠢᠷᠡᠬᠦ᠌ (ᠪᠤᠴᠠᠬᠤ) ᠬᠦᠮᠦᠰ ᠬᠡᠷᠪᠡ 14 ᠡᠳᠦᠷ᠎ᠦᠨ ᠳᠣᠲᠣᠷ᠎ᠠ ᠳᠤᠮᠳᠠ ᠥᠨᠳᠥᠷ ᠲᠦᠭ᠌ᠰᠢᠭᠦᠷᠢᠲᠡᠶ ᠭᠠᠵᠠᠷ ᠣᠷᠣᠨ ᠵᠢᠴᠢ ᠪᠠᠢᠭ᠎ᠠ ᠬᠣᠲᠠ᠎ᠶ᠋ᠢᠨ ᠵᠢᠭᠤᠯᠴᠢᠯᠠᠨ ᠰᠠᠭᠤᠷᠢᠱᠢᠭ᠍ᠰᠠᠨ ᠲᠡᠦᠬᠡ᠎ᠲᠡᠶ ᠪᠠᠢᠪᠠᠯ᠂ 《ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ᠎ᠤᠨ ᠳᠤᠮᠳᠠ ᠥᠨᠳᠥᠷ ᠲᠦᠭ᠌ᠰᠢᠭᠦᠷᠢᠲᠡᠶ ᠭᠠᠵᠠᠷ ᠣᠷᠣᠨ᠎ᠠᠴᠠ ᠮᠠᠨ᠎ᠤ ᠬᠣᠲᠠ᠎ᠳᠤ ᠣᠷᠣᠵᠤ ᠢᠷᠡᠬᠦ᠌ ᠬᠥᠮᠦᠰ᠎ᠢ ᠬᠠᠮᠢᠶᠠᠷᠤᠨ ᠡᠵᠡᠮᠳᠡᠬᠦ᠌ ᠠᠵᠢᠯ᠎ᠢ ᠤᠯᠠᠮ ᠨᠢᠭᠡ ᠠᠯᠬᠤᠮ ᠴᠢᠩᠭᠠᠳᠭᠠᠬᠤ ᠲᠤᠬᠠᠶ ᠠᠯᠪᠠᠨ ᠵᠠᠷᠯᠠᠯ》 ( 2022 ᠣᠨ᠎ᠤ 6 ᠳ᠋ᠤᠭᠠᠷ ᠲᠣᠭᠠᠲᠤ) ᠎ᠤᠨ ᠲᠣᠭ᠍ᠲᠠᠭᠠᠯ᠎ᠢ ᠬᠡᠷᠡᠭ᠌ᠵᠢᠭᠦᠯᠦᠨ᠎ᠡ᠃

ᠡᠨᠡᠬᠦ ᠠᠯᠪᠠᠨ ᠵᠠᠷᠯᠠᠯ᠎ᠢ 4 ᠰᠠᠷ᠎ᠠ᠎ᠶ᠋ᠢᠨ 7 ᠎ᠤ ᠡᠳᠦᠷ᠎ᠡᠴᠡ ᠡᠬᠢᠯᠡᠵᠦ᠍ ᠬᠡᠷᠡᠭ᠌ᠵᠢᠭᠦᠯᠦᠨ᠎ᠡ᠃ ᠳᠡᠭᠡᠷ᠎ᠡ ᠳᠤᠷᠠᠳᠤᠭ᠍ᠰᠠᠨ ᠠᠷᠭ᠎ᠠ ᠬᠡᠮᠵᠢᠶ᠎ᠡ᠎ᠳᠦ ᠬᠢᠵᠢᠭ᠎ᠦᠨ ᠪᠠᠢᠳᠠᠯ᠎ᠤᠨ ᠬᠤᠪᠢᠷᠠᠯᠲᠠ᠎ᠶ᠋ᠢ ᠦᠨᠳᠦᠰᠦᠯᠡᠨ ᠴᠠᠭ ᠲᠤᠬᠠᠶ᠎ᠳᠤᠨᠢ ᠵᠣᠬᠢᠴᠠᠩᠭᠤᠶ ᠲᠣᠬᠢᠷᠠᠭᠤᠯᠤᠯᠲᠠ ᠬᠢᠨ᠎ᠠ᠃

ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ᠎ᠤ ᠦᠷᠪᠢᠰᠦᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ

2022 ᠣᠨ᠎ᠤ 4 ᠰᠠᠷ᠎ᠠ᠎ᠶ᠋ᠢᠨ 6 ᠎ᠤ ᠡᠳᠦᠷ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面