ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-04-06 17:40:58

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

4 ᠰᠠᠷ᠎ᠠ᠎ᠶ᠋ᠢᠨ 3᠎ᠤ ᠡᠳᠦᠷ᠎ᠦᠨ ᠦᠳᠡ᠎ᠶ᠋ᠢᠨ ᠬᠣᠢᠨ᠎ᠠ᠂ ᠬᠥᠬᠡᠬᠣᠲᠠ᠎ᠶ᠋ᠢᠨ ᠬᠢᠲᠠᠳ ᠮᠣᠩᠭᠣᠯ ᠡᠮᠨᠡᠯᠭᠡ᠎ᠶ᠋ᠢᠨ ᠬᠣᠷᠢᠶᠠᠨ᠎ᠤ ᠬᠠᠮᠤᠭ᠎ᠤᠨ ᠰᠡᠭᠦᠯᠴᠢ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢᠶᠡᠷ ᠤᠨᠤᠰᠢᠯᠠᠬᠳᠠᠬᠰᠠᠨ ᠡᠪᠡᠳᠴᠢᠲᠡᠨ ᠲᠤᠰᠭᠠᠶ ᠮᠡᠷᠭᠡᠵᠢᠯᠲᠡᠨ᠎ᠤ ᠬᠠᠮᠲᠤᠷᠠᠨ ᠣᠨᠣᠱᠢᠯᠠᠬᠤ᠎ᠪᠠᠷ ᠳᠡᠮᠵᠢᠨ ᠡᠷᠡᠭᠦᠯᠵᠢᠬᠦ᠌ ᠬᠤᠭᠤᠴᠠᠭ᠎ᠠ᠎ᠪᠠᠨ ᠳᠠᠭᠤᠰᠭᠠᠵᠤ᠂ ᠵᠢᠩᠬᠢᠨᠢ᠎ᠪᠡᠷ ᠡᠮᠨᠡᠯᠭᠡ᠎ᠡᠴᠡ ᠭᠠᠷᠪᠠ᠃ ᠡᠨᠡ᠎ᠨᠢ᠎ᠬᠥᠬᠡᠬᠣᠲᠠ᠎ᠶ᠋ᠢᠨ ᠬᠢᠲᠠᠳ ᠮᠣᠩᠭᠣᠯ ᠡᠮᠨᠡᠯᠭᠡ᠎ᠶ᠋ᠢᠨ ᠬᠣᠷᠢᠶᠠᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠶ᠋ᠢᠡᠷ ᠤᠨᠤᠰᠢᠯᠠᠬᠳᠠᠬᠰᠠᠨ ᠡᠪᠡᠳᠴᠢᠲᠡᠨ᠎ᠢ ᠡᠷᠡᠭᠦᠯᠵᠢᠭᠦᠯᠬᠦ᠌ ᠠᠵᠢᠯ ᠪᠥᠬᠥ᠌ ᠲᠠᠯ᠎ᠠ᠎ᠶ᠋ᠢᠨ ᠢᠯᠠᠯᠲᠠ ᠣᠯᠤᠭ᠍ᠰᠠᠨ᠎ᠢ ᠬᠠᠷᠠᠭᠤᠯᠵᠤ ᠪᠠᠢᠬᠤ ᠪᠥᠭᠡᠳ ᠬᠦᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠶ᠋ᠢᠡᠷ ᠤᠨᠤᠰᠢᠯᠠᠬᠳᠠᠬᠰᠠᠨ ᠡᠪᠡᠳᠴᠢᠲᠡᠨ᠎ᠢ ᠡᠷᠡᠭᠦᠯᠵᠢᠭᠦᠯᠵᠦ᠍ ᠠᠪᠤᠷᠠᠨ ᠵᠠᠰᠠᠬᠤ ᠠᠵᠢᠯ ᠱᠠᠲᠤ ᠦᠶ᠎ᠡ᠎ᠶ᠋ᠢᠨ ᠴᠢᠨᠠᠷᠲᠠᠶ ᠢᠯᠠᠯᠲᠠ ᠣᠯᠤᠭ᠍ᠰᠠᠨ᠎ᠢ ᠬᠠᠷᠠᠭᠤᠯᠵᠤ ᠪᠠᠢᠨ᠎ᠠ᠃

40 ᠭᠠᠷᠤᠶ ᠡᠳᠦᠷ᠎ᠦᠨ ᠴᠢᠷᠮᠠᠢᠯᠭ᠎ᠠ᠎ᠪᠠᠷ ᠳᠡᠮᠵᠢᠨ᠂ ᠬᠥᠬᠡᠬᠣᠲᠠ᠎ᠶ᠋ᠢᠨ ᠬᠢᠲᠠᠳ ᠮᠣᠩᠭᠣᠯ ᠡᠮᠨᠡᠯᠭᠡ᠎ᠶ᠋ᠢᠨ ᠬᠣᠷᠢᠶ᠎ᠠ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠶ᠋ᠢᠡᠷ ᠤᠨᠤᠰᠢᠯᠠᠬᠳᠠᠬᠰᠠᠨ ᠡᠪᠡᠳᠴᠢᠲᠡᠨ᠎ᠢ ᠡᠷᠡᠭᠦᠯᠵᠢᠭᠦᠯᠬᠦ᠌ ᠠᠵᠢᠯ᠎ᠤᠨ ᠡᠭᠦᠷᠭᠡ᠎ᠪᠡᠨ ᠤᠷᠤᠭ᠍ᠰᠢᠲᠠᠶ ᠪᠡᠶᠡᠯᠡᠭᠦᠯᠵᠦ᠍᠂ 420 ᠡᠷᠡᠭᠦᠯᠵᠢᠯ᠎ᠦᠨ ᠡᠪᠡᠳᠴᠢᠲᠡᠨ ᠪᠦᠬᠦᠨ᠎ᠢᠶᠡᠷ᠎ᠢᠶᠡᠨ ᠡᠮᠨᠡᠯᠭᠡ᠎ᠡᠴᠡ ᠭᠠᠷᠴᠠᠶ᠃ ᠡᠨᠡᠬᠦ᠌ ᠲᠡᠷᠢ᠎ᠶ᠋ᠢᠨ ᠣᠲᠣᠭ᠎ᠠ ᠥᠬᠡᠶ ᠲᠡᠢᠨ᠎ᠳᠦ᠂ ᠬᠥᠬᠡᠬᠣᠲᠠ᠎ᠶ᠋ᠢᠨ ᠬᠢᠲᠠᠳ ᠮᠣᠩᠭᠣᠯ ᠡᠮᠨᠡᠯᠭᠡ᠎ᠶ᠋ᠢᠨ ᠬᠣᠷᠢᠶ᠎ᠠ ᠬᠠᠯᠳᠠᠪᠤᠷᠢᠯᠠᠯ ᠥᠬᠡᠶ᠂ ᠠᠯᠳᠠᠰᠢ ᠥᠬᠡᠶ᠂ ᠡᠨᠳᠡᠯ ᠥᠬᠡᠶ᠎ᠪᠡᠷ ᠨᠠᠮ ᠪᠠ ᠵᠠᠰᠠᠭ᠎ᠤᠨ ᠣᠷᠳᠣᠨ᠎ᠳᠤ ᠨᠢᠭᠡ ᠬᠤᠪᠢ ᠬᠠᠨᠤᠮᠵᠢᠲᠠᠶ ᠬᠠᠷᠢᠭᠤᠯᠲᠠ᠎ᠶ᠋ᠢᠨ ᠬᠠᠭᠤᠳᠠᠰᠤ ᠲᠤᠱᠢᠶᠠᠭ᠍ᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面