ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-04-06 17:33:24

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠳᠠᠯ᠎ᠤᠨ ᠬᠤᠪᠢᠷᠠᠯᠲᠠ᠎ᠳᠤ ᠵᠣᠬᠢᠴᠠᠭᠤᠯᠵᠤ᠂ ᠶᠡᠬᠡ ᠬᠡᠪᠴᠢᠶᠡᠨ᠎ᠦ ᠪᠥᠭᠡᠮ ᠬᠦᠴᠢᠯ᠎ᠦᠨ ᠱᠢᠭ᠌ᠰᠢᠨ ᠪᠠᠢᠴᠠᠭᠠᠯᠲᠠ ᠪᠠ ᠥᠨᠳᠥᠷ ᠳᠠᠪᠲᠠᠮᠵᠢ᠎ᠪᠠᠷ ᠱᠢᠯᠭᠠᠨ ᠪᠠᠢᠴᠠᠭᠠᠬᠤ ᠥᠪᠡᠷ᠎ᠦᠨ ᠥᠷᠲᠡᠭ᠎ᠢ ᠪᠠᠭᠤᠷᠠᠭᠤᠯᠬᠤ᠎ᠶ᠋ᠢᠨ ᠲᠥᠯᠥᠭᠡ᠂ ᠤᠯᠤᠰ᠎ᠤᠨ ᠡᠮ ᠡᠮᠨᠡᠯᠭᠡ᠎ᠵᠢᠨ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠠᠯᠪᠠᠨ ᠬᠡᠷ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠠᠴᠠ᠎ᠶ᠋ᠢᠨ ᠡᠮᠴᠢᠯᠡᠭᠡᠨ᠎ᠦ ᠠᠪᠤᠷᠠᠨ ᠵᠠᠰᠠᠬᠤ ᠳᠤᠭᠤᠢᠯᠠᠩ ᠣᠢᠷ᠎ᠠ᠎ᠳᠤ ᠬᠠᠮᠲᠤᠷᠠᠨ《ᠱᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠪᠥᠭᠡᠮ ᠬᠦᠴᠢᠯ᠎ᠦᠨ ᠪᠠᠢᠴᠠᠭᠠᠯᠲᠠ᠎ᠵᠢᠨ ᠦᠨ᠎ᠡ ᠪᠠ ᠵᠠᠷᠤᠳᠠᠯ᠎ᠢ ᠪᠠᠭᠤᠷᠠᠭᠤᠯᠬᠤ ᠲᠤᠬᠠᠶ ᠮᠡᠳᠡᠭ᠌ᠳᠡᠯ》᠎ᠢ ᠳᠠᠷᠤᠮᠠᠯᠯᠠᠨ ᠲᠠᠷᠬᠠᠭᠠᠵᠤ᠂ ᠭᠠᠭ᠍ᠴᠠ ᠬᠥᠮᠦᠨ᠎ᠦ ᠲᠠᠩ ᠪᠠᠢᠴᠠᠭᠠᠯᠲᠠ᠎ᠶ᠋ᠢ ᠬᠥᠮᠦᠨ ᠪᠦᠷᠢ 28 ᠲᠥᠭᠥᠷᠢᠭ᠎ᠡᠴᠡ ᠦᠨᠳᠦᠷ ᠪᠠᠢᠯᠭᠠᠬᠤ ᠥᠬᠡᠶ ᠪᠠᠢᠵᠦ᠂ ᠣᠯᠠᠨ ᠬᠥᠮᠦᠨ᠎ᠦ ᠬᠣᠯᠢᠮᠠᠭ ᠪᠠᠢᠴᠠᠭᠠᠯᠲᠠ᠎ᠶ᠋ᠢ ᠬᠥᠮᠦᠨ ᠪᠦᠷᠢ 8 ᠲᠥᠭᠥᠷᠢᠭ᠎ᠡᠴᠡ ᠦᠨᠳᠦᠷ ᠪᠠᠢᠯᠭᠠᠬᠤ ᠥᠬᠡᠶ ᠭᠡᠵᠦ᠍ ᠲᠣᠳᠣᠷᠬᠠᠶ ᠲᠣᠭ᠍ᠲᠠᠭᠠᠪᠠ᠃

ᠮᠡᠳᠡᠭ᠌ᠳᠡᠯ᠎ᠳᠦ᠂ ᠡᠯ᠎ᠡ ᠮᠤᠵᠢ 2022 ᠣᠨ᠎ᠤ 4 ᠰᠠᠷ᠎ᠠ᠎ᠶ᠋ᠢᠨ 8 ᠎ᠤ ᠡᠳᠦᠷ᠎ᠡᠴᠡ ᠡᠮᠦᠨ᠎ᠡ ᠦᠨ᠎ᠡ ᠲᠣᠬᠢᠷᠠᠭᠤᠯᠬᠤ ᠠᠵᠢᠯ᠎ᠢ ᠪᠡᠶᠡᠯᠡᠭᠦᠯᠬᠦ᠌ ᠬᠡᠷᠡᠭ᠌ᠲᠡᠶ᠂ ᠦᠨᠡᠬᠡᠷ ᠣᠨᠴᠠᠭᠠᠶ ᠪᠠᠢᠳᠠᠯ ᠣᠷᠣᠱᠢᠵᠤ ᠪᠠᠢᠭ᠎ᠠ ᠮᠤᠵᠢ ᠣᠷᠣᠨ 2022 ᠣᠨ᠎ᠤ 4 ᠰᠠᠷ᠎ᠠ᠎ᠶ᠋ᠢᠨ 30 ᠎ᠤ ᠡᠳᠦᠷ᠎ᠡᠴᠡ ᠡᠮᠦᠨ᠎ᠡ ᠦᠨ᠎ᠡ ᠲᠣᠬᠢᠷᠠᠭᠤᠯᠬᠤ ᠠᠵᠢᠯ᠎ᠢ ᠳᠠᠭᠤᠰᠭᠠᠬᠤ ᠬᠡᠷᠡᠭᠲᠡᠢ ᠬᠡᠪᠡ᠃

ᠡᠯ᠎ᠡ ᠮᠤᠵᠢ ᠣᠷᠣᠨ᠎ᠤ ᠡᠮ ᠡᠮᠨᠡᠯᠭᠡ᠎ᠶ᠋ᠢᠨ ᠳᠠᠭᠠᠳᠭᠠᠯ᠎ᠤᠨ ᠰᠠᠯᠠᠭ᠎ᠠ ᠮᠥᠴᠢᠷ ᠣᠳᠣᠬᠠᠨ᠎ᠳᠤ ᠪᠥᠬᠥ᠌ ᠤᠯᠤᠰ᠎ᠤᠨ ᠨᠢᠭᠡᠨᠲᠡ ᠪᠠᠢᠭ᠎ᠠ ᠰᠦᠯᠵᠢᠶᠡᠨ᠎ᠡᠴᠡ ᠬᠤᠳᠠᠯᠳᠤᠨ ᠠᠪᠬᠤ ᠦᠨ᠎ᠡ ᠬᠠᠩᠰᠢ᠎ᠪᠠᠷ ᠯᠠᠪᠯᠠᠯᠲᠠ ᠪᠣᠯᠭᠠᠵᠤ᠂ 4 ᠰᠠᠷ᠎ᠠ᠎ᠶ᠋ᠢᠨ 30 ᠎ᠤ ᠡᠳᠦᠷ᠎ᠡᠴᠡ ᠡᠮᠦᠨ᠎ᠡ᠂ ᠲᠥᠪᠯᠡᠷᠡᠭᠦᠯᠦᠨ ᠬᠤᠳᠠᠯᠳᠤᠨ ᠠᠪᠬᠤ᠂ ᠦᠨ᠎ᠡ ᠥᠷᠢᠰᠥᠯᠳᠦᠭᠦᠯᠦᠨ ᠰᠦᠯᠵᠢᠶᠡᠨ᠎ᠳ᠋ᠤ ᠭᠠᠷᠭᠠᠬᠤ᠂ ᠮᠤᠵᠢ ᠠᠯᠤᠰᠯᠠᠭ᠍ᠰᠠᠨ ᠬᠣᠯᠪᠣᠭ᠎ᠠ᠎ᠠᠴᠠ ᠬᠤᠳᠠᠯᠳᠤᠨ ᠠᠪᠬᠤ᠎ᠳᠤ ᠣᠷᠣᠯᠴᠠᠬᠤ᠂ ᠣᠷᠣᠨ ᠪᠦᠰᠡ᠎ᠶ᠋ᠢᠨ ᠦᠨ᠎ᠡ ᠬᠠᠩᠰᠢ᠎ᠶ᠋ᠢ ᠬᠠᠷᠢᠴᠠᠭᠤᠯᠬᠤ ᠵᠡᠷᠭᠡ ᠣᠯᠠᠨ ᠵᠦᠶ᠋ᠯ᠎ᠦᠨ ᠠᠷᠭ᠎ᠠ ᠬᠡᠯᠪᠡᠷᠢ᠎ᠶ᠋ᠢ ᠵᠣᠬᠢᠶᠠᠨ ᠪᠠᠢᠭᠤᠯᠤᠨ ᠬᠡᠷᠡᠭ᠌ᠵᠢᠭᠦᠯᠬᠦ᠌᠎ᠪᠡᠷ ᠳᠠᠮᠵᠢᠭᠤᠯᠤᠨ᠂ ᠠᠯᠪᠠᠨ᠎ᠠᠴᠠ ᠪᠠᠢᠭᠤᠯᠤᠭ᠍ᠰᠠᠨ ᠡᠮᠴᠢᠯᠡᠭᠡᠨ᠎ᠦ ᠪᠠᠢᠭᠤᠯᠤᠮᠵᠢ᠎ᠶ᠋ᠢᠨ ᠪᠥᠭᠡᠮ ᠬᠦᠴᠢᠯ᠎ᠦᠨ ᠪᠠᠢᠴᠠᠭᠠᠯᠲᠠ᠎ᠳᠤ ᠬᠡᠷᠡᠭ᠌ᠰᠡᠬᠦ᠌ ᠥᠷᠭᠡᠳᠭᠡᠨ ᠨᠡᠮᠡᠭ᠌ᠳᠡᠭᠦᠯᠬᠦ᠌ ᠤᠷᠪᠠᠯᠵᠢ᠂ ᠭᠠᠷᠭᠠᠨ ᠠᠪᠬᠤ ᠤᠷᠪᠠᠯᠵᠢ᠂ ᠥᠯᠢᠭᠡᠷ ᠠᠪᠬᠤ ᠪᠠᠭᠠᠵᠢ ᠬᠡᠷᠡᠭ᠌ᠰᠡᠯ ᠵᠡᠷᠭᠡ ᠪᠣᠳᠠᠰ᠎ᠤᠨ ᠬᠣᠷᠣᠭ᠍ᠳᠠᠯ᠎ᠤᠨ ᠥᠪᠡᠷ᠎ᠦᠨ ᠥᠷᠲᠡᠭ᠎ᠢ ᠭᠠᠭ᠍ᠴᠠ ᠬᠥᠮᠦᠨ᠎ᠦ ᠲᠠᠩ ᠪᠠᠢᠴᠠᠭᠠᠯᠲᠠ᠎ᠶ᠋ᠢᠨ ᠦᠨ᠎ᠡ᠎ᠶ᠋ᠢᠨ 50% ᠎ᠵᠢᠨ ᠳᠣᠲᠣᠷ᠎ᠠ ᠪᠠᠭᠤᠷᠠᠭᠤᠯᠵᠤ ᠪᠣᠯᠤᠨ᠎ᠠ᠃

ᠠᠯᠪᠠᠨ᠎ᠠᠴᠠ ᠪᠠᠢᠭᠤᠯᠤᠭ᠍ᠰᠠᠨ ᠡᠮᠴᠢᠯᠡᠭᠡᠨ᠎ᠦ ᠪᠠᠢᠭᠤᠯᠤᠮᠵᠢ ᠪᠥᠭᠡᠮ ᠬᠦᠴᠢᠯ᠎ᠦᠨ ᠪᠠᠢᠴᠠᠭᠠᠬᠤ ᠦᠶ᠋ᠯᠡᠴᠢᠯᠡᠭᠡ ᠥᠷᠨᠢᠭᠦᠯᠬᠦ᠌᠎ᠳ᠋ᠡᠭᠡᠨ᠂ ᠭᠠᠭ᠍ᠴᠠ ᠬᠥᠮᠦᠨ᠎ᠦ ᠲᠠᠩ ᠪᠠᠢᠴᠠᠭᠠᠯᠲᠠ ᠪᠠ ᠣᠯᠠᠨ ᠬᠥᠮᠦᠨ᠎ᠦ ᠬᠣᠯᠢᠮᠠᠭ ᠪᠠᠢᠴᠠᠭᠠᠯᠲᠠ ᠭᠡᠬᠦ᠌ ᠬᠣᠶᠠᠷ ᠵᠦᠶ᠋ᠯ᠎ᠦᠨ ᠦᠶ᠋ᠯᠡᠴᠢᠯᠡᠭᠡᠨ᠎ᠦ ᠰᠣᠩᠭᠣᠯᠲᠠ᠎ᠶ᠋ᠢ ᠬᠠᠮᠲᠤ᠎ᠳᠤᠨᠢ ᠬᠠᠩᠭᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠣᠭ᠍ᠲᠠᠭᠠᠯ᠎ᠳᠤ ᠨᠡᠢᠴᠡᠭ᠌ᠰᠡᠨ ᠤᠷᠢᠲᠠᠯ ᠳᠤᠤᠷ᠎ᠠ᠂ ᠣᠯᠠᠨ ᠲᠦᠮᠡᠨ᠎ᠦ ᠰᠠᠢᠨ ᠳᠤᠷ᠎ᠠ᠎ᠠᠴᠠ᠎ᠪᠠᠨ ᠰᠣᠩᠭᠣᠯᠲᠠ ᠬᠢᠬᠦ᠌᠎ᠶ᠋ᠢ ᠵᠥᠪᠱᠢᠶᠡᠷᠡᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面