ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-04-07 10:16:18

ᠵᠣᠬᠢᠶᠠᠭ᠍ᠴᠢ᠄ ᠵᠧᠩ ᠱᠢᠤᠸᠠᠢ ᠯᠢᠶᠠᠩ ᠸᠠᠩ ᠶᠠ ᠵᠢᠩ ᠣᠩᠱᠢᠭ᠍ᠰᠠᠨ ᠣᠳᠠᠭ᠎ᠠ᠄ 3

4 ᠰᠠᠷ᠎ᠠ᠎ᠶ᠋ᠢᠨ 6 ᠎ᠤ᠋ ᠡᠳᠦᠷ᠎ᠦᠨ 10 ᠴᠠᠭ᠎ᠲᠤ᠂ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠡᠴᠡ᠂ 4 ᠰᠠᠷ᠎ᠠ᠎ᠶ᠋ᠢᠨ 5 ᠎ᠤ᠋ ᠡᠳᠦᠷ᠎ᠦᠨ 0 ᠴᠠᠭ᠎ᠡᠴᠡ 24 ᠴᠠᠭ ᠪᠣᠯᠲᠠᠯ᠎ᠠ᠂ ᠬᠥᠬᠡᠬᠣᠲᠠ᠎ᠳᠤ ᠲᠤᠬᠠᠶ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠤᠨᠤᠰᠢᠯᠠᠭᠳᠠᠭᠰᠠᠨ ᠡᠪᠡᠳᠴᠢᠨ᠎ᠦ ᠵᠢᠱ᠌ᠢᠶ᠎ᠡ᠂ ᠰᠡᠵᠢᠭ᠌ᠯᠡᠯᠲᠡᠶ ᠡᠪᠡᠳᠴᠢᠨ᠎ᠦ ᠵᠢᠱ᠌ᠢᠶ᠎ᠡ ᠪᠠ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭ᠍ᠳᠠᠬᠰᠠᠳ ᠱᠢᠨ᠎ᠡ᠎ᠪᠡᠷ ᠨᠡᠮᠡᠭ᠌ᠳᠡᠭ᠌ᠰᠡᠨ ᠥᠬᠡᠶ ᠭᠡᠵᠦ ᠨᠡᠢᠳᠡᠯᠡᠪᠡ᠃

2 ᠰᠠᠷ᠎ᠠ᠎ᠶ᠋ᠢᠨ 15᠎ᠤ᠋ ᠡᠳᠦᠷ᠎ᠡᠴᠡ ᠨᠠᠭᠠᠰᠢ᠂ ᠬᠥᠬᠡᠬᠣᠲᠠ᠎ᠶ᠋ᠢᠨ᠎ᠬᠢᠨ ᠲᠤᠬᠠᠶ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠤᠨᠤᠰᠢᠯᠠᠭᠳᠠᠭᠰᠠᠨ ᠡᠪᠡᠳᠴᠢᠨ᠎ᠦ ᠵᠢᠱ᠌ᠢᠶ᠎ᠡ᠎ᠶ᠋ᠢ ᠨᠡᠢᠲᠡ 436 ᠵᠢ ᠮᠡᠳᠡᠭᠦᠯᠵᠦ᠍᠂ ᠲᠤᠬᠠᠶ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭ᠍ᠰᠠᠳ᠎ᠢ 23 ᠮᠡᠳᠡᠭᠦᠯᠪᠡ᠃ ᠣᠲᠣᠬᠠᠨ ᠪᠣᠯᠲᠠᠯ᠎ᠠ᠂ ᠪᠥᠬᠥ᠌ ᠬᠣᠲᠠ᠎ᠳᠤ ᠣᠲᠣ ᠪᠠᠢᠭ᠎ᠠ ᠲᠤᠬᠠᠶ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠤᠨᠤᠰᠢᠯᠠᠭᠳᠠᠭᠰᠠᠨ ᠡᠪᠡᠳᠴᠢᠨ᠎ᠦ ᠵᠢᠱ᠌ᠢᠶ᠎ᠡ 1᠂ ᠲᠤᠬᠠᠶ᠎ᠶ᠋ᠢᠨ ᠭᠠᠵᠠᠷ᠎ᠤᠨ ᠡᠪᠡᠳᠴᠢᠨ᠎ᠦ ᠢᠯᠡᠷᠡᠯ ᠥᠬᠡᠶ ᠬᠠᠯᠳᠠᠪᠤᠷᠢᠯᠠᠭ᠍ᠳᠠᠬᠰᠠᠳ 9 ᠪᠣᠶ᠃

ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠬᠦ᠌᠎ᠶ᠋ᠢᠨ ᠲᠥᠯᠥᠭᠡ᠂ ᠬᠥᠬᠡᠬᠣᠲᠠ 《ᠭᠠᠳᠠᠨ᠎ᠠ᠎ᠡᠴᠡ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠬᠦ᠌᠂ ᠳᠣᠲᠣᠭᠠᠳᠤ᠎ᠳᠠᠭᠠᠨ ᠳᠠᠬᠢᠨ ᠡᠭᠦᠰᠬᠦ᠎ᠶ᠋ᠢ ᠰᠡᠷᠭᠡᠢᠯᠡᠬᠦ᠌》 ᠶᠡᠷᠦᠩᠬᠡᠶ ᠠᠷᠭ᠎ᠠ ᠪᠣᠳᠣᠯᠭ᠎ᠠ ᠪᠣᠯᠤᠨ 《ᠡᠪᠡᠳᠴᠢᠨ ᠤ᠋ ᠵᠢᠱ᠌ᠢᠶ᠎ᠡ ᠵᠢ ᠳᠠᠷᠤᠢ ᠲᠦᠷᠭᠡᠨ ᠦᠭᠡᠢ ᠪᠤᠯᠭᠠᠬᠤ》 ᠶᠡᠷᠦᠩᠬᠡᠶ ᠴᠢᠭ᠌ᠯᠡᠯᠲᠡ᠎ᠶ᠋ᠢ ᠢᠮᠠᠭ᠍ᠲᠠ ᠭᠤᠢᠪᠢᠰᠢ ᠥᠬᠡᠶ ᠪᠠᠷᠢᠮᠲᠠᠯᠠᠵᠤ᠂ 《ᠬᠥᠮᠦᠨ᠂ ᠪᠣᠳᠠᠰ᠂ ᠣᠷᠴᠢᠨ ᠲᠣᠭᠣᠷᠢᠨ᠎ᠤ ᠬᠠᠮᠲᠤ᠎ᠪᠠᠷ ᠰᠡᠷᠭᠡᠢᠯᠡᠬᠦ᠌》 ᠵᠢ ᠰᠤᠯᠠᠷᠠᠭᠤᠯᠤᠯ ᠦᠭᠡᠢ ᠪᠠᠷᠢᠮᠳᠠᠯᠠᠵᠤ᠂ ᠡᠬᠢᠨ᠎ᠡᠴᠡ ᠨᠢ ᠡᠬᠢᠯᠡᠬᠦ᠌ ᠰᠡᠳᠭᠢᠯᠭᠡ ᠪᠡᠷ ᠴᠠᠭ ᠢᠮᠠᠭ᠍ᠲᠠ ᠳᠡᠭᠡᠳᠦ ᠬᠡᠮᠵᠢᠶᠡᠨ᠎ᠦ ᠰᠣᠨᠣᠷ ᠰᠡᠷᠡᠮᠵᠢ᠎ᠲᠡᠶ ᠪᠠᠢᠬᠤ ᠵᠢ ᠪᠠᠳᠤᠯᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠦᠷᠢᠮ᠂ ᠶᠠᠪᠤᠴᠠ ᠪᠠ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ᠎ᠢ ᠱᠢᠨᠵᠢᠯᠡᠬᠦ᠌ ᠤᠬᠠᠭᠠᠨᠴᠢ᠎ᠪᠠᠷ ᠲᠤᠬᠢᠷᠠᠭᠤᠯᠤᠨ ᠱᠢᠯᠢᠳᠡᠭ᠌ᠵᠢᠭᠦᠯᠵᠦ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠩ᠎ᠦᠨ ᠲᠠᠢᠯᠠᠯᠳᠤᠭᠠᠨ ᠬᠢᠬᠦ ᠰᠣᠯᠢᠭ᠍ᠳᠠᠯ᠎ᠢ ᠰᠠᠢᠲᠤᠷ ᠬᠢᠵᠦ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ ᠠᠵᠢᠯ᠎ᠢ ᠢᠮᠠᠭ᠍ᠲᠠ ᠯᠠᠪᠳᠠᠭᠤᠨ ᠪᠣᠯᠭᠣᠮᠵᠢᠲᠠᠢ ᠪᠡᠷ ᠰᠠᠢᠲᠤᠷ ᠠᠳᠭᠤᠵᠤ᠂ ᠬᠢᠵᠢᠭ᠎ᠦᠨ ᠪᠠᠢᠳᠠᠯ ᠳᠠᠬᠢᠨ ᠳᠡᠯᠭᠡᠷᠡᠬᠦ᠌᠎ᠲᠤᠳᠠᠭᠤᠳᠠᠯ᠎ᠢ ᠡᠷᠡᠰ ᠬᠣᠷᠢᠭ᠍ᠯᠠᠵᠤ᠂ ᠬᠢᠯᠪᠠᠷ ᠪᠤᠰᠤ᠎ᠪᠠᠷ ᠣᠯᠤᠭ᠍ᠰᠠᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠭ᠌ᠰᠡᠨ ᠦᠷ᠎ᠡ ᠪᠦᠲᠦᠭᠡᠯ᠎ᠢᠶᠡᠨ ᠪᠡᠬᠢᠵᠢᠭᠦᠯᠵᠦ᠂ ᠠᠵᠢᠯ᠎ᠤᠨ ᠬᠠᠷᠢᠭᠤᠴᠠᠯᠭ᠎ᠠ᠎ᠪᠠᠨ ᠪᠠᠷᠢᠮᠲᠠᠯᠠᠵᠤ᠂ ᠠᠵᠢᠯ᠎ᠤᠨ ᠬᠠᠷᠢᠭᠤᠴᠠᠯᠭ᠎ᠠ᠎ᠪᠠᠨ ᠭᠦᠶ᠋ᠴᠡᠳᠭᠡᠵᠤ᠂ ᠪᠦᠬᠦ᠌ ᠬᠣᠲᠠ᠎ᠶ᠋ᠢᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠪᠠᠲᠤᠯᠠᠭ᠎ᠠ ᠬᠠᠩᠭᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面