ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-04-07 11:50:59

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

2 ᠰᠠᠷ᠎ᠠ᠎ᠶ᠋ᠢᠨ ᠳᠤᠮᠳᠠᠴᠢ ᠪᠠᠷ ᠮᠠᠨ᠎ᠤ ᠤᠷᠤᠨ᠎ᠳᠦ ᠲᠤᠬᠠᠢ ᠵᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠭᠠᠷᠤᠭᠰᠠᠨ᠎ᠡᠴᠡ ᠨᠠᠭᠠᠰᠢ 3 ᠰᠠᠷ᠎ᠠ᠎ᠶ᠋ᠢᠨ 31 ᠎ᠦ ᠡᠳᠦᠷ᠎ᠦᠨ 12 ᠴᠠᠭ ᠪᠣᠯᠲᠠᠯ᠎ᠠ᠂ ᠪᠥᠬᠥ᠌ ᠣᠷᠣᠨ᠎ᠤ 1038 ᠨᠢᠭᠡᠴᠢ ᠡᠳ᠋᠎ᠦᠨ ᠵᠠᠰᠠᠭ᠎ᠤᠨ ᠡᠯᠧᠺᠲ᠋ᠷᠣᠨ ᠫᠢᠶᠣᠣ ᠪᠠᠷᠢᠮᠲᠠ᠎ᠶ᠋ᠢ ᠰᠦᠯᠵᠢᠶᠡᠨ᠎ᠳᠦ ᠭᠠᠷᠭᠠᠬᠤ᠎ᠶ᠋ᠢ ᠪᠡᠶᠡᠯᠡᠭᠦᠯᠵᠦ᠍᠂ ᠡᠳ᠋᠎ᠦᠨ ᠵᠠᠰᠠᠭ᠎ᠤᠨ ᠡᠯᠧᠺᠲ᠋ᠷᠣᠨ ᠫᠢᠶᠣᠣ ᠪᠠᠷᠢᠮᠲᠠ᠎ᠶ᠋ᠢ ᠨᠡᠢᠲᠡ 448.07 ᠲᠦᠮᠡᠨ ᠬᠤᠪᠢ ᠭᠠᠷᠭᠠᠵᠤ᠂ ᠬᠣᠯᠪᠣᠭ᠍ᠳᠠᠭ᠍ᠰᠠᠨ ᠵᠣᠭᠣᠰ᠎ᠤᠨ ᠲᠣᠭ᠎ᠠ᠎ᠨᠢ 21.97 ᠳ᠋ᠦᠩᠱᠢᠭᠤᠷ ᠲᠥᠭᠥᠷᠢᠭ᠎ᠲᠦ ᠬᠦᠷᠴᠡᠶ᠃

ᠡᠲᠡᠭᠡᠷ ᠨᠢᠭᠡᠴᠢ᠎ᠨᠢ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤ ᠪᠠ ᠠᠢᠮᠠᠭ ᠬᠣᠲᠠ᠎ᠶ᠋ᠢᠨ ᠲᠣᠰ ᠱᠠᠲᠤ ( ᠮᠠᠨᠵᠤᠤᠷ᠂ ᠡᠷᠢᠶᠡᠨ ᠬᠣᠲᠠ ᠪᠠᠭ᠍ᠲᠠᠨ᠎ᠠ) ᠵᠢᠴᠢ 96 ᠬᠣᠱᠢᠭᠤ ᠱᠢᠶᠠᠨ ᠲᠣᠭᠣᠷᠢᠭ ( 5 ᠨᠡᠭᠡᠭᠡᠯᠲᠡ᠎ᠶ᠋ᠢᠨ ᠲᠣᠭᠣᠷᠢᠭ ᠪᠠᠭ᠍ᠲᠠᠨ᠎ᠠ)᠎ᠢ ᠬᠠᠮᠤᠷᠪᠠ᠃ ᠡᠭᠦᠨ᠎ᠳᠦ᠂ ᠨᠢᠭᠡᠨᠲᠡ ᠰᠦᠯᠵᠢᠶᠡᠨ᠎ᠳᠦ ᠭᠠᠷᠤᠭᠰᠠᠨ 88 ᠡᠮᠴᠢᠯᠡᠭᠡᠨ᠎ᠦ ᠪᠠᠢᠭᠤᠯᠤᠮᠵᠢ ᠡᠮᠴᠢᠯᠡᠭᠡᠨ᠎ᠦ ᠰᠦᠶ᠋ᠳᠭᠡᠯ ᠬᠤᠷᠢᠶᠠᠬᠤ ᠡᠯᠧᠺᠲ᠋ᠷᠣᠨ ᠫᠢᠶᠣᠣ ᠪᠠᠷᠢᠮᠲᠠ᠎ᠶ᠋ᠢ ᠨᠡᠢᠲᠡ 385.95 ᠲᠦᠮᠡᠨ ᠬᠤᠪᠢ ᠭᠠᠷᠭᠠᠵᠤ᠂ ᠬᠣᠯᠪᠣᠭ᠍ᠳᠠᠭ᠍ᠰᠠᠨ ᠵᠣᠭᠣᠰ᠎ᠤᠨ ᠲᠣᠭ᠎ᠠ ᠨᠢ 8.50 ᠳ᠋ᠦᠩᠱᠢᠭᠤᠷ ᠲᠥᠭᠥᠷᠢᠭ᠎ᠲᠦ ᠬᠦᠷᠴᠡᠶ; ᠪᠥᠬᠥ᠌ ᠣᠷᠣᠨ᠎ᠤ ᠤᠯᠠᠭᠠᠨ ᠵᠠᠭᠠᠯᠮᠠᠢᠲᠠᠨ᠎ᠤ ᠨᠡᠢᠭᠡᠮᠯᠢᠭ ᠬᠠᠨᠳᠢᠪᠯᠠᠨ ᠬᠦᠷᠭᠡᠬᠦ᠌ ᠲᠥᠷᠥᠯ᠎ᠦᠨ ᠡᠯᠧᠺᠲ᠋ᠷᠣᠨ ᠫᠢᠶᠣᠣ ᠪᠠᠷᠢᠮᠲᠠ᠎ᠶ᠋ᠢ ᠨᠡᠢᠲᠡ 1.91 ᠲᠦᠮᠡᠨ ᠬᠤᠪᠢ ᠭᠠᠷᠭᠠᠵᠤ᠂ ᠬᠣᠯᠪᠣᠭ᠍ᠳᠠᠭ᠍ᠰᠠᠨ ᠵᠣᠭᠣᠰ᠎ᠤᠨ ᠲᠣᠭ᠎ᠠ᠎ᠨᠢ 4.03 ᠳ᠋ᠦᠩᠱᠢᠭᠤᠷ ᠲᠥᠭᠥᠷᠢᠭ᠎ᠲᠦ ᠬᠦᠷᠴᠡᠶ᠃

《ᠠᠭᠤᠯᠵᠠᠬᠤ ᠥᠬᠡᠶ》 《ᠣᠢᠷᠠᠳᠭᠤ ᠥᠬᠡᠶ》 《ᠥᠨᠳᠥᠷ ᠦᠷ᠎ᠡ ᠪᠦᠲᠦᠮᠵᠢ》 ᠪᠣᠯ ᠡᠳ᠋᠎ᠦᠨ ᠵᠠᠰᠠᠭ᠎ᠤᠨ ᠡᠯᠧᠺᠲ᠋ᠷᠣᠨ ᠫᠢᠶᠣᠣ ᠪᠠᠷᠢᠮᠲᠠ᠎ᠶ᠋ᠢᠨ ᠲᠣᠪᠣᠢᠮ᠎ᠠ ᠣᠨᠴᠠᠯᠢᠭ ᠮᠦᠷᠲᠡᠭᠡᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠬᠦ᠌ ᠴᠢᠬᠤᠯᠠ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ ᠮᠥᠨ᠃ 2 ᠰᠠᠷ᠎ᠠ᠎ᠶ᠋ᠢᠨ ᠳᠤᠮᠳᠠᠴᠢ᠎ᠠᠴᠠ ᠨᠠᠭᠠᠰᠢ᠂ ᠥᠪᠥᠷ ᠮᠣᠩᠭᠣᠯ᠎ᠤᠨ ᠣᠯᠠᠨ ᠭᠠᠵᠠᠷ᠎ᠲᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢᠶᠡᠷ ᠣᠨᠣᠱᠢᠯᠠᠭ᠍ᠳᠠᠭ᠍ᠰᠠᠨ ᠡᠪᠡᠳᠴᠢᠲᠡᠨ ᠢᠯᠡᠷᠡᠪᠡ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠳᠠᠯ ᠳᠤᠤᠷ᠎ᠠ᠂ ᠡᠳ᠋᠎ᠦᠨ ᠵᠠᠰᠠᠭ᠎ᠤᠨ ᠡᠯᠧᠺᠲ᠋ᠷᠣᠨ ᠫᠢᠶᠣᠣ ᠪᠠᠷᠢᠮᠲᠠ᠎ᠶ᠋ᠢ ᠰᠦᠯᠵᠢᠶᠡᠨ᠎ᠳᠦ ᠨᠡᠪᠲᠡᠷᠡᠭᠦᠯᠦᠭᠰᠡᠨ᠎ᠨᠢ ᠬᠥᠮᠦᠨ ᠬᠠᠷ᠎ᠠ᠎ᠲᠠᠶ ᠣᠢᠷᠠᠲᠤᠬᠤ᠎ᠶ᠋ᠢ ᠪᠠᠭᠠᠰᠭᠠᠬᠤ᠂ ᠬᠢᠵᠢᠭ᠎ᠦᠨ ᠬᠠᠯᠳᠠᠪᠤᠷᠢᠯᠠᠯ᠎ᠢ ᠰᠡᠷᠭᠡᠢᠯᠡᠬᠦ᠌᠎ᠳᠦ ᠴᠢᠬᠤᠯᠠ ᠦᠢᠯᠡᠳᠦᠯ ᠦᠵᠡᠭᠦᠯᠵᠡᠶ᠂ ᠨᠢᠭᠡ ᠭᠠᠷ ᠤᠲᠠᠰᠤ᠂ ᠨᠢᠭᠡ ᠺᠣᠮᠫᠢᠦ᠋ᠲ᠋ᠧᠷ᠎ᠵᠢᠡᠷ ᠠᠵᠢᠯ ᠶᠠᠪᠤᠳᠠᠯ ᠭᠦᠶ᠋ᠴᠡᠳᠭᠡᠬᠦ᠌᠂ ᠰᠦᠶ᠋ᠳᠭᠡᠯ ᠲᠤᠱᠢᠶᠠᠬᠤ᠂ ᠫᠢᠶᠣᠣ ᠠᠪᠬᠤ ᠪᠥᠬᠥ᠌ ᠶᠠᠪᠤᠴᠠ᠎ᠶ᠋ᠢ ᠪᠡᠶᠡᠯᠡᠭᠦᠯᠵᠦ᠍᠂ ᠬᠢᠵᠢᠭ᠎ᠦᠨ ᠪᠠᠢᠳᠠᠯ᠎ᠤᠨ ᠬᠤᠭᠤᠴᠠᠭᠠᠨ᠎ᠳᠠᠬᠢ ᠫᠢᠶᠣᠣ ᠪᠠᠷᠢᠮᠲᠠ᠎ᠶ᠋ᠢᠨ ᠠᠮᠤᠷ ᠲᠦᠪᠱᠢᠨ᠂ ᠣᠶᠤᠨᠴᠢ᠂ ᠳᠥᠭᠥᠮ ᠳᠥᠲᠡ ᠬᠡᠷᠡᠭ᠌ᠯᠡᠬᠦ᠌᠎ᠶ᠋ᠢ ᠪᠡᠶᠡᠯᠡᠭᠦᠯᠵᠦ᠍᠂ ᠣᠯᠠᠨ ᠲᠦᠮᠡᠨ᠎ᠢ ᠳᠤᠲᠠᠭᠤ ᠭᠦᠶᠦᠯᠭᠡᠵᠦ᠍᠂ ᠫᠢᠶᠣᠣ ᠬᠡᠷᠡᠭ᠌ᠯᠡᠬᠦ᠌ ᠨᠢᠭᠡᠴᠢ ᠪᠠ ᠬᠤᠪᠢ ᠬᠥᠮᠦᠨ᠎ᠦ ᠰᠠᠢᠨ ᠦᠨᠡᠯᠡᠯᠲᠡ᠎ᠶ᠋ᠢ ᠣᠯᠤᠭ᠍ᠰᠠᠨ ᠪᠠᠢᠨ᠎ᠠ᠃

ᠲᠣᠰ ᠤᠳᠠᠭ᠎ᠠ ᠵᠢᠨ ᠬᠥᠬᠡᠬᠣᠲᠠ᠎ᠶ᠋ᠢᠨ ᠬᠢᠵᠢᠭ᠎ᠲᠡᠶ ᠲᠡᠮᠡᠴᠡᠬᠦ᠌ ᠲᠠᠢᠯᠠᠯᠳᠤᠭᠠᠨ᠎ᠳᠤ᠂ ᠥᠪᠥᠷ ᠮᠣᠩᠭᠣᠯ᠎ᠤᠨ ᠤᠰᠤᠨ᠎ᠤ ᠶᠠᠪᠤᠳᠠᠯ᠎ᠤᠨ ᠪᠠᠯᠠ ᠣᠷᠣᠭᠤᠯᠤᠯᠲᠠ᠎ᠶ᠋ᠢᠨ ᠬᠢᠵᠠᠭᠠᠷᠲᠤ ᠺᠣᠮᠫᠠᠨᠢ ᠬᠥᠬᠡᠬᠣᠲᠠ᠎ᠶ᠋ᠢᠨ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠲᠦ 100 ᠲᠦᠮᠡᠨ ᠲᠥᠭᠥᠷᠢᠭ᠎ᠦᠨ ᠬᠠᠢᠷ᠎ᠠ ᠬᠠᠯᠠᠮᠵᠢ᠎ᠶ᠋ᠢᠨ ᠮᠥᠩᠭᠥ᠌ ᠬᠠᠨᠳᠢᠪᠯᠠᠪᠠ᠃ ᠤᠰᠤᠨ ᠠᠱᠢᠭ᠍ᠯᠠᠯᠲᠠ᠎ᠶ᠋ᠢᠨ ᠪᠠᠯᠠ ᠣᠷᠣᠭᠤᠯᠤᠯᠲᠠ᠎ᠶ᠋ᠢᠨ ᠺᠣᠮᠫᠠᠨᠢ᠎ᠶ᠋ᠢᠨ ᠠᠵᠢᠯᠲᠠᠨ᠄《ᠤᠤᠯ ᠨᠢ ᠬᠢᠵᠢᠭ᠎ᠦᠨ ᠪᠠᠢᠳᠠᠯ ᠳᠠᠭᠤᠰᠤᠭ᠍ᠰᠠᠨ᠎ᠤ ᠳᠠᠷᠠᠭ᠎ᠠ ᠰᠠᠶᠢ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠲᠦ ᠬᠦᠷᠴᠦ᠍ ᠫᠢᠶᠣᠣ ᠪᠠᠷᠢᠮᠲᠠ ᠭᠠᠷᠭᠠᠵᠤ ᠥᠭ᠌ᠭᠦᠨ᠎ᠡ ᠭᠡᠵᠦ᠍ ᠪᠤᠳᠤᠵᠤ ᠪᠠᠢᠭ᠍ᠰᠠᠨ᠂ ᠲᠡᠭᠡᠬᠦ ᠎ᠳᠦ ᠬᠠᠷᠢᠨ ᠬᠠᠨᠳᠢᠪᠯᠠᠭ᠍ᠰᠠᠨ ᠫᠢᠶᠣᠣ ᠪᠠᠷᠢᠮᠲᠠ᠎ᠶ᠋ᠢ ᠡᠯᠧᠺᠲ᠋ᠷᠤᠨᠴᠢᠯᠠᠭ᠍ᠰᠠᠨ᠎ᠤ ᠳᠠᠷᠠᠭ᠎ᠠ ᠡᠢᠮᠦ᠍ ᠲᠥᠬᠥᠮ ᠪᠣᠯᠤᠨ᠎ᠠ ᠭᠡᠵᠦ᠍ ᠪᠤᠳᠤᠵᠤ ᠣᠯᠤᠭ᠍ᠰᠠᠨ ᠥᠬᠡᠶ᠃ ᠬᠠᠨᠳᠢᠪᠯᠠᠨ ᠬᠦᠷᠭᠡᠬᠦ᠌ ᠬᠡᠯᠡᠯᠴᠡᠭᠡᠷ ᠲᠣᠭ᠍ᠲᠠᠭᠠᠬᠤ᠎ᠶ᠋ᠢᠨ ᠬᠠᠮᠲᠤ ᠡᠯᠧᠺᠲ᠋ᠷᠣᠨ ᠲᠠᠩᠰᠠ ᠱᠢᠯᠵᠢᠭᠦᠯᠦᠨ ᠥᠭ᠌ᠭᠦᠭ᠌ᠰᠡᠨ᠎ᠦ ᠳᠠᠷᠠᠭ᠎ᠠ᠂ ᠬᠠᠨᠳᠢᠪᠯᠠᠨ ᠬᠦᠷᠭᠡᠬᠦ᠌ ᠡᠯᠧᠺᠲ᠋ᠷᠣᠨ ᠫᠢᠶᠣᠣ ᠪᠠᠷᠢᠮᠲᠠ᠎ᠶ᠋ᠢ ᠣᠯᠤᠭ᠍ᠰᠠᠨ ᠪᠠᠢᠨ᠎ᠠ᠃ ᠡᠳ᠋᠎ᠦᠨ ᠶᠠᠪᠤᠳᠠᠯ᠎ᠤᠨ ᠠᠵᠢᠯᠲᠠᠨ ᠴᠤ᠌ ᠴᠠᠭᠠᠰᠤᠨ ᠪᠠᠷᠢᠮᠲᠠ ᠭᠠᠷᠭᠠᠵᠤ ᠥᠭ᠌ᠬᠦ ᠴᠢᠬᠤᠯᠠ ᠦᠭᠡᠢ᠂ ᠡᠯᠧᠺᠲ᠋ᠷᠣᠨ ᠪᠠᠷᠢᠮᠲᠠ᠎ᠪᠠᠷ ᠱᠢᠭᠤᠳ ᠳᠠᠩᠰᠠᠨ᠎ᠳᠤ ᠣᠷᠣᠭᠤᠯᠵᠤ ᠳᠠᠩᠰᠠ ᠡᠪᠬᠡᠮᠡᠯ᠎ᠳᠦ ᠣᠷᠣᠭᠤᠯᠵᠤ ᠪᠣᠯᠤᠨ᠎ᠠ᠂ ᠴᠠᠭ ᠪᠠ ᠬᠦᠴᠦ᠍ ᠠᠷᠪᠢᠯᠠᠬᠤ ᠲᠠᠯ᠎ᠠ ᠪᠡᠷ ᠨᠡᠩ ᠥᠨᠳᠥᠷ ᠪᠦᠲᠦᠮᠵᠢᠲᠡᠶ ᠪᠤᠯᠵᠡᠢ》 ᠭᠡᠵᠤ ᠪᠠᠢᠯ᠎ᠠ᠃

ᠬᠥᠬᠡᠬᠣᠲᠠ᠎ᠶ᠋ᠢᠨ ᠨᠢᠭᠡᠳᠦᠭᠡᠷ ᠡᠮᠨᠡᠯᠭᠡ᠎ᠡᠴᠡ ᠰᠠᠶᠢᠬᠠᠨ ᠭᠠᠷᠤᠭ᠍ᠰᠠᠨ ᠎ᠰᠦ᠍ ᠠᠪᠤᠭᠠᠶ ᠡᠯᠧᠺᠲ᠋ᠷᠣᠨ ᠫᠢᠶᠣᠣ ᠪᠠᠷᠢᠮᠲᠠ᠎ᠶ᠋ᠢᠨ ᠲᠤᠬᠠᠶ᠄ 《ᠡᠮᠨᠡᠯᠭᠡ᠎ᠳᠦ ᠬᠦᠷᠴᠦ᠍ ᠡᠪᠡᠳᠴᠢᠨ ᠦᠵᠡᠭᠦᠯᠬᠦ᠌᠎ᠳᠦ ᠬᠠᠮᠤᠭ᠎ᠠᠴᠠ ᠢᠯᠡᠭᠦᠦ ᠴᠠᠭ ᠵᠠᠷᠤᠴᠠᠭᠤᠯᠳᠠᠭ ᠨᠢ ᠮᠥᠷᠯᠡᠨ ᠳ᠋ᠤᠭᠠᠷᠯᠠᠬᠤ᠂ ᠰᠦᠶ᠋ᠳᠭᠡᠯ ᠲᠤᠱᠢᠶᠠᠬᠤ ᠶᠠᠪᠤᠳᠠᠯ ᠪᠣᠯᠤᠨ᠎ᠠ᠃ ᠢᠯᠠᠩᠭᠤᠶ᠎ᠠ ᠬᠢᠵᠢᠭ᠎ᠦᠨ ᠬᠤᠭᠤᠴᠠᠭᠠᠨ᠎ᠳᠤ᠂ ᠡᠮᠨᠡᠯᠭᠡ᠎ᠳᠦ ᠣᠴᠢᠵᠤ ᠮᠥᠷᠯᠡᠬᠦ᠌ ᠭᠡᠪᠡᠯ ᠲᠣᠯᠣᠭᠠᠶ ᠡᠪᠡᠳᠦᠨ᠎ᠡ᠃ ᠡᠨᠡ ᠤᠳᠠᠭ᠎ᠠ ᠡᠮᠨᠡᠯᠭᠡ᠎ᠳᠦ ᠣᠴᠢᠬᠤ᠎ᠳᠦ᠂ ᠡᠯᠧᠺᠲ᠋ᠷᠣᠨ ᠫᠢᠶᠣᠣ ᠪᠠᠷᠢᠮᠲᠠ ᠵᠢ ᠰᠦᠯᠵᠢᠶᠡᠨ᠎ᠳᠦ ᠨᠡᠪᠲᠡᠷᠡᠭᠦᠯᠦᠨ ᠠᠵᠢᠯᠯᠠᠭᠤᠯᠤᠭᠰᠠᠨ᠎ᠡᠴᠡ ᠪᠣᠯᠵᠣ ᠪᠦᠬᠦ ᠶᠠᠪᠤᠴᠠ ᠮᠠᠰᠢ ᠳᠦᠬᠦᠮ ᠲᠦᠳᠡ ᠪᠤᠯᠤᠭᠰᠠᠨ᠂ ᠬᠡᠷ᠎ᠲᠦ᠍᠎ᠪᠡᠨ ᠳ᠋ᠤᠭᠠᠷᠯᠠᠨ ᠰᠦᠶ᠋ᠳᠭᠡᠯ ᠲᠤᠱᠢᠶᠠᠵᠤ᠂ ᠡᠪᠡᠳᠴᠢᠨ᠎ᠢᠶᠡᠨ ᠦᠵᠡᠭᠦᠯᠦᠭ᠌ᠰᠡᠨ᠎ᠦ ᠳᠠᠷᠠᠭ᠎ᠠ ᠱᠢᠭᠤᠳ ᠡᠮ᠎ᠦᠨ ᠳᠡᠯᠭᠡᠭᠦᠷ᠎ᠲᠦ ᠬᠦᠷᠴᠦ᠍ ᠡᠮ᠎ᠢᠶᠡᠨ ᠠᠪᠴᠤ᠌᠂ ᠭᠠᠷ ᠤᠲᠠᠰᠤ᠎ᠪᠠᠷ ᠵᠠᠷᠤᠳᠠᠯ᠎ᠤᠨ ᠨᠠᠷᠢᠨ ᠪᠠᠢᠳᠠᠯ᠎ᠢ ᠪᠠᠢᠴᠠᠭᠠᠨ ᠦᠵᠡᠵᠦ᠍ ᠪᠤᠯᠬᠤ ᠪᠤᠯᠤᠭᠰᠠᠨ᠃ ᠲᠡᠷᠡ ᠮᠥᠷᠲᠡᠭᠡᠨ ᠰᠦᠯᠵᠢᠶᠡᠨ ᠳᠡᠭᠡᠷ᠎ᠡ ᠬᠡᠵᠢᠶ᠎ᠡ ᠴᠦ᠍ ᠭᠡᠰᠡᠨ ᠡᠯᠧᠺᠲ᠋ᠷᠣᠨ ᠫᠢᠶᠣᠣ ᠪᠠᠷᠢᠮᠲᠠ᠎ᠶ᠋ᠢ ᠪᠠᠢᠴᠠᠭᠠᠨ ᠦᠵᠡᠵᠦ᠍᠂ ᠫᠢᠶᠣᠣ ᠪᠠᠷᠢᠮᠲᠠ᠎ᠪᠠᠨ ᠭᠡᠭᠡᠭ᠌ᠰᠡᠨ᠎ᠡᠴᠡ ᠪᠣᠯᠵᠣ ᠲᠠᠩᠰᠠ ᠲᠠᠢᠯᠬᠤ᠎ᠶ᠋ᠢᠨ ᠠᠷᠭ᠎ᠠ ᠥᠬᠡᠶ ᠠᠰᠠᠭᠤᠳᠠᠯ ᠭᠠᠷᠬᠤ᠎ᠠᠴᠠ ᠵᠠᠢᠯᠠᠰᠭᠢᠵᠦ᠍ ᠴᠢᠳᠠᠨ᠎ᠠ》 ᠭᠡᠵᠤ ᠪᠠᠢᠪᠠ᠃

ᠡᠨᠡ ᠵᠢᠯ ᠲᠤᠬᠠᠶ᠎ᠶ᠋ᠢᠨ ᠭᠠᠵᠠᠷ᠎ᠤᠨ ᠬᠢᠵᠢᠭ᠎ᠦᠨ ᠪᠠᠢᠳᠠᠯ ᠭᠠᠷᠤᠭ᠍ᠰᠠᠨ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠢᠲᠠᠨ᠎ᠤ ᠨᠡᠢᠭᠡᠮᠯᠢᠭ ᠬᠠᠨᠳᠢᠪᠯᠠᠨ ᠬᠦᠷᠭᠡᠬᠦ᠌ ᠲᠥᠷᠥᠯ᠎ᠦᠨ ᠡᠯᠧᠺᠲ᠋ᠷᠣᠨ ᠫᠢᠶᠣᠣ ᠪᠠᠷᠢᠮᠲᠠ᠎ᠶ᠋ᠢ ᠨᠡᠢᠲᠡ 667 ᠬᠤᠪᠢ ᠭᠠᠷᠭᠠᠵᠤ᠂ ᠬᠣᠯᠪᠣᠭ᠍ᠳᠠᠭ᠍ᠰᠠᠨ ᠵᠣᠭᠣᠰ᠎ᠤᠨ ᠲᠣᠭ᠎ᠠ᠎ᠨᠢ 0.92 ᠳ᠋ᠦᠩᠱᠢᠭᠤᠷ ᠲᠥᠭᠥᠷᠢᠭ᠎ᠲᠦ ᠬᠦᠷᠴᠦ᠍᠂ ᠨᠡᠢᠭᠡᠮ᠎ᠦᠨ ᠬᠠᠢᠷ᠎ᠠ ᠬᠠᠯᠠᠮᠵᠢ᠎ᠶ᠋ᠢᠨ ᠠᠵᠤ ᠠᠬᠤᠢᠯᠠᠯ᠂ ᠬᠥᠮᠦᠰ᠎ᠦᠨ ᠨᠡᠢᠲᠡ᠎ᠶ᠋ᠢᠨ ᠠᠰᠠᠷᠠᠮᠵᠢ᠎ᠶ᠋ᠢᠨ ᠬᠠᠨᠳᠢᠪᠯᠠᠨ ᠬᠦᠷᠭᠡᠬᠦ᠌᠎ᠳᠦ ᠴᠠᠭ ᠲᠤᠬᠠᠶ᠎ᠳᠤᠨᠢ ᠳᠥᠭᠥᠮ ᠳᠥᠲᠡ ᠦᠶ᠋ᠯᠡᠴᠢᠯᠡᠭᠡ ᠬᠠᠩᠭᠠᠪᠠ᠃ ᠣᠳᠣᠬᠠᠨ᠎ᠳᠤ᠂ ᠪᠥᠬᠥ᠌ ᠣᠷᠣᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠢᠳᠡᠪᠬᠢᠲᠡᠶ ᠦᠷ᠎ᠡ ᠪᠦᠲᠦᠮᠵᠢ ᠣᠯᠵᠤ᠂ ᠡᠳ᠋᠎ᠦᠨ ᠵᠠᠰᠠᠭ᠎ᠤᠨ ᠡᠯᠧᠺᠲ᠋ᠷᠣᠨ ᠫᠢᠶᠣᠣ ᠪᠠᠷᠢᠮᠲᠠ᠎ᠶ᠋ᠢᠨ《ᠪᠥᠬᠥ᠌ ᠶᠠᠪᠤᠴᠠ᠎ᠳᠤ ᠠᠭᠤᠯᠵᠠᠬᠤ ᠥᠬᠡᠶ》ᠥᠨᠳᠥᠷ ᠪᠦᠲᠦᠮᠵᠢᠲᠡᠶ ᠦᠶ᠋ᠯᠡᠴᠢᠯᠡᠭᠡ᠎ᠨᠢ ᠴᠦ᠍ ᠥᠩᠭᠡᠷᠡᠭ᠌ᠰᠡᠨ᠎ᠲᠡᠶ᠎ᠪᠡᠨ ᠠᠳᠠᠯᠢ᠎ᠪᠠᠷ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠳᠦ ᠬᠦᠴᠦᠨ ᠨᠡᠮᠡᠷᠢᠯᠡᠵᠦ᠍᠂ ᠠᠵᠤ ᠠᠬᠤᠶ ᠨᠡᠢᠭᠡᠮ᠎ᠦᠨ ᠥᠨᠳᠥᠷ ᠪᠦᠲᠦᠮᠵᠢᠲᠡᠶ ᠠᠵᠢᠯᠯᠠᠭ᠎ᠠ ᠬᠢᠭᠡᠳ ᠴᠢᠨᠠᠷ ᠰᠠᠢᠲᠠᠶ ᠬᠥᠭ᠌ᠵᠢᠯᠲᠡ᠎ᠳᠦ ᠦᠶ᠋ᠯᠡᠴᠢᠯᠡᠵᠦ᠍ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面