ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-04-07 11:42:00

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠭᠤᠴᠢᠨ ᠵᠢᠷᠭᠤᠳᠤᠭᠠᠷ ᠲᠠᠯᠠᠪᠠᠶ᠎ᠶ᠋ᠢᠨ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ ᠵᠠᠷᠯᠠᠭ᠍ᠰᠠᠨ ᠨᠢ᠂ ᠦᠨᠳᠦᠰᠦᠨ ᠱᠠᠲᠤᠨ᠎ᠤ ᠡᠮᠴᠢᠯᠡᠭᠡᠨ᠎ᠦ ᠪᠠᠢᠭᠤᠯᠤᠮᠵᠢ᠎ᠶ᠋ᠢᠨ ᠪᠥᠭᠡᠮ ᠬᠦᠴᠢᠯ᠎ᠦᠨ᠎ᠪᠠᠢᠴᠠᠭᠠᠯᠲᠠ᠎ᠶ᠋ᠢᠨ ᠲᠦᠷ ᠴᠠᠭ᠎ᠤᠨ ᠥᠯᠢᠭᠡᠷ ᠠᠪᠬᠤ ᠴᠡᠭ᠎ᠦᠨ ᠲᠣᠭ᠎ᠠ ᠬᠡᠮᠵᠢᠶ᠎ᠡ᠎ᠶ᠋ᠢ ᠤᠯᠠᠮ ᠨᠢᠭᠡ ᠠᠯᠬᠤᠮ ᠨᠡᠮᠡᠭ᠌ᠳᠡᠭᠦᠯᠦᠨ᠎ᠡ᠃

ᠬᠥᠬᠡᠬᠣᠲᠠ᠎ᠶ᠋ᠢᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠎ᠦᠨ ᠳᠡᠳ᠋ ᠡᠷᠬᠢᠯᠡᠭ᠌ᠴᠢ ᠸᠠᠩ ᠳ᠋ᠠ ᠸᠧᠶ ᠲᠠᠨᠢᠯᠴᠠᠭᠤᠯᠬᠤ᠎ᠳᠠᠭᠠᠨ᠂ ᠬᠥᠬᠡᠬᠣᠲᠠ᠎ᠶ᠋ᠢᠨ᠎ᠬᠢᠨ ᠪᠥᠭᠡᠮ ᠬᠦᠴᠢᠯ᠎ᠦᠨ ᠪᠠᠢᠴᠠᠭᠠᠨ ᠬᠡᠮᠵᠢᠯᠲᠡ ᠬᠢᠵᠦ᠍ ᠪᠣᠯᠬᠤ ᠬᠣᠶᠠᠳᠤᠭᠠᠷ ᠳᠡᠰ᠎ᠠᠴᠠ ᠳᠡᠭᠡᠭ᠌ᠰᠢᠬᠢ ᠠᠯᠪᠠᠨ᠎ᠠᠴᠠ ᠪᠠᠢᠭᠤᠯᠤᠭ᠍ᠰᠠᠨ ᠡᠮᠴᠢᠯᠡᠭᠡᠨ᠎ᠦ ᠪᠠᠢᠭᠤᠯᠤᠮᠵᠢ᠎ᠳᠤ ᠥᠯᠢᠭᠡᠷ᠎ᠠᠪᠬᠤ ᠪᠠ ᠪᠠᠢᠴᠠᠭᠠᠨ ᠬᠡᠮᠵᠢᠬᠦ᠌ ᠠᠵᠢᠯᠲᠠᠨ ᠨᠡᠮᠡᠵᠦ᠍᠂ 24 ᠴᠠᠭ᠎ᠲᠤ ᠪᠠᠢᠴᠠᠭᠠᠨ ᠬᠡᠮᠵᠢᠬᠦ᠌᠎ᠶ᠋ᠢ ᠪᠠᠲᠤᠯᠠᠨ᠎ᠠ᠃ ᠥᠪᠡᠷ᠎ᠦᠨ ᠪᠠᠢᠴᠠᠭᠠᠬᠤ ᠴᠢᠳᠠᠪᠤᠷᠢ᠎ᠨᠢ ᠬᠦᠷᠦᠯᠴᠡᠬᠦ᠌ ᠥᠬᠡᠶ ᠦᠶ᠎ᠡ᠎ᠳᠦ᠂ ᠥᠯᠢᠭᠡᠷ᠎ᠢ᠎ᠨᠢ ᠭᠤᠷᠪᠠᠳᠠᠬᠢ ᠡᠲᠡᠭᠡᠳ᠎ᠦᠨ ᠪᠠᠢᠴᠠᠭᠠᠬᠤ ᠪᠠᠢᠭᠤᠯᠤᠮᠵᠢ᠎ᠳᠤ ᠴᠠᠭ ᠲᠤᠬᠠᠶ᠎ᠳᠤᠨᠢ ᠱᠢᠯᠵᠢᠭᠦᠯᠦᠨ ᠬᠦᠷᠭᠡᠵᠦ᠍ ᠪᠠᠢᠴᠠᠭᠠᠯᠭᠠᠵᠦ ᠪᠣᠯᠤᠨ᠎ᠠ᠃ ᠠᠯᠪᠠᠨ᠎ᠠᠴᠠ ᠪᠠᠢᠭᠤᠯᠤᠭ᠍ᠰᠠᠨ ᠡᠮᠴᠢᠯᠡᠭᠡᠨ᠎ᠦ ᠪᠠᠢᠭᠤᠯᠤᠮᠵᠢ᠎ᠨᠢ ᠬᠠᠮᠲᠤ᠎ᠳᠤᠨᠢ ᠭᠠᠭ᠍ᠴᠠ ᠬᠥᠮᠦᠨ ᠭᠠᠭ᠍ᠴᠠᠭᠠᠷ ᠪᠠᠢᠴᠠᠭᠠᠬᠤ ᠪᠠ ᠣᠯᠠᠨ ᠬᠥᠮᠦᠨ ᠬᠣᠯᠢᠯᠳᠤᠨ ᠪᠠᠢᠴᠠᠭᠠᠬᠤ ᠬᠣᠶᠠᠷ ᠵᠦᠶ᠋ᠯ᠎ᠦᠨ ᠦᠶ᠋ᠯᠡᠴᠢᠯᠡᠭᠡᠨ᠎ᠦ ᠰᠣᠩᠭᠣᠯᠲᠠ᠎ᠶ᠋ᠢ ᠬᠠᠩᠭᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠱᠠᠭᠠᠷᠳᠠᠯᠭ᠎ᠠ᠎ᠳᠤ ᠨᠡᠢᠴᠡᠭ᠌ᠰᠡᠨ ᠤᠷᠢᠲᠠᠯ ᠳᠤᠤᠷ᠎ᠠ᠂ 《ᠪᠠᠢᠴᠠᠭᠠᠬᠤ ᠳᠤᠷᠠᠲᠠᠶ᠎ᠶ᠋ᠢ᠎ᠨᠢ ᠪᠦᠬᠦᠨ᠎ᠢ ᠪᠠᠢᠴᠠᠭᠠᠬᠤ》 ᠣᠯᠠᠨ ᠲᠦᠮᠡᠨ᠎ᠦ ᠰᠠᠢᠨ ᠳᠤᠷ᠎ᠠ᠎ᠠᠴᠠ᠎ᠪᠠᠨ ᠰᠣᠩᠭᠣᠯᠲᠠ ᠬᠢᠬᠦ᠌᠎ᠶ᠋ᠢ ᠵᠥᠪᠱᠢᠶᠡᠷᠡᠨ᠎ᠡ᠃ ᠡᠭᠦᠨ᠎ᠦ ᠬᠠᠮᠲᠤ ᠨᠥᠬᠥᠴᠡᠯ᠎ᠳᠦ ᠨᠡᠢᠴᠡᠬᠦ᠌ ᠦᠨᠳᠦᠰᠦᠨ ᠱᠠᠲᠤᠨ᠎ᠤ ᠡᠮᠴᠢᠯᠡᠭᠡᠨ᠎ᠦ ᠪᠠᠢᠭᠤᠯᠤᠮᠵᠢ᠎ᠳᠤ ᠲᠦᠷ ᠴᠠᠭ᠎ᠤᠨ ᠥᠯᠢᠭᠡᠷ ᠠᠪᠬᠤ ᠴᠡᠭ ᠭᠠᠷᠭᠠᠵᠤ᠂ ᠪᠥᠭᠡᠮ ᠬᠦᠴᠢᠯ᠎ᠦᠨ ᠥᠯᠢᠭᠡᠷ ᠠᠪᠬᠤ ᠠᠵᠢᠯ᠎ᠢ ᠲᠦᠷᠭᠡᠬᠡᠨ ᠥᠷᠨᠢᠭᠦᠯᠦᠨ᠎ᠡ ᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面