2022-04-06 17:53:02
ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ ( 36 ᠳ᠋ᠤᠭᠠᠷ ᠲᠠᠯᠠᠪᠤᠷ ) ᠳᠡᠭᠡᠷ᠎ᠡ᠂ ᠬᠥᠬᠡᠬᠣᠲᠠ᠎ᠶ᠋ᠢᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠎ᠦᠨ ᠳᠡᠳ᠋ ᠡᠷᠬᠢᠯᠡᠭ᠌ᠴᠢ ᠸᠠᠩ ᠳ᠋ᠠ ᠸᠧᠶ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ ᠠᠷᠭ᠎ᠠ ᠬᠡᠮᠵᠢᠶ᠎ᠡ᠎ᠶ᠋ᠢ ᠵᠠᠷᠯᠠᠨ ᠮᠡᠳᠡᠭ᠌ᠳᠡᠪᠡ᠃
ᠢᠳᠡᠭᠡᠨ ᠤᠮᠳᠠᠭᠠᠨ᠎ᠤ ᠠᠵᠢᠯ ᠲᠥᠷᠥᠯ᠎ᠦᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠣᠳᠣᠬᠠᠨ᠎ᠤ ᠬᠢᠵᠢᠭ᠎ᠢ ᠰᠡᠷᠭᠡᠢᠯᠡᠬᠦ᠌ ᠲᠥᠷᠥ᠎ᠶ᠋ᠢᠨ ᠪᠣᠳᠣᠯᠭ᠎ᠠ᠎ᠶ᠋ᠢ ᠦᠨᠳᠦᠰᠦᠯᠡᠨ᠂ ᠠᠵᠢᠯᠯᠠᠵᠤ ᠪᠠᠢᠭ᠎ᠠ ᠬᠥᠮᠦᠰ᠎ᠦᠨ ᠡᠷᠡᠭᠦᠯ ᠮᠡᠨᠳᠦ᠍᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠵᠤ᠂ ᠡᠳᠦᠷ ᠲᠤᠲᠤᠮ᠎ᠤᠨ ᠡᠷᠡᠭᠦᠯ ᠮᠡᠨᠳᠦ᠍᠎ᠶ᠋ᠢᠨ ᠱᠢᠯᠭᠠᠨ ᠪᠠᠢᠴᠠᠭᠠᠯᠲᠠ᠎ᠶ᠋ᠢ ᠴᠢᠩᠭᠠᠳᠭᠠᠵᠤ᠂ ᠠᠮᠠᠪᠴᠢ ᠵᠡᠭᠦᠬᠦ᠌᠂ ᠪᠡᠭᠡᠯᠡᠶ ᠵᠡᠭᠦᠬᠦ᠌᠂ ᠪᠡᠶ᠎ᠡ᠎ᠶ᠋ᠢᠨ ᠲᠤᠯᠠᠭᠠᠨ᠎ᠢ ᠬᠡᠮᠵᠢᠬᠦ᠌᠂ ᠺᠣᠳ᠋ ᠱᠢᠷᠪᠢᠬᠦ᠌ ᠵᠡᠷᠭᠡ ᠡᠳᠦᠷ ᠲᠤᠲᠤᠮ᠎ᠤᠨ ᠠᠮᠤᠷ ᠲᠦᠪᠱᠢᠨ᠎ᠦ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠩᠭᠠᠳᠬᠠᠨ᠎ᠠ; ᠡᠵᠡᠩᠨᠡᠯᠲᠡ᠎ᠶ᠋ᠢᠨ ᠲᠠᠯᠠᠪᠤᠷ ᠭᠠᠵᠠᠷ᠎ᠤᠨ ᠠᠷᠢᠭᠤᠳᠭᠠᠬᠤ᠎ᠵᠢ ᠴᠢᠩᠭᠠᠳᠭᠠᠵᠤ᠂ ᠢᠯᠠᠩᠭᠤᠶ᠎ᠠ ᠵᠣᠭᠣᠰ ᠬᠤᠷᠢᠶᠠᠬᠤ ᠭᠠᠵᠠᠷ᠂ ᠴᠠᠬᠢᠯᠭᠠᠨ ᠱᠠᠲᠤ᠂ ᠠᠷᠢᠭᠤᠨ ᠴᠡᠪᠡᠷ᠎ᠦᠨ ᠲᠠᠰᠤᠯᠭ᠎ᠠ ᠵᠡᠷᠭᠡ ᠣᠯᠠᠨ ᠨᠡᠢᠲᠡ᠎ᠶ᠋ᠢᠨ ᠲᠥᠬᠥᠭᠡᠷᠦᠮᠵᠢ ᠪᠠ ᠡᠭᠦᠳᠡᠨ ᠪᠠᠷᠢᠭᠤᠯ ᠵᠡᠷᠭᠡ ᠪᠣᠳᠠᠰ᠎ᠤᠨ ᠭᠠᠳᠠᠷᠭᠤ᠎ᠶᠢᠨ ᠠᠷᠢᠭᠤᠳᠭᠠᠯᠢ ᠰᠠᠢᠲᠤᠷ ᠬᠢᠬᠦ᠌ ᠬᠡᠷᠡᠭ᠌ᠲᠡᠶ; ᠢᠳᠡᠭᠡᠨ᠎ᠦ ᠠᠶᠤᠯ ᠦᠭᠡᠶ᠎ᠶ᠋ᠢᠨ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠴᠢᠩᠭᠠᠷᠠᠭᠤᠯᠤᠨ᠂ ᠪᠠᠷᠠᠭ᠎ᠠ ᠣᠷᠣᠭᠤᠯᠬᠤ᠎ᠳᠤ ᠪᠠᠢᠴᠠᠭᠠᠨ ᠱᠢᠯᠭᠠᠬᠤ ᠵᠢᠴᠢ ᠭᠡᠷᠡᠴᠢ ᠪᠠ ᠫᠢᠶᠣᠣ ᠪᠠᠷᠢᠮᠲᠠ ᠠᠪᠬᠤ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠲᠦᠭᠦᠬᠡᠶ ᠮᠠᠲᠧᠷᠢᠶᠠᠯ ᠢ ᠬᠤᠳᠠᠯᠳᠤᠨ ᠣᠷᠣᠭᠤᠯᠬᠤ᠂ ᠬᠠᠳᠠᠭᠠᠯᠠᠬᠤ᠂ ᠠᠵᠢᠯᠯᠠᠭᠤᠯᠬᠤ᠂ ᠶᠠᠰᠤ ᠴᠢᠨᠠᠷ᠎ᠢ ᠪᠠᠲᠤᠯᠠᠬᠤ ᠵᠡᠷᠭᠡ ᠭᠣᠣᠯᠳᠠᠯᠭ᠎ᠠ᠎ᠲᠠᠶ ᠵᠠᠩᠭᠢᠯᠠᠭ᠎ᠠ᠎ᠳᠠᠬᠢ ᠬᠠᠮᠢᠶᠠᠷᠤᠯᠲᠠ᠎ᠪᠠᠨ ᠴᠢᠩᠭᠠᠳᠭᠠᠨ᠂ ᠢᠳᠡᠭᠡᠨ᠎ᠦ ᠮᠠᠲᠧᠷᠢᠶᠠᠯ᠎ᠤᠨ ᠠᠶᠤᠯ ᠦᠭᠡᠶ᠎ᠶ᠋ᠢ ᠦᠨᠡᠨᠬᠦ᠌ ᠪᠠᠲᠤᠯᠠᠬᠤ ᠬᠡᠷᠡᠭ᠌ᠲᠡᠶ; ᠬᠡᠷᠡᠭ᠌ᠯᠡᠭ᠌ᠴᠢᠳ᠎ᠦᠨ ᠪᠡᠶ᠎ᠡ᠎ᠶ᠋ᠢᠨ ᠲᠤᠯᠠᠭᠠᠨ᠎ᠢ ᠬᠡᠮᠵᠢᠬᠦ᠌᠂ ᠠᠮᠠᠪᠴᠢ ᠵᠡᠭᠦᠬᠦ᠌ ᠪᠠ 《ᠬᠥᠬᠡᠬᠣᠲᠠ᠎ᠶ᠋ᠢᠨ ᠺᠣᠳ᠋》 ᠢ ᠪᠠᠢᠴᠠᠭᠠᠨ ᠱᠢᠯᠭᠠᠬᠤ ᠵᠡᠷᠭᠡ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠬᠡᠷᠡᠭ᠌ᠯᠡᠭ᠌ᠴᠢᠳ ᠠᠮᠠᠪᠴᠢ ᠵᠡᠭᠦᠵᠦ᠍᠂ ᠲᠣᠰ ᠳᠡᠯᠭᠡᠭᠦᠷ᠎ᠦᠨ 《 ᠬᠥᠬᠡᠬᠣᠲᠠ᠎ᠶ᠋ᠢᠨ ᠺᠣᠳ᠋》 ᠢ ᠰᠢᠷᠪᠢᠵᠦ᠂ ᠪᠡᠶ᠎ᠡ᠎ᠶ᠋ᠢᠨ ᠲᠤᠯᠠᠭᠠᠨᠶ᠋ᠢᠡᠨ ᠬᠡᠮᠵᠢᠭᠡᠳ ᠬᠡᠪ᠎ᠦᠨ ᠪᠤᠯ ᠰᠠᠶᠢ ᠳᠡᠯᠭᠡᠭᠦᠷ᠎ᠲᠦ ᠣᠷᠣᠵᠤ ᠬᠡᠷᠡᠭ᠌ᠯᠡᠭᠡ ᠬᠢᠵᠦ᠍ ᠪᠣᠯᠤᠨ᠎ᠠ; ᠬᠣᠭᠣᠯᠠᠯᠠᠬᠤ ᠣᠷᠴᠢᠨ ᠲᠣᠭᠣᠷᠢᠨ᠎ᠳᠤ ᠵᠠᠷᠢᠮ ᠬᠢᠵᠠᠭᠠᠷᠯᠠᠯ ᠲᠣᠭ᠍ᠲᠠᠭᠠᠪᠠ᠂ ᠵᠢᠱ᠌ᠢᠶᠡᠯᠡᠪᠡᠯ ᠳᠡᠯᠭᠡᠭᠦᠷ᠎ᠦᠨ ᠳᠣᠲᠣᠨ᠎ᠠ ᠭᠠᠳᠠᠨᠠᠬᠢ ᠬᠥᠮᠦᠰ᠎ᠦᠨ ᠠᠮᠠᠷᠬᠠᠨ ᠴᠤᠭ᠍ᠯᠠᠷᠠᠬᠤ ᠣᠷᠣᠨ᠎ᠳᠤ 《ᠨᠢᠭᠡ ᠮᠧᠲ᠋ᠷ᠎ᠦᠨ ᠱᠤᠭᠤᠮ 》 ᠵᠢᠷᠤᠵᠤ᠂ ᠬᠣᠭᠣᠯᠠ ᠢᠳᠡᠬᠦ᠌ ᠬᠥᠮᠦᠰ ᠵᠣᠬᠢᠬᠤ ᠵᠠᠶ᠎ᠲᠠᠶ ᠪᠠᠢᠬᠤ᠎ᠶ᠋ᠢ ᠪᠠᠲᠤᠯᠠᠵᠤ᠂ ᠬᠣᠭᠣᠯᠠ ᠢᠳᠡᠬᠦ᠌ ᠬᠥᠮᠦᠰ᠎ᠦᠨ ᠲᠣᠭ᠎ᠠ᠎ᠶ᠋ᠢ ᠬᠦᠯᠢᠶᠡᠨ ᠠᠪᠬᠤ ᠴᠢᠳᠠᠪᠤᠷᠢ᠎ᠶ᠋ᠢᠨ 50% ᠪᠡᠷ ᠬᠢᠵᠠᠭᠠᠷᠯᠠᠵᠤ᠂ ᠬᠤᠪᠢᠶᠠᠨ ᠬᠣᠭᠣᠯᠠᠯᠠᠬᠤ ᠳᠦᠷᠢᠮ᠎ᠢ ᠰᠠᠨᠠᠭᠠᠴᠢᠯᠠᠵᠤ᠂ ᠨᠡᠢᠲᠡ᠎ᠶ᠋ᠢᠨ ᠰᠠᠪᠬ᠎ᠠ ᠨᠡᠢᠲᠡ᠎ᠶ᠋ᠢᠨ ᠱᠢᠨᠠᠭ᠎ᠠ ᠬᠠᠩᠭᠠᠬᠤ ᠵᠡᠷᠭᠡ ᠪᠣᠯᠤᠨ᠎ᠠ᠃ ᠣᠪᠣᠭᠠᠷᠠᠬᠤ ᠦᠭᠡᠶ᠂ ᠴᠤᠭ᠍ᠯᠠᠷᠠᠬᠤ ᠦᠭᠡᠶ ᠪᠠᠢᠬᠤ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠨ᠂ ᠳᠠᠢᠯᠠᠯᠭ᠎ᠠ᠂ ᠪᠠᠶᠠᠷ᠎ᠤᠨ ᠶᠣᠰᠣᠯᠠᠯ᠂ ᠬᠤᠷᠠᠯ᠎ᠤᠨ ᠬᠣᠭᠣᠯᠠ ᠵᠡᠷᠭᠡ ᠴᠤᠭ᠍ᠯᠠᠷᠠᠯ᠎ᠤᠨ ᠴᠢᠨᠠᠷᠲᠠᠶ ᠬᠣᠭᠣᠯᠠ᠎ᠶ᠋ᠢ ᠲᠦᠷ ᠨᠡᠭᠡᠭᠡᠬᠦ᠌ ᠦᠭᠡᠶ ᠪᠠᠢᠵᠤ᠂ ᠬᠣᠭᠣᠯᠠᠨ᠎ᠤ ᠠᠮᠤᠷ ᠲᠦᠪᠱᠢᠨ᠎ᠢ ᠦᠨᠡᠨᠬᠦ᠌ ᠪᠠᠲᠤᠯᠠᠬᠤ ᠬᠡᠷᠡᠭ᠌ᠲᠡᠶ᠃
ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃