ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠣᠷᠢᠭᠯᠠᠯᠲᠠ᠎ᠶ᠋ᠢᠨ ᠳᠠᠢᠯᠠᠯᠳᠤᠭᠠᠨ᠎ᠤ᠋ ᠢᠯᠠᠯᠲᠠ᠎ᠶ᠋ᠢ ᠡᠷᠡᠰ ᠣᠯᠰᠤᠭᠠᠢ

2022-04-09 22:02:09

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠠᠩᠬᠠᠷᠤᠯ ᠵᠢᠡᠨ ᠬᠠᠨᠳᠤᠭᠤᠯᠤᠨ᠎ᠠ ᠤᠤ?

ᠬᠥᠬᠡᠬᠣᠲᠠ ᠱᠢᠨ᠎ᠡ ᠲᠢᠲᠢᠮᠯᠢᠭ ᠸᠢᠷᠦ᠋ᠰ᠎ᠦᠨ ᠪᠥᠭᠡᠮ ᠬᠦᠴᠢᠯ᠎ᠦᠨ ᠪᠠᠢᠴᠠᠭᠠᠯᠳᠠ᠎ᠵᠢᠨ 1 ᠬᠥᠮᠦᠨ᠎ᠢ 1 ᠪᠠᠢᠴᠠᠭᠠᠬᠤ ᠲᠥᠷᠥᠯ ᠵᠦᠶ᠋ᠯ᠎ᠤᠨ ᠦᠨ᠎ᠠ᠎ᠶᠢ 35 ᠲᠥᠭᠥᠷᠢᠭ / ᠬᠥᠮᠦᠨ ᠤᠳᠠᠭ᠎ᠠ ᠡᠴᠡ 28 ᠲᠥᠭᠥᠷᠢᠭ / ᠬᠥᠮᠦᠨ ᠤᠳᠠᠭ᠎ᠠ ᠪᠤᠯᠭᠠᠨ ᠪᠠᠭᠤᠷᠠᠭᠤᠯᠵᠠᠶ᠃

ᠬᠣᠯᠢᠮᠠᠭ ᠪᠠᠢᠴᠠᠭᠠᠯᠲᠠ ᠵᠢᠨ ᠦᠯᠢᠭᠡᠷ ᠎ᠤᠨ ᠲᠤᠭ᠎ᠠ ᠬᠡᠮᠵᠢᠶ᠎ᠠ ᠵᠢ ᠢᠯᠭᠠᠬᠤ ᠦᠭᠡᠢ ᠲᠦᠷᠦᠯ ᠵᠦᠢᠯ ᠨᠢ ᠬᠠᠮᠤᠭ ᠎ᠤᠨ ᠥᠨᠳᠥᠷ᠎ᠲᠡᠬᠡᠨ 8 ᠲᠥᠭᠥᠷᠢᠭ/ ᠬᠥᠮᠦᠨ ᠤᠳᠠᠭ᠎ᠠ ᠡᠴᠡ 6 ᠲᠥᠭᠥᠷᠢᠭ / ᠬᠥᠮᠦᠨ ᠤᠳᠠᠭ᠎ᠠ ᠪᠣᠯᠭᠠᠨ ᠨᠢᠭᠡᠳᠦᠯᠲᠡᠶ ᠲᠣᠬᠢᠷᠠᠭᠤᠯᠪᠡ᠃

ᠪᠣᠳᠠᠲᠠᠶ ᠠᠭᠤᠯᠭ᠎ᠠ ᠄

ᠬᠥᠬᠡᠬᠣᠲᠠ᠎ᠶ᠋ᠢᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠂ ᠲᠦᠷᠦ ᠵᠢᠨ ᠶᠠᠪᠤᠳᠠᠯ ᠎ᠤᠨ ᠬᠤᠷᠢᠶᠠᠨ ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠠᠷᠭᠠᠴᠠᠭᠠᠬᠤ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠠᠴᠠ᠎ᠶ᠋ᠢᠨ ᠡᠮᠴᠢᠯᠡᠭᠡᠨ᠎ᠦ ᠠᠪᠤᠷᠠᠨ ᠵᠠᠰᠠᠬᠤ ᠳᠤᠭᠤᠢᠯᠠᠩ᠎ᠤᠨ ᠱᠠᠭᠠᠷᠳᠠᠯᠭ᠎ᠠ᠎ᠶ᠋ᠢ ᠢᠳᠡᠪᠬᠢᠲᠡᠶ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠡ ᠥᠭᠡᠷᠡᠴᠢᠯᠡᠯᠲᠡ᠎ᠶ᠋ᠢᠨ ᠵᠥᠪᠯᠡᠯ᠎ᠲᠡᠶ ᠬᠠᠮᠲᠤᠷᠠᠨ᠂ ᠡᠳ᠋᠎ᠦᠨ ᠵᠠᠰᠠᠭ᠎ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ 《ᠱᠢᠨ᠎ᠡ ᠲᠢᠲᠢᠮᠯᠢᠭ ᠸᠢᠷᠦ᠋ᠰ᠎ᠦᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠲᠥᠷᠥᠯ ᠵᠦᠶ᠋ᠯ᠎ᠦᠨ ᠦᠨ᠎ᠡ᠎ᠶ᠋ᠢ ᠲᠣᠬᠢᠷᠠᠭᠤᠯᠬᠤ ᠲᠤᠬᠠᠶ ᠮᠡᠳᠡᠭ᠌ᠳᠡᠯ》 ( ᠥᠪᠥᠷ ᠮᠤᠩᠭᠤᠯ ᠎ᠤᠨ ᠡᠮᠴᠢᠯᠡᠭᠡᠨ᠎ᠦ ᠳᠠᠭᠠᠳᠭᠠᠯ᠎ᠤᠨ [2022] 69 ᠳ᠋ᠤᠭᠡᠷ ᠲᠣᠭᠠᠲᠤ)᠎ᠢ ᠳᠠᠷᠤᠮᠠᠯᠯᠠᠨ ᠲᠠᠷᠬᠠᠭᠠᠪᠠ᠂ ᠬᠦᠬᠡᠬᠤᠳᠠ ᠱᠢᠨ᠎ᠡ ᠲᠢᠲᠢᠮᠯᠢᠭ ᠸᠢᠷᠦ᠋ᠰ᠎ᠦᠨ ᠪᠥᠭᠡᠮ ᠬᠦᠴᠢᠯ᠎ᠦᠨ 1 ᠬᠥᠮᠦᠨ᠎ᠦ 1 ᠪᠠᠢᠴᠠᠭᠠᠬᠤ ᠲᠥᠷᠥᠯ ᠵᠦᠶ᠋ᠯ᠎ᠦᠨ ᠦᠨ᠎ᠡ᠎ᠶ᠋ᠢ ᠬᠥᠮᠦᠨ ᠪᠦᠷᠢ ᠤᠳᠠᠭ᠎ᠠ ᠪᠦᠷᠢ 35 ᠲᠥᠭᠥᠷᠢᠭ ᠪᠠᠢᠭ᠍ᠰᠠᠨ᠎ᠠᠴᠠ 28 ᠲᠥᠭᠥᠷᠢᠭ ᠪᠣᠯᠭᠠᠨ ᠪᠠᠭᠤᠷᠠᠭᠤᠯᠪᠠ᠂ ᠬᠣᠯᠢᠮᠠᠭ ᠪᠠᠢᠴᠠᠭᠠᠯᠲᠠ᠎ᠳᠦ ᠦᠯᠢᠭᠡᠷ ᠎ᠤᠨ ᠲᠤᠭ᠎ᠠ ᠬᠡᠮᠵᠢᠶ᠎ᠠ ᠵᠢ ᠢᠯᠭᠠᠬᠤ ᠦᠭᠡᠢ ᠲᠦᠷᠦᠯ ᠵᠦᠢᠯ ᠎ᠤᠨ ᠦᠨ᠎ᠠ ᠵᠢ ᠬᠠᠮᠤᠭ ᠎ᠤᠨ ᠥᠨᠳᠥᠷ᠎ᠲᠡᠬᠡᠨ 8 ᠲᠥᠭᠥᠷᠢᠭ / ᠬᠥᠮᠦᠨ ᠤᠳᠠᠭ᠎ᠠ᠎ᠶ᠋ᠢ 6 ᠲᠥᠭᠥᠷᠢᠭ / ᠬᠥᠮᠦᠨ ᠤᠳᠠᠭ᠎ᠠ ᠪᠣᠯᠭᠠᠨ ᠨᠢᠭᠡᠳᠦᠯᠲᠡᠶ ᠲᠣᠬᠢᠷᠠᠭᠤᠯᠤᠨ᠎ᠠ᠂ ᠰᠦᠶ᠋ᠳᠭᠡᠯ ᠬᠤᠷᠢᠶᠠᠬᠤ ᠪᠠᠷᠢᠮᠵᠢᠶ᠎ᠠ᠎ᠳᠤ ᠪᠠᠢᠴᠠᠭᠠᠬᠤ ᠤᠷᠪᠠᠯᠵᠢ ᠪᠠᠭ᠍ᠲᠠᠨ᠎ᠠ᠃ ᠣᠯᠠᠨ ᠲᠦᠮᠡᠨ ᠲᠠᠩ ᠭᠠᠭ᠍ᠴᠠ ᠪᠥᠭᠡᠮ ᠬᠦᠴᠢᠯ᠎ᠦᠨ ᠪᠠᠢᠴᠠᠭᠠᠯᠳᠡ ᠬᠢᠬᠦ᠌᠎ᠳᠦ ᠭᠦᠷᠪᠡᠯ᠂ ᠡᠮᠴᠢᠯᠡᠭᠡᠨ᠎ᠦ ᠪᠠᠢᠭᠤᠯᠤᠮᠵᠢ ᠡᠭᠦᠳᠡᠨ ᠡᠮᠨᠡᠯᠭᠡ᠎ᠶ᠋ᠢᠨ ᠣᠨᠣᠱᠢᠯᠠᠨ ᠪᠠᠢᠴᠠᠭᠠᠬᠤ ᠰᠦᠶ᠋ᠳᠭᠡᠯ ᠬᠤᠷᠢᠶᠠᠵᠤ ᠪᠣᠯᠬᠤ ᠥᠬᠡᠶ᠃ ᠦᠨ᠎ᠡ ᠶ᠋ᠢᠨ ᠲᠣᠬᠢᠷᠠᠭᠤᠯᠤᠯᠲᠠ᠎ᠶ᠋ᠢ 4 ᠰᠠᠷ᠎ᠠ᠎ᠶ᠋ᠢᠨ 8 ᠎ᠤ ᠡᠳᠦᠷ᠎ᠡᠴᠡ ᠡᠬᠢᠯᠡᠵᠦ᠍ ᠬᠡᠷᠡᠭ᠌ᠵᠢᠭᠦᠯᠦᠨ᠎ᠡ᠃

ᠢᠷᠡᠯᠳᠡ᠄ ᠭᠦᠭᠡᠬᠤᠳᠡ ᠵᠢᠨ ᠡᠳᠤᠷ ᠎ᠤᠨ ᠰᠤᠨᠢᠨ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面